ᠪᠦᠬᠦ ᠬᠤᠲᠠ ᠶᠢᠨ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 11 ᠤ ᠡᠳᠦᠷ᠂ ᠪᠦᠬᠦ ᠬᠤᠲᠠ ᠶᠢᠨ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠭᠦᠸᠧ ᠢ ᠵᠢᠶᠧ᠂ ᠸᠠᠩ ᠵᠢᠶ ᠫᠢᠩ ᠣᠷᠣᠯᠴᠠᠪᠡ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠳᠠ ᠲᠣᠭᠤᠷᠢᠭ ᠪᠣᠯᠤᠨ ᠬᠤᠯᠪᠤᠭᠳᠠᠯ ᠪᠦᠬᠦᠢ ᠠᠵᠤ ᠠᠬᠤᠶᠢᠯᠠᠯ ᠨᠡᠶᠢᠳᠬᠡᠬᠦ ᠠᠵᠢᠯ ᠤᠨ ᠲᠤᠷᠰᠢᠯᠭ᠎ᠠ ᠠᠷᠭ᠎ᠠ ᠬᠢᠳᠡᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠬᠠᠶᠢᠷᠤᠪ ᠤᠨ ᠲᠤᠬᠤᠢ ᠲᠣᠭᠤᠷᠢᠭ᠂ ᠬᠠᠶᠢᠨᠠᠨ ᠲᠣᠭᠤᠷᠢᠭ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠡ᠃      ᠼᠦᠢ ᠵᠢᠩ ᠶᠢᠩ ᠬᠡᠯᠡᠭᠰᠡᠨ ᠨᠢ᠂ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠠᠵᠢᠯ ᠤᠨ ᠨᠢᠭᠡ ᠪᠣᠯᠤᠨ᠎ᠠ᠃ ᠡᠯ᠎ᠡ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ  ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠭᠰᠣᠴᠠ ᠪᠠᠨ ᠳᠡᠭᠡᠭᠰᠢᠯᠡᠭᠦᠯᠦᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠠᠩ ᠶᠡᠭᠡ ᠵᠣᠷᠢᠭ ᠰᠠᠨᠠᠭ᠎ᠠ ᠪᠠᠷ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠶᠢ ᠳᠥᠯᠭᠢᠨ ᠠᠬᠢᠭᠤᠯᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠬᠦᠨ ᠪᠠᠶᠢᠯᠳᠤᠭᠠᠨ ᠬᠢᠵᠦ᠂ ᠬᠤᠯᠪᠤᠭᠳᠠᠯ ᠪᠥᠬᠦᠶ ᠮᠡᠳᠡᠭᠦᠯᠦᠯᠲᠡ ︵ᠲᠥᠰᠦᠯ︶ ᠶᠢ ᠨᠠᠶᠢᠷᠠᠭᠤᠯᠤᠨ ᠵᠣᠬᠢᠶᠠᠬᠤ ᠪᠠᠨ ᠲᠦᠷᠭᠡᠳᠬᠡᠵᠦ᠂ ᠡᠮᠬᠢᠯᠡᠨ ᠨᠡᠶᠢᠯᠡᠭᠦᠯᠬᠦ ᠡᠷᠬᠡ ᠶᠢᠨ ᠬᠠᠷᠢᠶ᠎ᠠ ᠵᠡᠷᠭᠡ ᠠᠰᠠᠭᠤᠳᠠᠯ ᠢ ᠱᠠᠯᠠᠪᠳᠠᠨ ᠵᠣᠬᠢᠴᠠᠭᠤᠯᠤᠨ ᠰᠢᠢᠳᠪᠦᠷᠢᠯᠡᠵᠦ᠂ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ ᠶᠢ ᠨᠡᠶᠢᠳᠭᠡᠵᠦ ᠳᠠᠬᠢᠨ ᠵᠣᠬᠢᠶᠠᠨ ᠪᠠᠶᠢᠭᠤᠯᠬᠤ ᠶᠢ ᠬᠦᠴᠦᠲᠡᠶ ᠳᠥᠯᠭᠢᠨ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠳᠥᠯᠭᠢᠨ ᠠᠬᠢᠭᠤᠯᠬᠤ ᠬᠡᠷᠡᠭᠲᠡᠶ᠃ ᠭᠤᠣᠯᠳᠠᠯᠭ᠎ᠠ ᠪᠠᠨ ᠳᠤᠪᠤᠶᠢᠯᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠲᠠᠶᠢᠨ ᠠᠴᠠ ᠬᠠᠯᠠᠰᠢᠷᠠᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠴᠠᠭ ᠮᠥᠴᠡ ᠶᠢ ᠠᠮᠵᠢᠨ ᠠᠬᠢᠭᠤᠯᠬᠤ ᠶᠢ ᠠᠳᠬᠤᠵᠤ᠂ ᠲᠦᠷᠦᠯ ᠬᠤᠪᠢᠶᠠᠨ ᠪᠣᠭᠤᠮᠲᠠ ᠰᠢᠪᠲᠤᠯᠬᠤ ᠶᠢ ᠠᠳᠬᠤᠵᠤ᠂ ᠬᠠᠮᠵᠢᠯᠴᠠᠨ ᠵᠤᠬᠢᠴᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ᠂ ᠤᠬᠠᠭᠤᠯᠵᠤ ᠬᠦᠳᠦᠯᠦᠨ ᠵᠢᠯᠣᠭᠤᠳᠬᠤ ᠵᠡᠷᠭᠡ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠢ ᠪᠣᠳᠠᠲᠠᠢ ᠠᠬᠢᠴᠠ ᠲᠠᠢ ᠪᠣᠯᠭᠠᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠠᠭᠤᠷᠬᠠᠢ ᠶᠢᠨ ᠡᠷᠬᠡ ᠶᠢ ᠨᠡᠶᠢᠳᠬᠡᠬᠦ ᠶᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠬᠥᠭᠵᠢᠭᠦᠯᠬᠦ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号