ᠬᠡᠦᠬᠡᠳ ᠬᠥᠮᠥᠵᠢᠭᠦᠯᠬᠦ ᠤᠷᠠᠯᠢᠭ
ᠨᠡᠶᠢᠲᠡᠯᠡᠭᠰᠡᠨ ᠴᠠᠭ᠄
2024/1/15
     ᠭᠠᠳᠠᠭᠠᠳᠤ ᠳᠤ᠂ ᠭᠡᠷ ᠤᠨ ᠠᠬᠠᠮᠠᠳ ᠬᠡᠦᠬᠡᠳ ᠢᠶᠠᠨ ᠪᠠᠭ᠎ᠠ ᠠᠴᠠ ᠨᠢ ᠪᠡᠶ᠎ᠡ ᠪᠠᠨ ᠳᠠᠭᠠᠭᠠᠬᠤ ᠴᠢᠳᠠᠪᠤᠷᠢ ᠪᠠ ᠬᠠᠯᠠ ᠠᠮᠰᠠᠬᠤ ᠵᠣᠷᠢᠭ ᠰᠠᠨᠠᠭ᠎ᠠ ᠲᠠᠢ ᠪᠣᠯᠭᠠᠵᠤ ᠬᠥᠮᠥᠵᠢᠭᠦᠯᠬᠦ ᠶᠢ ᠨᠡᠶᠢᠳᠡᠮ ᠳᠡᠭᠡᠨ ᠴᠢᠬᠤᠯᠠᠴᠢᠯᠠᠳᠠᠭ᠃      ᠠᠮᠧᠷᠢᠺᠠ— ᠭᠡᠷ ᠤᠨ ᠠᠬᠠᠮᠠᠳ ᠨᠢ ᠬᠥᠳᠡᠯᠮᠦᠷᠢ ᠶᠢᠨ ᠥᠷᠳᠡᠭ ᠢ ᠬᠡᠦᠬᠡᠳ ᠲᠡᠭᠡᠨ ᠲᠤᠩ ᠪᠠᠭ᠎ᠠ ᠠᠴᠠ ᠨᠢ ᠲᠠᠨᠢᠭᠤᠯᠳᠠᠭ᠃ ᠠᠮᠧᠷᠢᠺᠠ ᠶᠢᠨ ᠡᠮᠦᠨ᠎ᠡ ᠬᠡᠰᠡᠭ ᠤᠨ ᠵᠸᠦ ᠶᠢᠨ ᠪᠠᠶᠢᠭᠤᠯᠤᠭᠰᠠᠨ ᠨᠡᠯᠢᠶᠡᠳ ᠣᠯᠠᠨ ᠳᠤᠮᠳᠠᠳᠤ ᠰᠤᠷᠭᠠᠭᠤᠯᠢ ᠤᠳ ᠰᠤᠷᠤᠭᠴᠢᠳ ᠢᠶᠠᠨ ᠨᠡᠶᠢᠭᠡᠮ ᠳᠤ ᠵᠣᠬᠢᠴᠠᠵᠤ ᠣᠷᠣᠰᠢᠨ ᠠᠮᠢᠳᠤᠷᠠᠬᠤ ᠴᠢᠳᠠᠪᠤᠷᠢ ᠲᠠᠢ ᠪᠣᠯᠭᠠᠵᠤ ᠬᠥᠮᠥᠵᠢᠭᠦᠯᠬᠦ ᠶᠢᠨ ᠲᠥᠯᠥᠭᠡ ᠰᠤᠷᠤᠭᠴᠢᠳ ᠡᠷᠬᠡᠪᠰᠢ ᠪᠡᠶ᠎ᠡ ᠳᠡᠭᠡᠨ ᠰᠣᠬᠤᠷ ᠵᠣᠭᠤᠰ ᠴᠦ ᠠᠪᠤᠯ ᠦᠭᠡᠢ ᠪᠠᠷ ᠪᠡᠶ᠎ᠡ  ᠪᠠᠨ ᠳᠠᠭᠠᠭᠠᠵᠤ ᠨᠢᠭᠡ ᠭᠠᠷᠠᠭ ᠠᠮᠢ ᠵᠢᠭᠤᠪᠠᠯ ᠰᠠᠶ᠋ᠢ ᠲᠡᠭᠦᠰᠴᠦ ᠪᠣᠯᠣᠨ᠎ᠠ ᠭᠡᠵᠦ ᠲᠤᠰᠬᠠᠢ ᠲᠣᠭᠲᠠᠭᠠᠵᠠᠢ᠃ ᠠᠮᠧᠷᠢᠺᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ︽ᠵᠣᠭᠤᠰ ᠵᠠᠷᠤᠶ᠎ᠠ ᠭᠡᠪᠡᠯ ᠥᠪᠡᠰᠦᠪᠡᠨ ᠣᠯ︕︾ ᠭᠡᠬᠦ ᠤᠷᠢᠶ᠎ᠠ ᠳᠤᠷᠠᠳᠴᠠᠢ᠃ ᠭᠡᠷ ᠤᠨ ᠠᠮᠢᠳᠤᠷᠠᠯ ᠨᠢ ᠬᠡᠳᠦᠢ ᠪᠠᠶᠠᠨ ᠪᠠᠶᠢᠭᠰᠠᠨ ᠴᠦ ᠬᠡᠦᠬᠡᠳ 12 ᠨᠠᠰᠤ ᠥᠩᠭᠡᠷᠡᠪᠡᠯ ᠴᠥᠮ ᠭᠡᠷ ᠵᠠᠭᠤᠷ᠎ᠠ ᠶᠢᠨ ᠠᠵᠢᠯ ᠬᠢᠳᠡᠭ᠃      ᠰᠸᠢᠰ— ᠡᠴᠢᠭᠡ ᠡᠬᠡ ᠨᠢ ᠬᠡᠦᠬᠡᠳ ᠢᠶᠠᠨ ᠪᠠᠭ᠎ᠠ ᠠᠴᠠ ᠨᠢ ᠪᠡᠶ᠎ᠡ‌‍ᠪᠡᠨ ᠳᠠᠭᠠᠭᠠᠵᠤ ᠠᠮᠢᠳᠤᠷᠠᠬᠤ ᠴᠢᠳᠠᠯ ᠲᠠᠢ ᠪᠣᠯᠭᠠᠵᠤ ᠬᠥᠮᠥᠵᠢᠭᠦᠯᠳᠡᠭ᠃ ᠵᠢᠱᠢᠶᠡᠯᠡᠪᠡᠯ᠂ ᠥᠬᠢᠨ ᠬᠥᠮᠥᠨ ᠢ ᠠᠩᠬ᠎ᠠ ᠳᠤᠮᠳᠠᠳᠤ‌‍ᠪᠠᠨ ᠲᠡᠭᠦᠰᠬᠡᠮᠡᠭᠴᠡ ᠠᠶᠢᠯ ᠳᠤ ᠨᠢᠭᠡ ᠵᠢᠯ ᠵᠠᠷᠤᠭᠳᠠᠭᠤᠯᠵᠤ᠂ ᠦᠳᠡ‌‍ᠶᠢᠨ ᠡᠮᠦᠨ᠎ᠡ ᠨᠢ ᠬᠥᠳᠡᠯᠮᠦᠷᠢᠯᠡᠭᠦᠯᠦᠨ᠂ ᠦᠳᠡ‌‍ᠶᠢᠨ ᠬᠤᠶᠢᠨ᠎ᠠ ᠨᠢ ᠰᠤᠷᠭᠠᠭᠤᠯᠢ  ᠳᠤᠨᠢ ᠰᠤᠷᠤᠯᠴᠠᠭᠤᠯᠵᠤ᠂ ᠨᠢᠭᠡ ᠲᠠᠯ᠎ᠠ ᠪᠠᠷ ᠬᠡᠦᠬᠡᠳ ᠢᠶᠠᠨ ᠠᠵᠢᠯ ᠬᠥᠳᠡᠯᠮᠦᠷᠢ ᠳᠤ ᠭᠠᠷᠰᠢᠭᠤᠯᠵᠤ᠂ ᠨᠥᠭᠦᠭᠡ ᠲᠠᠯ᠎ᠠ  ᠪᠠᠷ ᠬᠡᠦᠬᠡᠳ ᠤᠨ ᠢᠶᠠᠨ ᠦᠭᠡ ᠬᠡᠯᠡ ᠪᠠ ᠨᠡᠶᠢᠭᠡᠮ ᠤᠨ ᠳᠦᠷᠢᠮᠯᠡᠯ ᠢ ᠰᠤᠷᠬᠤ ᠳᠤᠨᠢ ᠲᠤᠰᠠᠯᠠᠳᠠᠭ᠃      ᠭᠧᠷᠮᠠᠨ— ᠬᠡᠦᠬᠡᠳ ᠤᠨ ᠢᠶᠠᠨ ᠤᠴᠢᠷ ᠢ ᠡᠴᠢᠭᠡ ᠡᠬᠡ ᠨᠢ ᠶᠡᠷᠦ ᠠᠴᠠ ᠡᠵᠡᠨ ᠮᠡᠳᠡᠵᠦ ᠣᠷᠣᠯᠠᠨ ᠬᠢᠵᠦ ᠥᠭᠳᠡᠭ ᠦᠭᠡᠢ᠃ ᠭᠧᠷᠮᠠᠨ ᠤ ᠬᠠᠤᠯᠢ ᠳᠤ ᠬᠡᠦᠬᠡᠳ 14 ᠨᠠᠰᠤᠯᠠᠪᠠᠯ ᠭᠡᠷ ᠵᠠᠭᠤᠷ᠎ᠠ ᠶᠢᠨ ᠠᠵᠢᠯ ᠢ ᠪᠠᠭ᠎ᠠ ᠰᠠᠭ᠎ᠠ ᠡᠭᠦᠷᠭᠡᠯᠡᠨ ᠬᠢᠬᠦ ᠬᠡᠷᠡᠭᠲᠡᠢ ᠭᠡᠵᠦ ᠲᠣᠭᠲᠠᠭᠠᠭᠰᠠᠨ ᠪᠠᠶᠢᠳᠠᠭ᠃ ᠵᠢᠱᠢᠶᠡᠯᠡᠪᠡᠯ ᠬᠡᠦᠬᠡᠳ ᠪᠦᠬᠦ ᠭᠡᠷ ᠤᠨ ᠬᠥᠮᠥᠰ ᠤᠨ ᠠᠷᠠᠰᠤᠨ ᠱᠠᠬᠠᠢ ᠶᠢ ᠲᠣᠰᠣᠯᠠᠬᠤ ᠮᠡᠲᠦ ᠶᠢᠨ ᠠᠵᠢᠯ ᠢ ᠬᠢᠬᠦ ᠬᠡᠷᠡᠭᠲᠡᠢ᠃ ᠡᠨᠡ ᠨᠢ ᠬᠡᠦᠬᠡᠳ ᠢ ᠬᠥᠳᠡᠯᠮᠦᠷᠢᠯᠡᠬᠦ ᠴᠢᠳᠠᠪᠤᠷᠢ ᠪᠠ ᠨᠡᠶᠢᠭᠡᠮ ᠤᠨ ᠬᠠᠷᠢᠭᠤᠴᠠᠯᠭᠠᠲᠤ ᠪᠣᠳᠣᠯ ᠲᠠᠢ ᠪᠣᠯᠭᠠᠵᠤ ᠬᠥᠮᠥᠵᠢᠭᠦᠯᠬᠦ ᠶᠢᠨ ᠲᠥᠯᠥᠭᠡ ᠶᠤᠮ᠃      ᠶᠠᠫᠤᠨ— ᠶᠠᠫᠤᠨ ᠳᠤ ︽ᠨᠠᠷᠠᠨ ᠤ ᠭᠡᠷᠡᠯ ᠪᠣᠯᠣᠨ ᠠᠭᠠᠷ ᠢ ᠡᠬᠡ ᠪᠠᠶᠢᠭᠠᠯᠢ ᠠᠴᠠ ᠰᠣᠶᠣᠷᠬᠠᠭᠰᠠᠨ ᠠᠴᠠ ᠪᠤᠰᠤᠳ ᠠᠯᠢᠪᠠ ᠵᠦᠢᠯᠡᠰ ᠢ ᠴᠥᠮ ᠬᠥᠳᠡᠯᠮᠦᠷᠢ ᠪᠠᠷ ᠢᠶᠠᠨ ᠣᠯᠬᠤ ᠬᠡᠷᠡᠭᠲᠡᠢ︾ ᠭᠡᠰᠡᠨ ᠬᠡᠦᠬᠡᠳ ᠢ ᠰᠤᠷᠭᠠᠭᠰᠠᠨ ᠮᠡᠷᠭᠡᠨ ᠦᠭᠡ ᠪᠠᠶᠢᠳᠠᠭ᠃ ᠶᠠᠫᠤᠨ ᠤ ᠣᠯᠠᠨ ᠬᠡᠦᠬᠡᠳ ᠬᠢᠴᠢᠶᠡᠯ ᠤᠨ ᠵᠠᠪ ᠴᠢᠯᠦᠭᠡ ᠪᠠᠷ ᠢᠶᠠᠨ ᠭᠠᠳᠠᠨ᠎ᠠ ᠠᠵᠢᠯ ᠬᠥᠳᠡᠯᠮᠦᠷᠢ ᠳᠤ ᠣᠷᠣᠯᠴᠠᠵᠤ ᠵᠣᠭᠤᠰ ᠣᠯᠳᠠᠭ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号