ᠭᠤᠤᠯ ᠰᠡᠳᠦᠪᠲᠦ ᠬᠥᠮᠦᠵᠢᠯ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠰᠤᠳᠤᠯᠤᠨ ᠶᠠᠷᠢᠯᠴᠠᠬᠤ ᠵᠢᠴᠢ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠰᠤᠳᠤᠯᠤᠨ ᠶᠠᠷᠢᠯᠴᠠᠬᠤ ᠵᠢᠴᠢ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠭᠦᠨᠵᠡᠭᠡᠶ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠹᠧᠩ ᠰᠢᠤᠸᠠᠢ ᠲᠤᠤ᠂ ᠸᠠᠩ ᠸᠧᠨ ᠵᠢᠶᠧ ᠨᠠᠷ ᠬᠤᠷᠠᠯ ᠳᠤ ᠣᠷᠣᠯᠴᠠᠪᠠ᠃      ᠬᠤᠷᠠᠯ ᠠᠴᠠ ᠡᠮᠦᠨ᠎ᠡ᠂ ᠲᠠᠩ ᠢ ᠵᠡᠷᠭᠡ ᠬᠥᠮᠦᠰ ᠲᠤᠰᠬᠠᠶᠢᠯᠠᠨ ᠬᠤᠳᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ᠂ ᠨᠠᠮ ᠤᠨ ᠭᠡᠰᠢᠭᠦᠨ ᠤ ᠤᠯᠤᠰ ᠲᠦᠷᠦ ᠶᠢᠨ ᠠᠮᠢᠳᠤᠷᠠᠯ ᠤᠨ ᠣᠷᠳᠣᠨ ᠳᠤ ᠬᠦᠷᠴᠦ ᠲᠣᠭᠤᠷᠢᠨ ᠦᠵᠡᠵᠦ ᠰᠤᠷᠤᠯᠴᠠᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ᠂ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠢ ᠬᠦᠷᠲᠡᠪᠡ᠃ ᠬᠤᠷᠠᠯ ᠳᠡᠭᠡᠷ᠎ᠡ᠂ ᠵᠢᠶᠠ ᠴᠢᠩ ᠳ᠋ᠦᠩ᠂ ᠬᠤᠤ ᠰᠢ ᠬᠤᠩ᠂ ᠯᠢ ᠳ᠋ᠦᠩ᠂ ᠮᠧᠩ ᠫᠸᠢ ᠶᠦᠨ᠂ ᠯᠢᠦ ᠵᠢᠶ ᠭᠤᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠪᠡ᠃      ᠲᠠᠩ ᠢ ᠬᠡᠯᠡᠭᠰᠡᠨ ᠨᠢ᠂ ᠣᠯᠠᠨ ᠢᠶᠠᠷ ᠢᠶᠠᠨ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠲᠣᠳᠣᠷᠬᠠᠶᠢᠯᠠᠭᠰᠠᠨ ᠡᠯ᠎ᠡ ᠲᠠᠯ᠎ᠠ ᠶᠢᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠳᠠᠭᠳᠠᠯ ᠡᠮᠵᠡᠭ ᠲᠠᠯ᠎ᠠ ᠶᠢ ᠨᠢ ᠵᠣᠷᠢᠭᠲᠠᠶ ᠪᠠᠷ ᠢᠯᠡᠴᠢᠯᠡᠵᠦ᠂ ᠲᠣᠰ ᠪᠡᠶ᠎ᠡ ᠳᠡᠭᠡᠨ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢᠶᠠᠨ ᠲᠣᠳᠣᠷᠬᠠᠶ ᠪᠠᠶᠢᠴᠠᠭᠠᠨ ᠳᠡᠯᠭᠡᠵᠦ᠂ ᠲᠤᠤᠱᠲᠠᠶ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠶ᠂ ᠥᠨᠳᠥᠷ ᠲᠦᠪᠰᠢᠨ ᠢᠶᠠᠷ ᠬᠤᠷᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠨᠤᠯ ᠤᠨ ᠰᠤᠷᠤᠯᠴᠠᠯᠭ᠎ᠠ ᠶᠢᠨ ᠲᠠᠯ᠎ᠠ ᠪᠠᠷ ᠬᠢ ᠵᠦᠷᠢᠶ᠎ᠠ ᠪᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠰᠣᠷᠣᠭᠰᠠᠨ ᠢᠶᠠᠨ ᠬᠡᠷᠡᠭᠯᠡᠬᠦ᠂ ᠮᠡᠳᠡᠬᠦᠢ ᠬᠢᠬᠦᠢ ᠶᠢ ᠨᠢᠭᠡᠳᠬᠡᠬᠦ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ︽ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠳᠡᠭᠡᠷ᠎ᠡ ᠬᠦᠴᠦ ᠲᠠᠯᠪᠢᠵᠤ᠂ ᠰᠣᠷᠣᠯᠴᠠᠬᠤᠢ ᠰᠡᠳᠭᠢᠬᠦᠢ ᠬᠡᠷᠡᠭᠯᠡᠬᠦᠢ ᠶᠢ ᠨᠡᠪᠲᠡᠷᠡᠯᠴᠡᠭᠦᠯᠬᠦ᠂ ᠮᠡᠳᠡᠬᠦᠢ ᠢᠳᠡᠭᠡᠬᠦᠢ ᠬᠢᠬᠦᠢ ᠶᠢ ᠨᠢᠭᠡᠳᠦᠯᠲᠡᠢ ᠪᠠᠶᠢᠯᠭᠠᠬᠤ ᠶᠢ ᠦᠨᠡᠨ ᠬᠦ ᠪᠡᠶᠡᠯᠡᠭᠦᠯᠵᠦ᠂ ᠬᠡᠢ ᠬᠤᠭᠤᠰᠣᠨ ᠶᠣᠰᠣ ᠶᠠᠷᠢᠬᠤ᠂ ᠰᠤᠷᠴᠤ ᠬᠡᠷᠡᠭᠯᠡᠬᠦ ᠶᠢ ᠲᠠᠰᠤᠯᠳᠠᠭᠤᠯᠬᠤ ᠶᠢ ᠲᠡᠪᠴᠢᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠶᠢᠨ ᠴᠢᠳᠠᠪᠤᠷᠢ ᠶᠢᠨ ᠲᠠᠯ᠎ᠠ ᠪᠠᠷ ᠬᠢ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠭᠤᠣᠯ ᠲᠦᠪ ᠢ ᠰᠠᠯᠤᠯ ᠦᠭᠡᠢ ᠳᠠᠭᠠᠬᠤ᠂ ᠨᠢᠭᠡᠲᠦᠯᠳᠡᠢ ᠪᠠᠶᠢᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠠᠵᠢᠯ ᠤᠨ ᠡᠯ᠎ᠡ ᠲᠠᠯ᠎ᠠ ᠳᠠᠭᠠᠨ ᠲᠤᠤᠱᠯᠠᠭᠤᠯᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠭᠦᠢᠴᠡᠳᠬᠡᠬᠦ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠬᠠᠢ ᠳᠤ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠵᠣᠷᠢᠯᠲᠠ ᠪᠠᠨ ᠦᠢᠯᠡᠳᠦᠯᠭᠡᠵᠢᠭᠦᠯᠬᠦ ᠲᠠᠯ᠎ᠠ ᠪᠠᠷ ᠬᠢ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠬᠦ᠂ ᠪᠣᠳᠠᠲᠤ ᠶᠠᠪᠤᠳᠠᠯ ᠢ ᠢᠯᠡᠭᠦᠬᠡᠨ ᠬᠢᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠲᠠᠯ᠎ᠠ ᠠᠴᠠ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠪᠣᠳᠣᠯᠬᠢᠯᠠᠵᠤ᠂ ᠠᠰᠠᠭᠤᠳᠠᠯ ᠢ ᠨᠢ ᠰᠢᠢᠳᠪᠦᠷᠢᠯᠡᠵᠦ᠂ ᠤᠯᠠᠨ ᠲᠦᠮᠡᠨ ᠤ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠳᠡᠭᠡᠷ᠎ᠡ ︽ᠬᠠᠰᠤᠬᠤ ᠠᠷᠭ᠎ᠠ︾ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠲᠠᠯ᠎ᠠ ᠪᠠᠷ ︽ᠨᠡᠮᠡᠬᠦ ᠠᠷᠭ᠎ᠠ︾ ᠶᠢ ᠬᠡᠷᠡᠭᠵᠢᠭᠦᠯᠵᠦ᠂ ᠠᠷᠠᠳ ᠲᠤ ᠠᠰᠢᠭᠲᠠᠢ ᠠᠷᠠᠳ ᠲᠤ ᠲᠦᠬᠦᠮ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠢᠶᠠᠨ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠨᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠲᠠᠯ᠎ᠠ ᠪᠠᠷ ᠬᠢ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ 12 ᠵᠦᠢᠯ ᠤᠨ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠳᠠᠨ ᠵᠣᠷᠢᠭ ᠢᠶᠠᠨ ᠴᠢᠩᠭᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠳᠠᠨ ᠵᠣᠷᠢᠭ ᠢᠶᠠᠨ ᠪᠠᠲᠤᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠡᠴᠦᠰ ᠲᠤᠨᠢ ᠲᠤᠯᠲᠠᠯ᠎ᠠ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠦᠬᠠᠶ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠲᠠᠯ᠎ᠠ ᠪᠠᠷ ᠬᠢ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠠᠷᠢᠭᠤᠨ ᠴᠢᠬᠡᠴᠢ ᠲᠦᠪ ᠭᠤᠤᠯᠴᠢ᠂ ᠬᠤᠷᠢᠭ᠎ᠠ ᠱᠤᠭᠤᠮ ᠢ ᠴᠢᠩᠭ᠎ᠠ ᠰᠠᠬᠢᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠡᠯ᠎ᠡ ᠲᠦᠷᠦᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠡᠷᠬᠡ ᠪᠠᠨ ᠵᠥᠪ ᠢᠶᠠᠷ ᠬᠡᠷᠡᠭᠵᠢᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠰᠠᠶᠢᠨ ᠰᠠᠶᠢᠬᠠᠨ ᠨᠠᠮ ᠤᠨ ᠰᠤᠷᠲᠠᠯ ᠢᠶᠠᠷ ᠵᠠᠰᠠᠭ ᠤᠨ ᠰᠤᠷᠲᠠᠯ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ ᠰᠠᠶᠢᠵᠢᠷᠠᠨ ᠥᠭᠡᠳᠡᠯᠡᠬᠦ ᠶᠢ ᠬᠦᠲᠦᠯᠦᠨ ᠲᠠᠭᠠᠭᠤᠯᠬᠤ ᠬᠡᠷᠡᠭᠳᠡᠢ᠃ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠢ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠭᠤᠣᠯ ᠬᠠᠷᠢᠭᠤᠴᠠᠯᠭ᠎ᠠ ᠪᠠᠨ ᠪᠠᠲᠤ ᠡᠭᠦᠷᠭᠡᠯᠡᠬᠦ᠂ ᠭᠤᠣᠯ ᠠᠵᠢᠯ ᠢᠶᠠᠨ ᠪᠣᠳᠠᠲᠠᠢ ᠠᠳᠬᠤᠬᠤ ᠲᠠᠯ᠎ᠠ ᠪᠠᠷ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠬᠤᠷᠴᠠ ᠵᠡᠪᠰᠡᠭ ᠢ ᠰᠠᠶᠢᠲᠤᠷ ᠬᠡᠷᠡᠭᠯᠡᠵᠦ᠂ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠵᠢᠱᠢᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠳᠬᠤᠵᠤ᠂ ᠭᠤᠣᠯ ᠰᠡᠳᠦᠪᠲᠦ ᠬᠥᠮᠦᠵᠢᠯ ᠪᠣᠯᠤᠨ ︽ᠬᠤᠶᠠᠷ ᠢ ᠢᠯᠡ ᠪᠣᠯᠭᠠᠬᠤ︾ ᠦᠷ᠎ᠡ ᠪᠦᠲᠦᠭᠡᠯ ᠢᠶᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠵᠤ᠂ ᠲᠤᠷᠰᠢᠯᠭ᠎ᠠ ᠬᠢᠳᠡᠯ ᠢᠶᠠᠨ ᠳ᠋ᠦᠩᠨᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号