ᠨᠢᠭᠡᠳᠦᠭᠡᠷ ᠪᠦᠯᠦᠭ᠂ ᠶᠡᠷᠦᠩᠬᠡᠢ ᠳᠦᠷᠢᠮ | ᠨᠢᠭᠡᠳᠦᠭᠡᠷ ᠵᠦᠢᠯ᠂ ᠬᠥᠮᠦᠨ ᠤ ᠪᠡᠶ᠎ᠡ ᠶᠢᠨ ᠡᠷᠬᠡᠲᠡᠨ ᠢ ᠬᠠᠨᠳᠢᠪᠯᠠᠬᠤ ᠪᠠ ᠰᠢᠯᠵᠢᠭᠦᠯᠬᠦ ᠶᠢ ᠵᠢᠷᠤᠮᠵᠢᠭᠤᠯᠵᠤ᠂ | ᠡᠮᠴᠢᠯᠡᠭᠡᠨ ᠤ ᠶᠠᠰᠤ ᠴᠢᠨᠠᠷ ᠢ ᠪᠠᠲᠤᠯᠠᠨ᠂ ᠬᠥᠮᠦᠨ ᠤ ᠪᠡᠶ᠎ᠡ ᠶᠢᠨ ᠡᠷᠡᠭᠦᠯ ᠴᠢᠭᠢᠷᠠᠭ ᠢ ᠪᠠᠲᠤᠯᠠᠵᠤ᠂ ᠠᠷᠠᠳ | ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ | ᠦᠵᠡᠯᠲᠡ ᠶᠢ ᠪᠠᠳᠠᠷᠠᠭᠤᠯᠬᠤ ᠶᠢᠨ ᠲᠤᠰᠠᠳᠠ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠣᠲᠤᠷᠠᠬᠢ ᠬᠥᠮᠦᠨ ᠤ | ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠪᠠ ᠰᠢᠯᠵᠢᠭᠦᠯᠬᠦ ᠳᠤ ᠲᠤᠰ ᠲᠦᠷᠢᠮ ᠲᠣᠬᠢᠷᠠᠨ᠎ᠠ᠃ ᠬᠥᠮᠦᠨ ᠤ ᠪᠡᠶ᠎ᠡ ᠶᠢᠨ | ᠡᠰ ᠪᠠ ᠡᠪᠡᠷᠯᠢᠭ ᠪᠦᠷᠬᠦᠪᠴᠢ᠂ ᠴᠢᠮᠥᠭᠡ ᠵᠡᠷᠭᠡ ᠬᠥᠮᠦᠨ ᠤ ᠪᠡᠶ᠎ᠡ ᠶᠢᠨ ᠨᠡᠬᠡᠳᠡᠰᠦ ᠶᠢ ᠬᠠᠨᠳᠢᠪᠯᠠᠬᠤ ᠪᠠ | ᠰᠢᠯᠵᠢᠭᠦᠯᠬᠦ ᠳᠤ ᠲᠤᠰ ᠲᠦᠷᠢᠮ ᠲᠣᠬᠢᠷᠠᠬᠤ ᠦᠭᠡᠶ᠃ | ᠲᠤᠰ ᠲᠦᠷᠢᠮ ᠳᠤ ᠬᠡᠯᠡᠵᠦ ᠪᠠᠶᠢᠭ᠎ᠠ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠭᠡᠳᠡᠭ ᠨᠢ | ᠹᠢᠽᠢᠣᠯᠣᠭᠢ ᠶᠢᠨ ᠴᠢᠳᠠᠪᠬᠢ ᠲᠠᠢ ᠵᠢᠷᠦᠬᠡ᠂ ᠠᠭᠤᠰᠬᠢ᠂ ᠡᠯᠢᠭᠡ᠂ ᠪᠥᠭᠡᠷ᠎ᠡ᠂ ᠨᠦᠢᠷ ᠤᠨ ᠪᠤᠯᠴᠢᠷᠬᠠᠶ ᠪᠤᠶᠤ ᠨᠠᠷᠢᠨ | ᠭᠡᠳᠡᠰᠦ ᠵᠡᠷᠭᠡ ᠬᠥᠮᠦᠨ ᠤ ᠪᠡᠶ᠎ᠡ ᠶᠢᠨ ᠡᠷᠬᠡᠲᠡᠨ ᠢᠶᠠᠨ ᠰᠠᠶᠢᠨ ᠳᠤᠷ᠎ᠠ ᠠᠴᠠ ᠪᠠᠨ ᠦᠨ᠎ᠡ ᠲᠥᠯᠥᠪᠦᠷᠢ ᠦᠭᠡᠶ ᠪᠠᠷ | ᠬᠠᠩᠭᠠᠬᠤ ᠠᠵᠢᠯᠯᠠᠭ᠎ᠠ ᠶᠢ ᠵᠢᠭᠠᠵᠤ ᠪᠤᠶ᠃ | ᠲᠤᠰ ᠳᠦᠷᠢᠮ ᠳᠤ ᠨᠡᠷᠡᠶᠢᠳᠴᠦ ᠪᠠᠶᠢᠭ᠎ᠠ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠭᠡᠳᠡᠭ ᠨᠢ | ᠬᠠᠨᠳᠢᠪᠯᠠᠭᠰᠠᠨ ᠬᠥᠮᠦᠨ ᠤ ᠪᠡᠶ᠎ᠡ ᠶᠢᠨ ᠡᠷᠬᠡᠲᠡᠨ ᠢ ᠪᠤᠰᠤᠳ ᠡᠷᠬᠡᠲᠡᠨ ᠨᠢ ᠬᠤᠬᠢᠷᠠᠭᠰᠠᠨ ᠬᠥᠮᠦᠨ ᠤ ᠪᠡᠶ᠎ᠡ ᠳᠤ | ᠰᠢᠯᠵᠢᠭᠦᠯᠦᠨ ᠣᠷᠣᠯᠠᠭᠤᠯᠬᠤ ᠬᠥᠳᠡᠯᠭᠡᠭᠡᠨ ᠢ ᠵᠢᠭᠠᠨ᠎ᠠ᠃ | ᠭᠤᠷᠪᠠᠳᠤᠭᠠᠷ ᠵᠦᠢᠯ᠂ ᠬᠦᠮᠦᠨ ᠤ ᠪᠡᠶ᠎ᠡ ᠶᠢᠨ ᠡᠷᠬᠡᠲᠡᠨ ᠢ ᠬᠠᠨᠳᠢᠪᠯᠠᠬᠤ ᠪᠠ ᠰᠢᠯᠵᠢᠭᠦᠯᠬᠦ ᠠᠵᠢᠯ ᠳᠤ ᠠᠷᠠᠳ | ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ ᠬᠡᠷᠡᠭᠲᠡᠢ᠃ ᠤᠯᠤᠰ ᠠᠴᠠ ᠬᠥᠮᠦᠨ ᠤ ᠪᠡᠶ᠎ᠡ ᠶᠢᠨ ᠡᠷᠬᠡᠲᠡᠨ ᠢ | ᠬᠠᠨᠳᠢᠪᠯᠠᠬᠤ ᠪᠠ ᠰᠢᠯᠵᠢᠭᠦᠯᠬᠦ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠬᠥᠮᠦᠨ ᠤ ᠪᠡᠶ᠎ᠡ ᠶᠢᠨ ᠡᠷᠬᠡᠲᠡᠨ ᠢ | ᠬᠠᠨᠳᠢᠪᠯᠠᠬᠤ ᠶᠢ ᠠᠬᠢᠭᠤᠯᠵᠤ᠂ ᠬᠥᠮᠦᠨ ᠤ ᠪᠡᠶ᠎ᠡ ᠶᠢᠨ ᠡᠷᠬᠡᠲᠡᠨ ᠢ ᠣᠯᠬᠤ ᠪᠠ ᠬᠤᠪᠢᠶᠠᠷᠢᠯᠠᠬᠤ ᠶᠢ ᠵᠢᠷᠤᠮᠵᠢᠭᠤᠯᠵᠤ᠂ | ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ | ᠳᠥᠷᠪᠡᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠬᠥᠮᠦᠨ ᠤ ᠪᠡᠶ᠎ᠡ ᠶᠢᠨ ᠡᠷᠬᠡᠲᠡᠨ ᠢ ᠬᠠᠨᠳᠢᠪᠯᠠᠬᠤ ᠪᠠ ᠰᠢᠯᠵᠢᠭᠦᠯᠬᠦ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ | ᠡᠳ᠋ ᠤᠨ ᠵᠠᠰᠠᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ | ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠥᠮᠦᠨ ᠤ ᠪᠡᠶ᠎ᠡ ᠶᠢᠨ | ᠡᠷᠬᠡᠲᠡᠨ ᠢ ᠬᠠᠨᠳᠢᠪᠯᠠᠬᠤ ᠪᠠ ᠰᠢᠯᠵᠢᠭᠦᠯᠬᠦ ᠳᠤ ᠬᠤᠯᠪᠣᠭᠳᠠᠬᠤ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠤᠯᠢ ᠶᠣᠰᠣᠭᠠᠷ ᠬᠥᠮᠦᠨ ᠤ ᠪᠡᠶ᠎ᠡ ᠶᠢᠨ | ᠡᠷᠬᠡᠲᠡᠨ ᠢ ᠬᠠᠨᠳᠢᠪᠯᠠᠬᠤ ᠠᠵᠢᠯ ᠳᠤ ᠣᠷᠤᠯᠴᠠᠨ ᠠᠬᠢᠭᠤᠯᠵᠤ᠂ ᠬᠥᠮᠦᠨ ᠤ ᠪᠡᠶ᠎ᠡ ᠶᠢᠨ ᠡᠷᠬᠡᠲᠡᠨ ᠢᠶᠠᠨ | ᠬᠠᠨᠳᠢᠪᠯᠠᠬᠤ ᠶᠢ ᠤᠬᠠᠭᠤᠯᠤᠨ ᠳᠠᠶᠢᠴᠢᠯᠠᠬᠤ᠂ ᠬᠦᠰᠡᠯ ᠰᠠᠨᠠᠭ᠎ᠠ ᠪᠠᠨ ᠲᠡᠮᠳᠡᠭᠯᠡᠬᠦ᠂ ᠬᠠᠨᠳᠢᠪᠯᠠᠬᠤ ᠶᠢ ᠭᠡᠷᠡᠴᠢᠯᠡᠬᠦ᠂ | ᠳᠤᠷᠠᠰᠬᠠᠯ ᠦᠯᠡᠳᠡᠭᠡᠬᠦ᠂ ᠬᠦᠮᠦᠡᠯᠢᠭ ᠬᠠᠯᠠᠮᠵᠢᠯᠠᠯ ᠵᠡᠷᠭᠡ ᠠᠵᠢᠯ ᠢ ᠥᠷᠨᠢᠭᠦᠯᠵᠦ᠂ ᠬᠥᠮᠦᠨ ᠤ ᠪᠡᠶ᠎ᠡ ᠶᠢᠨ ᠡᠷᠬᠡᠲᠡᠨ ᠢ | ᠬᠠᠨᠳᠢᠪᠯᠠᠬᠤ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ᠂ ᠵᠣᠬᠢᠴᠠᠭᠤᠯᠤᠭᠴᠢ ᠶᠢᠨ ᠡᠩᠨᠡᠭᠡᠨ ᠤ ᠪᠠᠶᠢᠭᠤᠯᠤᠯᠲᠠ ᠪᠠ | ᠬᠠᠮᠢᠶᠠᠷᠤᠯᠲᠠ ᠶᠢ ᠴᠢᠩᠭᠠᠳᠬᠠᠨ᠎ᠠ᠃ | ᠵᠢᠷᠭᠤᠳᠤᠭᠠᠷ ᠵᠦᠢᠯ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠶᠠᠮᠠᠷᠪᠠ ᠬᠡᠯᠪᠡᠷᠢ ᠪᠠᠷ | ᠬᠥᠮᠦᠨ ᠤ ᠪᠡᠶ᠎ᠡ ᠶᠢᠨ ᠡᠷᠬᠡᠲᠡᠨ ᠢ ᠠᠷᠠᠯᠵᠢᠶᠠᠯᠠᠵᠤ ᠪᠣᠯᠬᠤ ᠦᠭᠡᠶ᠂ ᠬᠥᠮᠦᠨ ᠤ ᠪᠡᠶ᠎ᠡ ᠶᠢᠨ ᠡᠷᠬᠡᠲᠡᠨ ᠲᠠᠢ | ᠬᠤᠯᠪᠣᠭᠳᠠᠬᠤ ᠠᠵᠢᠯᠯᠠᠭ᠎ᠠ ᠬᠢᠵᠦ ᠪᠣᠯᠬᠤ ᠦᠭᠡᠶ᠃ | ᠳᠣᠯᠣᠳᠤᠭᠠᠷ ᠵᠦᠢᠯ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠲᠤᠰ ᠳᠦᠷᠢᠮ ᠤᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ | ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠦᠢᠯᠡ | ᠠᠵᠢᠯᠯᠠᠭ᠎ᠠ ᠶᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ᠂ ᠳᠡᠭᠡᠳᠦ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃ ᠢᠯᠡᠴᠢᠯᠡᠨ | ᠮᠡᠳᠡᠭᠦᠯᠦᠯᠲᠡ ᠶᠢ ᠣᠯᠤᠭᠰᠠᠨ ᠠᠷᠠᠳ ᠤᠨ ᠵᠠᠰᠠᠭ ᠤᠨ ᠣᠷᠳᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠯᠡᠴᠢᠯᠡᠭᠰᠡᠨ ᠮᠡᠳᠡᠭᠦᠯᠦᠯᠲᠡ ᠶᠢ ᠴᠠᠭ | ᠲᠤᠬᠠᠶ ᠳᠤᠨᠢ ᠬᠢᠨᠠᠨ ᠬᠠᠷᠭᠤᠭᠤᠯᠵᠤ᠂ ᠰᠢᠢᠳᠪᠦᠷᠢᠯᠡᠬᠦ ᠬᠡᠷᠡᠭᠲᠡᠶ᠂ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ | ᠪᠠᠶᠢᠪᠠᠯ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠮᠡᠳᠡᠭᠦᠯᠦᠭᠴᠢ ᠳᠤ ᠮᠡᠳᠡᠭᠳᠡᠬᠦ ᠬᠡᠷᠡᠭᠲᠡᠶ᠃ | ᠬᠤᠶᠠᠳᠤᠭᠠᠷ ᠪᠦᠯᠦᠭ᠂ ᠬᠥᠮᠦᠨ ᠤ ᠪᠡᠶ᠎ᠡ ᠶᠢᠨ ᠡᠷᠬᠡᠲᠡᠨ ᠢ ᠬᠠᠨᠳᠢᠪᠯᠠᠬᠤ | ᠨᠠᠢᠮᠠᠳᠤᠭᠠᠷ ᠵᠦᠢᠯ᠂ ᠬᠦᠮᠦᠨ ᠤ ᠪᠡᠶ᠎ᠡ ᠶᠢᠨ ᠡᠷᠬᠡᠲᠡᠨ ᠢ ᠬᠠᠨᠳᠢᠪᠯᠡᠬᠤ ᠳᠤ ᠰᠠᠶᠢᠨ ᠳᠤᠷ᠎ᠠ ᠶᠢᠨ᠂ ᠦᠨ᠎ᠡ | ᠲᠥᠯᠥᠪᠦᠷᠢ ᠦᠭᠡᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃ | ᠡᠷᠬᠡᠲᠦ ᠠᠷᠠᠳ ᠬᠠᠨᠳᠢᠪ ᠬᠦᠷᠲᠡᠬᠦ ᠪᠤᠶᠤ ᠥᠪᠡᠷ ᠤᠨ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠡᠷᠬᠡ ᠲᠠᠢ᠃ | ᠶᠠᠮᠠᠷᠪᠠ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠦᠨ ᠪᠤᠰᠤᠳ ᠬᠥᠮᠦᠨ ᠢ ᠠᠯᠪᠠᠳᠠᠬᠤ᠂ ᠮᠡᠬᠡᠯᠡᠬᠦ ᠪᠤᠶᠤ | ᠥᠳᠥᠭᠡᠨ ᠲᠠᠲᠠᠵᠤ ᠠᠷᠭ᠎ᠠ ᠪᠠᠷ ᠬᠥᠮᠦᠨ ᠤ ᠪᠡᠶ᠎ᠡ ᠶᠢᠨ ᠡᠷᠬᠡᠲᠡᠨ ᠢ ᠬᠠᠨᠳᠢᠪᠯᠠᠭᠤᠯᠵᠤ ᠪᠣᠯᠬᠤ ᠦᠭᠡᠢ᠃ | ᠶᠢᠰᠦᠳᠦᠭᠡᠷ ᠵᠦᠶᠢᠯ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠡᠷᠬᠡᠲᠦ ᠠᠷᠠᠳ | ᠥᠪᠡᠷ ᠤᠨ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠶᠠᠪᠤᠳᠠᠯ ᠢ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ | ᠲᠣᠭᠲᠠᠭᠠᠬᠤ ᠡᠷᠬᠡ ᠲᠠᠢ᠃ ᠡᠷᠬᠡᠲᠦ ᠠᠷᠠᠳ ᠥᠪᠡᠷ ᠤᠨ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠬᠦᠰᠡᠯ | ᠡᠷᠡᠮᠡᠯᠵᠡᠯ ᠢᠶᠠᠨ ᠢᠯᠡᠳᠬᠡᠬᠦ ᠳᠡᠭᠡᠨ ᠡᠷᠬᠡᠪᠰᠢ ᠪᠢᠴᠢᠭ ᠤᠨ ᠬᠡᠯᠪᠡᠷᠢ ᠶᠢ ᠬᠡᠷᠡᠭᠯᠡᠬᠦ ᠬᠡᠷᠡᠭᠲᠡᠢ᠂ ᠪᠠᠰᠠ ᠭᠡᠷᠢᠶᠡᠰ | ᠦᠯᠡᠳᠡᠭᠡᠵᠦ ᠪᠣᠯᠤᠨ᠎ᠠ᠃ ᠡᠷᠬᠡᠲᠦ ᠠᠷᠠᠳ ᠥᠪᠡᠷ ᠤᠨ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠬᠦᠰᠡᠯ ᠢᠶᠠᠨ | ᠬᠦᠴᠦᠨ ᠦᠭᠡᠢ ᠪᠣᠯᠭᠠᠬᠤ ᠡᠷᠬᠡ ᠲᠠᠢ᠃ | ᠡᠷᠬᠡᠲᠦ ᠠᠷᠠᠳ ᠠᠮᠢᠳᠤ ᠪᠠᠶᠢᠬᠤ ᠳᠠᠭᠠᠨ ᠬᠡᠭᠦᠷ ᠢ ᠨᠢ ᠬᠠᠨᠳᠢᠪᠯᠠᠬᠤ ᠶᠢ ᠵᠥᠪᠰᠢᠶᠡᠷᠡᠬᠦ ᠦᠭᠡᠶ ᠭᠡᠵᠦ | ᠢᠯᠡᠷᠬᠡᠶᠢᠯᠡᠭᠰᠡᠨ ᠪᠣᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠲᠤᠰ ᠡᠷᠬᠡᠲᠦ ᠠᠷᠠᠳ ᠤᠨ | ᠴᠢᠨᠳᠠᠷ ᠢ ᠬᠠᠨᠳᠢᠪᠯᠠᠬᠤ ᠪᠠ ᠡᠯ᠎ᠡ ᠡᠷᠬᠡᠲᠡᠨ ᠢ ᠨᠢ ᠬᠡᠷᠡᠭᠯᠡᠵᠦ ᠪᠣᠯᠬᠤ ᠦᠭᠡᠢ᠃ ᠡᠷᠬᠡᠲᠦ ᠠᠷᠠᠳ ᠠᠮᠢᠳᠤ | ᠪᠠᠶᠢᠬᠤ ᠳᠠᠭᠠᠨ ᠬᠡᠭᠦᠷ ᠡᠷᠬᠡᠲᠡᠨ ᠢᠶᠠᠨ ᠬᠠᠨᠳᠢᠪᠯᠠᠬᠤ ᠶᠢ ᠵᠥᠪᠰᠢᠶᠡᠷᠡᠬᠦ ᠦᠭᠡᠶ ᠭᠡᠳᠡᠭ ᠢᠶᠠᠨ ᠢᠯᠡᠷᠬᠡᠶᠢᠯᠡᠭᠰᠡᠨ ᠦᠭᠡᠶ | ᠪᠣᠯ᠂ ᠲᠤᠰ ᠡᠷᠬᠡᠲᠦ ᠠᠷᠠᠳ ᠨᠠᠰᠤ ᠪᠠᠷᠠᠭᠰᠠᠨ ᠤ ᠳᠠᠷᠠᠭ᠎ᠠ ᠲᠡᠭᠦᠨ ᠤ ᠬᠠᠨᠢ᠂ ᠨᠠᠰᠤᠨ ᠳᠤ ᠬᠦᠷᠦᠭᠰᠡᠨ ᠦᠷ᠎ᠡ | ᠬᠡᠦᠬᠡᠳ᠂ ᠡᠴᠢᠭᠡ ᠡᠬᠡ ᠨᠢ ᠬᠠᠮᠲᠤ ᠪᠠᠷ ᠬᠠᠨᠳᠢᠪᠯᠠᠬᠤ ᠡᠰᠡᠬᠦ ᠶᠢ ᠲᠣᠭᠲᠠᠭᠠᠵᠤ ᠪᠣᠯᠤᠨ᠎ᠠ᠂ ᠬᠠᠨᠳᠢᠪ ᠡᠷᠭᠦᠬᠦ ᠳᠡᠭᠡᠨ | ᠪᠢᠴᠢᠭ ᠤᠨ ᠬᠡᠯᠪᠡᠷᠢ ᠶᠢ ᠬᠡᠷᠡᠭᠯᠡᠬᠦ ᠬᠡᠷᠡᠭᠲᠡᠶ᠃ | ᠠᠷᠪᠠᠳᠤᠭᠠᠷ ᠵᠦᠢᠯ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠪᠦᠬᠦᠯᠢ 18 ᠨᠠᠰᠤ | ᠬᠦᠷᠦᠭᠡᠳᠦᠶ ᠡᠷᠬᠡᠲᠦ ᠠᠷᠠᠳ ᠤᠨ ᠠᠮᠢᠳᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠳᠤ ᠬᠡᠷᠡᠭᠯᠡᠵᠦ ᠪᠣᠯᠬᠤ ᠦᠭᠡᠶ᠃ | ᠠᠷᠪᠠᠨ ᠨᠢᠭᠡᠳᠦᠭᠡᠷ ᠵᠦᠢᠯ᠂ ᠠᠮᠢᠳᠤ ᠪᠡᠶ᠎ᠡ ᠶᠢᠨ ᠡᠷᠬᠡᠲᠡᠨ ᠢ ᠬᠦᠯᠢᠶᠡᠨ ᠠᠪᠤᠭᠴᠢ ᠨᠢ ᠵᠥᠪᠬᠡᠨ ᠲᠤᠰ | ᠬᠦᠮᠦᠨ ᠤ ᠬᠠᠨᠢ᠂ ᠰᠢᠭᠤᠳ ᠴᠢᠰᠤᠨ ᠲᠥᠷᠥᠯ ᠪᠤᠶᠤ ᠭᠤᠷᠪᠠᠨ ᠦᠶ᠎ᠡ ᠶᠢᠨ ᠳᠣᠲᠣᠷᠠᠬᠢ ᠰᠢᠭᠤᠳ ᠴᠢᠰᠤᠨ | ᠲᠥᠷᠥᠯ ᠤᠨ ᠬᠠᠷᠢᠴᠠᠭ᠎ᠠ ᠳᠤ ᠬᠦᠮᠦᠰ ᠲᠤ ᠬᠢᠵᠠᠭᠠᠷᠯᠠᠭᠳᠠᠨ᠎ᠠ᠃ | ᠠᠷᠪᠠᠨ ᠬᠤᠶᠠᠳᠤᠭᠠᠷ ᠵᠦᠶᠢᠯ᠂ ᠤᠯᠤᠰ ᠠᠴᠠ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ | ᠤᠬᠠᠭᠤᠯᠭ᠎ᠠ ᠬᠥᠮᠦᠵᠢᠯ ᠪᠠ ᠮᠡᠳᠡᠯᠭᠡ ᠲᠦᠭᠡᠮᠡᠯᠵᠢᠭᠦᠯᠬᠦ ᠶᠢ ᠴᠢᠩᠭᠠᠳᠬᠠᠵᠤ᠂ ᠬᠥᠮᠦᠨ ᠤ ᠪᠡᠶ᠎ᠡ ᠶᠢᠨ ᠡᠷᠬᠡᠲᠡᠨ ᠢᠶᠠᠨ | ᠬᠠᠨᠳᠢᠪᠯᠠᠬᠤ ᠳᠤ ᠠᠰᠢᠭᠲᠠᠢ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠤᠨ᠎ᠠ᠃ | ᠰᠣᠨᠢᠨ ᠮᠡᠳᠡᠭᠡᠨ ᠤ ᠵᠠᠭᠤᠴᠢᠯᠠᠭᠤᠷ ᠨᠢ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠬᠢᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠶᠢᠯ᠂ ᠤᠯᠤᠰ ᠠᠴᠠ ᠴᠢᠨᠳᠠᠷ ᠤᠨ ᠡᠷᠬᠡᠲᠡᠨ ᠢᠶᠠᠨ ᠬᠠᠨᠳᠢᠪᠯᠠᠬᠤ ᠶᠢ | ᠵᠣᠷᠢᠭᠵᠢᠭᠤᠯᠤᠨ᠎ᠠ᠃ ᠡᠷᠬᠡᠲᠦ ᠠᠷᠠᠳ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠢ | ᠨᠡᠶᠢᠭᠡᠮᠯᠢᠭ ᠤᠨ ᠪᠥᠷᠢᠳᠭᠡᠯ ᠤᠨ ᠦᠢᠯᠡᠴᠢᠯᠡᠭᠡᠨ ᠤ ᠰᠢᠰᠲ᠋ᠧᠮ ᠢᠶᠠᠷ ᠳᠠᠮᠵᠢᠭᠤᠯᠤᠨ ᠴᠢᠨᠳᠠᠷ ᠤᠨ ᠡᠷᠬᠡᠲᠡᠨ ᠢᠶᠠᠨ | ᠬᠠᠨᠳᠢᠪᠯᠠᠬᠤ ᠬᠦᠰᠡᠯ ᠢᠶᠠᠨ ᠢᠯᠡᠳᠬᠡᠵᠦ ᠪᠣᠯᠤᠨ᠎ᠠ᠃ | ᠠᠷᠪᠠᠨ ᠳᠥᠷᠪᠡᠳᠦᠭᠡᠷ ᠵᠦᠢᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠴᠢᠨᠳᠠᠷ ᠤᠨ ᠡᠷᠬᠡᠲᠡᠨ ᠢᠶᠠᠨ | ᠬᠠᠨᠳᠢᠪᠯᠠᠭᠰᠠᠨ ᠬᠥᠮᠦᠨ ᠤ ᠲᠥᠷᠥᠯ ᠰᠠᠳᠤᠨ ᠳᠤ ᠬᠠᠨᠳᠢᠪᠯᠠᠭᠰᠠᠨ ᠦᠨᠡᠮᠯᠡᠯ ᠣᠯᠭᠤᠵᠤ᠂ ᠨᠡᠶᠢᠭᠡᠮ ᠤᠨ ᠡᠯ᠎ᠡ | ᠲᠠᠯ᠎ᠠ ᠶᠢᠨ ᠬᠦᠴᠦᠨ ᠢ ᠳᠠᠶᠢᠴᠢᠯᠠᠨ᠂ ᠴᠢᠨᠳᠠᠷ ᠤᠨ ᠡᠷᠬᠡᠲᠡᠨ ᠢᠶᠠᠨ ᠬᠠᠨᠳᠢᠪᠯᠠᠭᠴᠢ ᠶᠢ ᠳᠤᠷᠠᠰᠬᠠᠨ ᠮᠥᠷᠦᠭᠡᠳᠬᠦ | ᠪᠠᠶᠢᠭᠤᠯᠤᠮᠵᠢ ᠶᠢ ᠪᠠᠶᠢᠷᠢᠯᠠᠭᠤᠯᠤᠨ᠎ᠠ᠃ ᠬᠠᠨᠳᠢᠪᠯᠠᠭᠴᠢ ᠶᠢ ᠳᠤᠷᠠᠰᠬᠠᠨ ᠮᠥᠷᠦᠭᠡᠳᠬᠦ ᠪᠠᠶᠢᠭᠤᠯᠤᠮᠵᠢ ᠶᠢ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ᠃ | ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠢ ᠡᠪᠯᠡᠯ᠂ ᠲᠥᠷᠥ ᠶᠢᠨ | ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠣᠭᠲᠠᠮᠠᠯ | ᠬᠤᠭᠤᠴᠠᠭ᠎ᠠ ᠲᠠᠢ ᠪᠠᠷ ᠴᠢᠨᠳᠠᠷ ᠢᠶᠠᠨ ᠬᠠᠨᠳᠢᠪᠯᠠᠭᠴᠢ ᠶᠢ ᠳᠤᠷᠠᠰᠤᠨ ᠰᠠᠨᠠᠭᠠᠯᠵᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠢ᠃ | ᠭᠤᠷᠪᠠᠳᠤᠭᠠᠷ ᠪᠦᠯᠦᠭ᠂ ᠬᠥᠮᠦᠨ ᠤ ᠪᠡᠶ᠎ᠡ ᠶᠢᠨ ᠡᠷᠬᠡᠲᠡᠨ ᠢ ᠣᠯᠬᠤ ᠪᠠ ᠰᠢᠯᠵᠢᠭᠦᠯᠬᠦ | ᠠᠷᠪᠠᠨ ᠲᠠᠪᠤᠳᠤᠭᠠᠷ ᠵᠦᠶᠢᠯ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠴᠢᠨᠳᠠᠷ ᠢ ᠣᠯᠵᠤ ᠠᠪᠬᠤ ᠳᠤ | ᠳᠣᠣᠷᠠᠬᠢ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠢ᠄ | ︵ᠨᠢᠭᠡ︶ ᠪᠡᠶ᠎ᠡ ᠶᠢᠨ ᠡᠷᠬᠡᠲᠡᠨ ᠢ ᠤᠯᠬᠤ ᠶᠢ ᠲᠤᠰᠬᠠᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠵᠢᠴᠢ | ᠴᠢᠨᠳᠠᠷ ᠤᠨ ᠡᠷᠬᠡᠲᠡᠨ ᠢ ᠣᠯᠬᠤ ᠠᠵᠢᠯ ᠢ ᠬᠢᠵᠦ ᠪᠠᠶᠢᠭ᠎ᠠ ᠬᠠᠮᠢᠶᠠᠷᠤᠯᠲᠠ ᠶᠢᠨ ᠠᠵᠢᠯᠲᠠᠨ᠂ ᠲᠤᠰᠬᠠᠢ ᠮᠡᠷᠭᠡᠵᠢᠯ ᠤᠨ | ᠡᠮᠴᠢ ᠪᠣᠯᠤᠨ ᠪᠤᠰᠤᠳ ᠡᠮᠨᠡᠯᠭᠡ ᠶᠢᠨ ᠠᠵᠢᠯᠲᠠᠨ᠃ | ︵ᠬᠤᠶᠠᠷ︶ ᠴᠢᠨᠳᠠᠷ ᠤᠨ ᠡᠷᠬᠡᠲᠡᠨ ᠢ ᠣᠯᠬᠤ ᠶᠢ ᠬᠡᠷᠡᠭᠰᠡᠬᠦ ᠲᠥᠬᠦᠭᠡᠷᠦᠮᠵᠢ᠂ ᠪᠠᠶᠢᠭᠤᠯᠤᠮᠵᠢ ᠪᠠ ᠮᠡᠷᠭᠡᠵᠢᠯ ᠤᠨ | ᠴᠢᠳᠠᠪᠤᠷᠢ ᠲᠠᠢ᠃ | ︵ᠭᠤᠷᠪᠠ︶ ᠲᠤᠰ ᠳᠦᠷᠢᠮ ᠤᠨ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ | ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ᠃ | ︵ᠲᠦᠷᠪᠡ︶ ᠲᠡᠭᠦᠯᠳᠡᠷᠵᠢᠭᠰᠡᠨ ᠴᠢᠨᠳᠠᠷ ᠤᠨ ᠡᠷᠬᠡᠲᠡᠨ ᠢ ᠣᠯᠬᠤ ᠶᠠᠰᠤ ᠴᠢᠨᠠᠷ ᠤᠨ ᠬᠠᠮᠢᠶᠠᠷᠤᠯᠲᠠ ᠪᠠ | ᠡᠵᠡᠮᠳᠡᠯ ᠵᠡᠷᠭᠡ ᠲᠥᠷᠢᠮ ᠪᠠᠶᠢᠬᠤ ᠬᠡᠷᠡᠭᠲᠡᠢ᠃ ᠪᠡᠶ᠎ᠡ ᠶᠢᠨ ᠡᠷᠬᠡᠲᠡᠨ ᠢ ᠣᠯᠬᠤ ᠠᠵᠢᠯ ᠢ ᠬᠠᠷᠢᠭᠤᠴᠠᠵᠤ ᠪᠠᠶᠢᠭ᠎ᠠ | ᠡᠮᠴᠢᠯᠡᠭᠡᠨ ᠤ ᠪᠠᠶᠢᠭᠤᠯᠤᠮᠵᠢ ᠨᠢ ᠪᠠᠰᠠ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠢ ᠬᠠᠷᠢᠭᠤᠴᠠᠵᠤ ᠪᠠᠶᠢᠭ᠎ᠠ | ᠪᠣᠯ᠂ ᠬᠥᠮᠦᠨ ᠤ ᠪᠡᠶ᠎ᠡ ᠶᠢᠨ ᠡᠷᠬᠡᠲᠡᠨ ᠢ ᠣᠯᠬᠤ ᠰᠠᠯᠠᠭ᠎ᠠ ᠮᠥᠴᠢᠷ ᠨᠢ ᠬᠥᠮᠦᠨ ᠤ ᠪᠡᠶ᠎ᠡ ᠶᠢᠨ ᠡᠷᠬᠡᠲᠡᠨ ᠢ | ᠰᠢᠯᠵᠢᠭᠦᠯᠬᠦ ᠶᠢ ᠬᠠᠷᠢᠭᠤᠴᠠᠵᠤ ᠪᠠᠶᠢᠭ᠎ᠠ ᠰᠠᠯᠠᠭ᠎ᠠ ᠲᠠᠰᠤᠭ ᠠᠴᠠ ᠲᠤᠰᠠᠭᠠᠷ ᠪᠠᠶᠢᠯᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠣᠰ ᠵᠠᠰᠠᠭ | ᠵᠠᠬᠢᠷᠭᠠᠨ ᠤ ᠣᠷᠣᠨ ᠤ ᠴᠢᠨᠳᠠᠷ ᠢᠶᠠᠨ ᠬᠠᠨᠳᠢᠪᠯᠠᠭᠰᠠᠨ ᠪᠠᠶᠢᠳᠠᠯ ᠢ ᠦᠨᠳᠦᠰᠦᠯᠡᠨ᠂ ᠴᠢᠨᠳᠠᠷ ᠤᠨ ᠡᠷᠬᠡᠲᠡᠨ ᠢ ᠤᠯᠬᠤ | ᠦᠢᠯᠡᠴᠢᠯᠡᠭᠡᠨ ᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ᠂ ᠡᠮᠴᠢᠯᠡᠭᠡᠨ ᠤ ᠪᠠᠶᠢᠭᠤᠯᠤᠮᠵᠢ ᠶᠢᠨ ᠨᠥᠬᠦᠴᠡᠯ | ᠪᠠ ᠦᠢᠯᠡᠴᠢᠯᠡᠭᠡᠨ ᠤ ᠴᠢᠳᠠᠪᠤᠷᠢ ᠲᠠᠢ ᠤᠶᠠᠯᠳᠤᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠴᠢᠨᠳᠠᠷ ᠤᠨ | ᠡᠷᠬᠡᠲᠡᠨ ᠢ ᠣᠯᠬᠤ ᠡᠮᠴᠢᠯᠡᠭᠡᠨ ᠤ ᠪᠠᠶᠢᠭᠤᠯᠤᠮᠵᠢ ᠶᠢ ᠲᠣᠭᠲᠠᠭᠠᠵᠤ᠂ ᠲᠡᠭᠦᠨ ᠤ ᠪᠡᠶ᠎ᠡ ᠡᠷᠬᠡᠲᠡᠨ ᠤ ᠦᠢᠯᠡᠴᠢᠯᠡᠭᠡ | ᠬᠠᠩᠭᠠᠬᠤ ᠣᠷᠣᠨ ᠢ ᠬᠤᠪᠢᠶᠠᠷᠢᠯᠠᠨ ᠲᠣᠭᠲᠠᠭᠠᠨ᠎ᠠ᠃ | ᠴᠢᠨᠳᠠᠷ ᠤᠨ ᠡᠷᠬᠡᠲᠡᠨ ᠢ ᠣᠯᠵᠤ ᠠᠪᠬᠤ ᠡᠮᠴᠢᠯᠡᠭᠡᠨ ᠤ ᠪᠠᠶᠢᠭᠤᠯᠤᠮᠵᠢ ᠨᠢ ᠪᠠᠶᠢᠭ᠎ᠠ ᠭᠠᠵᠠᠷ ᠤᠨ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠤᠪᠢᠶᠠᠷᠢᠯᠠᠨ ᠲᠣᠭᠲᠠᠭᠠᠭᠰᠠᠨ ᠣᠷᠣᠨ ᠤ ᠳᠣᠲᠣᠷ᠎ᠠ | ᠴᠢᠨᠳᠠᠷ ᠤᠨ ᠡᠷᠬᠡᠲᠡᠨ ᠤ ᠦᠢᠯᠡᠴᠢᠯᠡᠭᠡ ᠬᠠᠩᠭᠠᠬᠤ ᠬᠡᠷᠡᠭᠲᠡᠶ᠃ | ᠡᠮᠴᠢᠯᠡᠭᠡᠨ ᠤ ᠪᠠᠶᠢᠭᠤᠯᠤᠮᠵᠢ ᠬᠠᠨᠳᠢᠪᠯᠠᠬᠤ ᠨᠥᠬᠦᠴᠡᠯ ᠳᠤ ᠨᠡᠶᠢᠴᠡᠭᠰᠡᠨ ᠮᠥᠷᠲᠡᠭᠡᠨ ᠬᠠᠨᠳᠢᠪᠯᠠᠬᠤ ᠬᠦᠰᠡᠯ | ᠡᠷᠡᠮᠡᠯᠵᠡᠯ ᠲᠠᠢ ᠳᠠᠯᠳᠠ ᠴᠢᠨᠳᠠᠷ ᠤᠨ ᠡᠷᠬᠡᠲᠡᠨ ᠬᠠᠨᠳᠢᠪᠯᠠᠭᠴᠢ ᠶᠢ ᠣᠯᠵᠤ ᠮᠡᠳᠡᠪᠡᠯ᠂ ᠲᠡᠭᠦᠨ ᠤ ᠪᠠᠶᠢᠭ᠎ᠠ | ᠣᠷᠣᠨ ᠤ ᠪᠠᠨ ᠴᠢᠨᠳᠠᠷ ᠤᠨ ᠡᠷᠬᠡᠲᠡᠨ ᠤ ᠦᠢᠯᠡᠴᠢᠯᠡᠭᠡ ᠣᠯᠵᠤ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠳᠤ | ᠬᠠᠷᠢᠭᠤᠴᠠᠨ ᠮᠡᠳᠡᠭᠦᠯᠵᠦ᠂ ᠮᠡᠳᠡᠭᠦᠯᠦᠯᠲᠡ ᠶᠢ ᠣᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠪᠠᠶᠢᠭ᠎ᠠ | ᠭᠠᠵᠠᠷ ᠤᠨ ᠢᠶᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠲᠤ ᠮᠡᠳᠡᠭᠳᠡᠬᠦ ᠬᠡᠷᠡᠭᠲᠡᠶ᠃ | ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠴᠢᠨᠳᠠᠷ ᠤᠨ ᠡᠷᠬᠡᠲᠡᠨ ᠢ ᠣᠯᠬᠤ ᠪᠠᠷ ᠵᠣᠷᠢᠯᠭ᠎ᠠ | ᠪᠣᠯᠭᠠᠵᠤ᠂ ᠣᠷᠣᠨ ᠠᠯᠤᠰᠯᠠᠨ ᠳᠠᠯᠳᠠ ᠴᠢᠨᠳᠠᠷ ᠤᠨ ᠡᠷᠬᠡᠲᠡᠨ ᠢ ᠰᠢᠯᠵᠢᠭᠦᠯᠦᠨ ᠵᠥᠭᠡᠭᠡᠪᠦᠷᠢᠯᠡᠵᠦ ᠪᠣᠯᠬᠤ ᠦᠭᠡᠶ᠂ | ᠲᠤᠰ ᠵᠦᠢᠯ ᠤᠨ ᠭᠤᠷᠪᠠᠳᠤᠭᠠᠷ ᠵᠤᠷᠪᠤᠰ ᠲᠤ ᠲᠣᠭᠲᠠᠭᠠᠭᠰᠠᠨ ᠠᠴᠠ ᠭᠠᠳᠠᠨᠠᠬᠢ ᠵᠣᠬᠢᠶᠠᠨ ᠪᠠᠶᠢᠭᠤᠯᠤᠯᠲᠠ ᠪᠤᠶᠤ | ᠬᠤᠪᠢ ᠬᠥᠮᠦᠨ ᠳᠤ ᠴᠢᠨᠳᠠᠷ ᠤᠨ ᠡᠷᠬᠡᠲᠡᠨ ᠬᠠᠨᠳᠢᠪᠯᠠᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠰᠢᠯᠵᠢᠭᠦᠯᠦᠨ | ᠲᠠᠨᠢᠯᠴᠠᠭᠤᠯᠵᠤ ᠪᠣᠯᠬᠤ ᠦᠭᠡᠶ᠃ | ᠠᠷᠪᠠᠨ ᠳᠣᠯᠣᠳᠤᠭᠠᠷ ᠵᠦᠢᠯ᠂ ᠴᠢᠨᠳᠠᠷ ᠤᠨ ᠡᠷᠬᠡᠲᠡᠨ ᠢ ᠣᠯᠬᠤ ᠠᠴᠠ ᠡᠮᠦᠨ᠎ᠡ᠂ ᠴᠢᠨᠳᠠᠷ ᠤᠨ ᠡᠷᠬᠡᠲᠡᠨ ᠢ | ᠣᠯᠵᠤ ᠠᠪᠬᠤ ᠰᠠᠯᠠᠭ᠎ᠠ ᠮᠥᠴᠢᠷ ᠨᠢ ᠠᠵᠢᠯᠯᠠᠵᠤ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢᠨ ᠬᠥᠮᠦᠨ ᠤ ᠪᠡᠶ᠎ᠡ ᠶᠢᠨ | ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ ᠲᠤ ᠴᠢᠨᠳᠠᠷ ᠤᠨ ᠡᠷᠬᠡᠲᠡᠨ ᠢ ᠣᠯᠬᠤ ᠶᠢ ᠬᠢᠨᠠᠨ | ᠪᠠᠶᠢᠴᠠᠭᠠᠯᠭᠠᠬᠤ ᠭᠤᠶᠤᠴᠢᠯᠠᠯ ᠭᠠᠷᠭᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠶᠢᠯ᠂ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ | ᠨᠢ ᠠᠨᠠᠭᠠᠬᠤ ᠤᠬᠠᠭᠠᠨ᠂ ᠬᠠᠤᠯᠢ ᠶᠢᠨ ᠤᠬᠠᠭᠠᠨ᠂ ᠶᠣᠰᠣ ᠰᠤᠷᠲᠠᠬᠤᠨ ᠤ ᠤᠬᠠᠭᠠᠨ ᠵᠡᠷᠭᠡ ᠲᠠᠯ᠎ᠠ ᠶᠢᠨ ᠲᠤᠰᠬᠠᠢ | ᠮᠡᠷᠭᠡᠵᠢᠯᠲᠡᠨ ᠢᠶᠠᠷ ᠪᠥᠷᠢᠯᠳᠦᠵᠦ᠂ ᠡᠭᠦᠨ ᠳᠤ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠠᠨᠠᠭᠠᠬᠤ ᠤᠬᠠᠭᠠᠨ ᠤ | ᠲᠤᠰᠬᠠᠢ ᠮᠡᠷᠭᠡᠵᠢᠯᠲᠡᠨ ᠤ ᠲᠤᠭ᠎ᠠ ᠨᠢ ᠪᠥᠬᠦ ᠭᠡᠰᠢᠭᠦᠨ ᠤ ᠲᠣᠭᠠᠨ ᠤ ᠳᠥᠷᠪᠡᠨ ᠤ ᠨᠢᠭᠡ ᠠᠴᠠ ᠬᠡᠲᠦᠷᠡᠵᠦ ᠪᠣᠯᠬᠤ | ᠦᠭᠡᠢ᠃ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ ᠤᠨ ᠪᠦᠷᠢᠯᠳᠦᠯ ᠪᠠ | ᠠᠵᠢᠯ ᠤᠨ ᠳᠦᠷᠢᠮ ᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠠᠴᠠ ᠲᠣᠭᠲᠠᠭᠠᠨ᠎ᠠ᠃ | ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ ᠨᠢ ᠴᠢᠨᠳᠠᠷ ᠤᠨ ᠡᠷᠬᠡᠲᠡᠨ ᠢ ᠤᠯᠬᠤ ᠶᠢ | ᠬᠢᠨᠠᠨ ᠪᠠᠶᠢᠴᠠᠭᠠᠯᠭᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ᠂ ᠳᠣᠤᠷ᠎ᠠ ᠵᠢᠭᠰᠠᠭᠠᠭᠰᠠᠨ ᠵᠦᠢᠯ ᠤᠳ ᠢ ᠴᠠᠭ | ᠲᠤᠬᠠᠶ ᠳᠤᠨᠢ ᠬᠢᠨᠠᠨ ᠪᠠᠶᠢᠴᠠᠭᠠᠬᠤ ᠬᠡᠷᠡᠭᠲᠡᠶ᠄ | ︵ᠨᠢᠭᠡ︶ ᠴᠢᠨᠳᠠᠷ ᠢᠶᠠᠨ ᠬᠠᠨᠳᠢᠪᠯᠠᠬᠤ ᠬᠦᠰᠡᠯ ᠨᠢ ᠦᠨᠡᠨ ᠡᠰᠡᠬᠦ︖ | ︵ᠬᠤᠶᠠᠷ︶ ᠴᠢᠨᠳᠠᠷ ᠤᠨ ᠡᠷᠬᠡᠲᠡᠨ ᠢ ᠬᠤᠳᠠᠯᠳᠤᠭᠠᠯᠠᠬᠤ ᠪᠤᠶᠤ ᠳᠠᠯᠳᠠ ᠪᠠᠷ ᠬᠤᠳᠠᠯᠳᠤᠭᠠᠯᠠᠬᠤ ᠪᠠᠶᠢᠳᠠᠯ | ᠪᠠᠶᠢᠬᠤ ᠡᠰᠡᠬᠦ᠃ | ᠭᠤᠷᠪᠠᠨ ᠤ ᠬᠤᠶᠠᠷ ᠬᠤᠪᠢ ᠠᠴᠠ ᠳᠡᠭᠡᠭᠰᠢ ᠭᠡᠰᠢᠭᠦᠨ ᠢᠶᠠᠷ ᠵᠥᠪᠰᠢᠶᠡᠷᠡᠭᠦᠯᠪᠡᠯ᠂ ᠬᠥᠮᠦᠨ ᠤ ᠪᠡᠶ᠎ᠡ ᠶᠢᠨ | ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ ᠠᠴᠠ ᠴᠢᠨᠳᠠᠷ ᠤᠨ ᠡᠷᠬᠡᠲᠡᠨ ᠢ ᠣᠯᠬᠤ ᠵᠥᠪᠰᠢᠶᠡᠷᠡᠯ ᠤᠨ | ᠪᠢᠴᠢᠭ ᠭᠠᠷᠭᠠᠵᠤ ᠪᠣᠯᠤᠨ᠎ᠠ᠃ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ | ᠵᠥᠪᠰᠢᠶᠡᠷᠡᠭᠰᠡᠨ ᠤ ᠳᠠᠷᠠᠭ᠎ᠠ ᠡᠮᠴᠢᠯᠡᠭᠡᠨ ᠤ ᠪᠠᠶᠢᠭᠤᠯᠤᠮᠵᠢ ᠨᠢ ᠰᠠᠶ᠋ᠢ ᠴᠢᠨᠳᠠᠷ ᠤᠨ ᠡᠷᠬᠡᠲᠡᠨ ᠢ ᠣᠯᠵᠤ ᠪᠣᠯᠤᠨ᠎ᠠ᠃ | ᠠᠷᠪᠠ ᠶᠢᠰᠦᠳᠦᠭᠡᠷ ᠵᠦᠶᠢᠯ᠂ ᠴᠢᠨᠳᠠᠷ ᠤᠨ ᠡᠷᠬᠡᠲᠡᠨ ᠢ ᠣᠯᠬᠤ ᠳᠤ᠂ ᠡᠷᠬᠡᠪᠰᠢ ᠬᠠᠨᠳᠢᠪᠯᠠᠭᠴᠢ ᠶᠢ ᠬᠠᠤᠯᠢ | ᠶᠣᠰᠣᠭᠠᠷ ᠲᠠᠰᠤᠯᠤᠨ ᠲᠣᠭᠲᠠᠭᠠᠭᠠᠳ ᠦᠬᠦᠭᠰᠡᠨ ᠤ ᠳᠠᠷᠠᠭ᠎ᠠ ᠭᠦᠶᠢᠴᠡᠳᠬᠡᠬᠦ ᠬᠡᠷᠡᠭᠲᠡᠢ᠃ ᠬᠥᠮᠦᠨ ᠤ ᠪᠡᠶ᠎ᠡ ᠶᠢᠨ | ᠡᠷᠬᠡᠲᠡᠨ ᠢ ᠣᠯᠬᠤ᠂ ᠰᠢᠯᠵᠢᠭᠦᠯᠬᠦ ᠡᠮᠨᠡᠯᠭᠡ ᠶᠢᠨ ᠠᠵᠢᠯᠲᠠᠳ᠂ ᠴᠢᠨᠳᠠᠷ ᠤᠨ ᠡᠷᠬᠡᠲᠡᠨ ᠢ ᠬᠠᠨᠳᠢᠪᠯᠡᠭ᠌ᠴᠢ ᠶᠢᠨ ᠨᠠᠰᠤ | ᠪᠠᠷᠠᠭᠰᠠᠨ ᠡᠰᠡᠬᠦ ᠶᠢ ᠮᠠᠭᠠᠳᠯᠠᠨ ᠲᠣᠭᠲᠠᠭᠠᠬᠤ ᠳᠤ ᠣᠷᠣᠯᠴᠠᠵᠤ ᠪᠣᠯᠬᠤ ᠦᠭᠡᠶ᠃ | ᠴᠢᠨᠳᠠᠷ ᠤᠨ ᠡᠷᠬᠡᠲᠡᠨ ᠢ ᠣᠯᠬᠤ ᠳᠤ᠂ ᠪᠡᠶ᠎ᠡ ᠶᠢᠨ ᠡᠷᠬᠡᠲᠡᠨ ᠤ ᠬᠠᠨᠳᠢᠪᠯᠠᠯᠲᠠ ᠶᠢᠨ ᠵᠣᠬᠢᠴᠠᠭᠤᠯᠤᠭᠴᠢ ᠪᠠᠷ | ᠭᠡᠷᠡᠴᠢᠯᠡᠭᠦᠯᠬᠦ ᠬᠡᠷᠡᠭᠲᠡᠶ᠃ ᠴᠢᠨᠳᠠᠷ ᠤᠨ ᠡᠷᠬᠡᠲᠡᠨ ᠢ ᠠᠪᠬᠤ ᠠᠴᠠ ᠡᠮᠦᠨ᠎ᠡ᠂ ᠴᠢᠨᠳᠠᠷ ᠤᠨ ᠡᠷᠬᠡᠲᠡᠨ ᠢ ᠣᠯᠵᠤ ᠠᠪᠬᠤ | ᠡᠮ ᠡᠮᠨᠡᠯᠭᠡ ᠶᠢᠨ ᠪᠠᠶᠢᠭᠤᠯᠤᠮᠵᠢ ᠨᠢ ᠪᠠᠶᠢᠭ᠎ᠠ ᠭᠠᠵᠠᠷ ᠤᠨ ᠢᠶᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠮᠡᠳᠡᠭᠳᠡᠬᠦ ᠬᠡᠷᠡᠭᠲᠡᠢ᠃ ᠮᠡᠳᠡᠭᠳᠡᠯ ᠣᠯᠤᠭᠰᠠᠨ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ 2 ᠪᠡᠶ᠎ᠡ ᠶᠢᠨ ᠡᠷᠬᠡᠲᠡᠨ ᠤ ᠬᠠᠨᠳᠢᠪᠯᠠᠯᠲᠠ ᠶᠢᠨ ᠵᠣᠬᠢᠴᠠᠭᠤᠯᠤᠭᠴᠢ ᠶᠢ | ᠴᠠᠭ ᠲᠤᠬᠠᠶ ᠳᠤᠨᠢ ᠲᠣᠮᠢᠯᠠᠵᠤ ᠴᠢᠨᠳᠠᠷ ᠤᠨ ᠡᠷᠬᠡᠲᠡᠨ ᠳᠤ ᠭᠡᠷᠡᠴᠢ ᠬᠢᠯᠭᠡᠬᠦ ᠬᠡᠷᠡᠭᠲᠡᠶ᠃ | ᠴᠢᠨᠳᠠᠷ ᠤᠨ ᠡᠷᠬᠡᠲᠡᠨ ᠢ ᠣᠯᠵᠤ ᠠᠪᠤᠭᠰᠠᠨ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠨ | ᠴᠢᠨᠳᠠᠷ ᠤᠨ ᠡᠷᠬᠡᠲᠡᠨ ᠤ ᠬᠠᠨᠳᠢᠪᠯᠠᠭᠴᠢ ᠶᠢᠨ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠶ᠃ ᠡᠷᠬᠡᠲᠡᠨ ᠣᠯᠤᠭᠰᠠᠨ ᠤ | ᠳᠠᠷᠠᠭ᠎ᠠ ᠴᠢᠨᠳᠠᠷ ᠢ ᠨᠢ ᠶᠣᠰᠣ ᠰᠤᠷᠲᠠᠬᠤᠨ ᠤ ᠵᠠᠷᠴᠢᠮ ᠳᠤ ᠨᠡᠶᠢᠴᠡᠭᠰᠡᠨ ᠠᠨᠠᠭᠠᠬᠤ ᠤᠬᠠᠭᠠᠨ ᠤ ᠰᠢᠢᠳᠪᠦᠷᠢᠯᠡᠯᠲᠡ | ᠬᠢᠵᠦ᠂ ᠰᠢᠯᠵᠢᠭᠦᠯᠬᠦ ᠡᠷᠬᠡᠲᠡᠨ ᠠᠴᠠ ᠪᠤᠰᠤᠳ᠂ ᠴᠢᠨᠳᠠᠷ ᠤᠨ ᠭᠠᠳᠠᠷ ᠪᠠᠶᠢᠳᠠᠯ ᠢ ᠨᠢ ᠰᠡᠷᠭᠦᠭᠡᠬᠦ ᠬᠡᠷᠡᠭᠲᠡᠶ᠃ | ᠬᠤᠷᠢᠳᠤᠭᠠᠷ ᠵᠦᠢᠯ᠂ ᠴᠢᠨᠳᠠᠷ ᠤᠨ ᠡᠷᠬᠡᠲᠡᠨ ᠢ ᠬᠤᠪᠢᠶᠠᠷᠢᠯᠠᠬᠤ ᠳᠠᠭᠠᠨ ᠡᠮ ᠡᠮᠨᠡᠯᠭᠡ ᠶᠢᠨ ᠱᠠᠭᠠᠷᠳᠠᠯᠭ᠎ᠠ ᠳᠤ | ᠨᠡᠶᠢᠴᠡᠭᠦᠯᠵᠦ᠂ ᠡᠷᠬᠡ ᠲᠡᠭᠰᠢ᠂ ᠲᠥᠪ ᠭᠤᠣᠯᠴᠢ ᠪᠠ ᠢᠯᠡ ᠪᠠᠶᠢᠯᠭᠠᠬᠤ ᠵᠠᠷᠴᠢᠮ ᠢ ᠵᠢᠷᠤᠮᠯᠠᠬᠤ ᠬᠡᠷᠡᠭᠲᠡᠢ᠃ ᠪᠣᠳᠠᠲᠠᠶ | ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ | ᠲᠣᠭᠲᠠᠭᠠᠨ᠎ᠠ᠃ | ᠡᠪᠡᠳᠴᠢᠲᠡᠨ ᠨᠢ ᠬᠥᠮᠦᠨ ᠤ ᠪᠡᠶ᠎ᠡ ᠶᠢᠨ ᠡᠷᠬᠡᠲᠡᠨ ᠰᠢᠯᠵᠢᠭᠦᠯᠬᠦ ᠮᠡᠰᠡ ᠵᠠᠰᠠᠯ ᠬᠢᠯᠭᠡᠬᠦ ᠪᠠᠷ ᠭᠤᠶᠤᠴᠢᠯᠠᠪᠠᠯ᠂ | ᠲᠡᠭᠦᠨ ᠤ ᠬᠠᠨᠢ᠂ ᠰᠢᠭᠤᠳ ᠴᠢᠰᠤᠨ ᠲᠥᠷᠥᠯ ᠪᠤᠶᠤ ᠭᠤᠷᠪᠠᠨ ᠦᠶ᠎ᠡ ᠶᠢᠨ ᠳᠣᠲᠣᠷᠠᠬᠢ ᠰᠢᠭᠤᠳ ᠴᠢᠰᠤᠨ | ᠲᠥᠷᠥᠯ ᠨᠢ ᠴᠢᠨᠳᠠᠷ ᠢᠶᠠᠨ ᠬᠠᠨᠳᠢᠪᠯᠠᠵᠤ ᠥᠩᠭᠡᠷᠡᠭᠰᠡᠨ ᠪᠠᠶᠢᠪᠠᠯ᠂ ᠠᠳᠠᠯᠢ ᠨᠥᠬᠦᠴᠡᠯ ᠤᠨ ᠳᠣᠲᠤᠷ᠎ᠠ ᠤᠷᠢᠳᠠᠪᠠᠷ | ᠵᠢᠭᠰᠠᠭᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ᠂ ᠴᠢᠨᠳᠠᠷ ᠤᠨ ᠡᠷᠬᠡᠲᠡᠨ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠪᠠᠶᠢᠭᠤᠯᠤᠭᠰᠠᠨ ᠬᠤᠪᠢᠶᠠᠷᠢᠯᠠᠬᠤ ᠰᠢᠰᠲ᠋ᠧᠮ ᠢᠶᠠᠷ | ᠨᠢᠭᠡᠳᠦᠯᠲᠡᠶ ᠬᠤᠪᠢᠶᠠᠷᠢᠯᠠᠬᠤ ᠬᠡᠷᠡᠭᠲᠡᠶ᠃ ᠴᠢᠨᠳᠠᠷ ᠤᠨ ᠡᠷᠬᠡᠲᠡᠨ ᠣᠯᠬᠤ᠂ ᠰᠢᠯᠵᠢᠭᠦᠯᠬᠦ ᠠᠵᠢᠯ ᠢ ᠬᠢᠵᠦ ᠪᠠᠶᠢᠭ᠎ᠠ | ᠡᠮᠴᠢᠯᠡᠭᠡᠨ ᠤ ᠪᠠᠶᠢᠭᠤᠯᠤᠮᠵᠢ ᠨᠢ ᠬᠤᠪᠢᠶᠠᠷᠢᠯᠠᠬᠤ ᠰᠢᠰᠲ᠋ᠧᠮ ᠳᠡᠭᠡᠨ ᠴᠢᠨᠳᠠᠷ ᠤᠨ ᠡᠷᠬᠡᠲᠡᠨ ᠢᠶᠠᠨ ᠬᠠᠨᠳᠢᠪᠯᠠᠭᠴᠢ᠂ | ᠬᠥᠮᠦᠨ ᠤ ᠪᠡᠶ᠎ᠡ ᠶᠢᠨ ᠡᠷᠬᠡᠲᠡᠨ ᠢᠶᠠᠨ ᠰᠢᠯᠵᠢᠭᠦᠯᠬᠦ ᠮᠡᠰᠡ ᠵᠠᠰᠠᠯ ᠬᠢᠯᠭᠡᠭᠰᠡᠨ ᠡᠪᠡᠳᠴᠢᠲᠡᠨ ᠤ ᠬᠠᠮᠢᠶ᠎ᠠ ᠪᠦᠬᠦᠢ | ᠠᠨᠠᠭᠠᠬᠤ ᠤᠬᠠᠭᠠᠨ ᠤ ᠲᠤᠭ᠎ᠠ ᠪᠠᠷᠢᠮᠲᠠ ᠶᠢ ᠦᠨᠡᠨ ᠢᠶᠠᠷ ᠨᠢ ᠲᠡᠮᠳᠡᠭᠯᠡᠬᠦ ᠶᠢᠨ ᠬᠠᠮᠲᠤ ᠴᠠᠭ ᠲᠤᠬᠠᠶ ᠳᠤᠨᠢ | ᠰᠢᠨᠡᠳᠬᠡᠬᠦ ᠬᠡᠷᠡᠭᠲᠡᠶ᠂ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠶ᠃ | ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠳ ᠬᠤᠪᠢᠶᠠᠷᠢᠯᠠᠬᠤ ᠰᠢᠰᠲ᠋ᠧᠮ ᠤᠨ | ᠬᠤᠪᠢᠶᠡᠷᠢᠯᠠᠭᠰᠠᠨ ᠦᠷ᠎ᠡ ᠳ᠋ᠦᠩ ᠢ ᠬᠡᠷᠡᠭᠵᠢᠭᠦᠯᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠵᠢᠴᠢ ᠡᠮᠴᠢᠯᠡᠭᠡᠨ ᠤ | ᠠᠵᠢᠯᠲᠠᠳ ᠤᠨ ᠬᠤᠪᠢᠶᠠᠷᠢᠯᠠᠭᠰᠠᠨ ᠦᠭᠡᠶ ᠰᠢᠰᠲ᠋ᠧᠮ ᠢᠶᠠᠷ ᠬᠤᠪᠢᠶᠠᠷᠢᠯᠠᠭᠰᠠᠨ ᠦᠭᠡᠶ ᠴᠢᠨᠳᠠᠷ ᠤᠨ ᠡᠷᠬᠡᠲᠡᠨ ᠪᠤᠶᠤ | ᠢᠷᠡᠯᠲᠡ ᠨᠢ ᠲᠣᠳᠣᠷᠬᠠᠶ ᠦᠭᠡᠶ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠢ ᠴᠠᠭᠠᠵᠠᠯᠠᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ | ᠴᠢᠨᠳᠠᠷ ᠢᠶᠠᠨ ᠬᠠᠨᠳᠢᠪᠯᠠᠬᠤ ᠪᠠ ᠬᠤᠪᠢᠶᠠᠷᠢᠯᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ | ᠬᠡᠷᠡᠭᠲᠡᠶ᠃ | ᠬᠤᠷᠢᠨ ᠬᠤᠶᠠᠳᠤᠭᠠᠷ ᠵᠦᠢᠯ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠶᠢ ᠬᠠᠮᠠᠭᠠᠯᠠᠬᠤ᠂ ᠵᠠᠮ | ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ᠂ ᠠᠷᠠᠳ ᠤᠨ ᠠᠭᠠᠷ ᠤᠨ ᠠᠶᠠᠯᠠᠯ ᠵᠡᠷᠭᠡ ᠰᠠᠯᠠᠭ᠎ᠠ ᠮᠥᠴᠢᠷ ᠪᠣᠯᠤᠨ ᠳᠤᠮᠳᠠᠳᠤ | ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠶ ᠡᠪᠯᠡᠯ ᠲᠠᠢ ᠬᠠᠮᠲᠤᠷᠠᠨ ᠴᠢᠨᠳᠠᠷ ᠢ ᠲᠡᠭᠡᠭᠡᠪᠦᠷᠢᠯᠡᠨ | ᠬᠦᠷᠭᠡᠬᠦ ᠰᠠᠭᠠᠳ ᠥᠬᠡᠶ ᠨᠡᠪᠲᠡᠷᠡᠬᠦ ᠵᠠᠮ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠴᠢᠨᠳᠠᠷ ᠢ ᠥᠨᠳᠥᠷ | ᠪᠦᠲᠦᠮᠵᠢᠲᠡᠶ᠂ ᠰᠠᠭᠠᠳ ᠥᠬᠡᠶ ᠵᠥᠭᠡᠭᠡᠪᠦᠷᠢᠯᠡᠨ ᠬᠦᠷᠭᠡᠬᠦ ᠶᠢ ᠦᠨᠡᠨ ᠬᠦ ᠪᠠᠲᠤᠯᠠᠨ᠎ᠠ᠃ | ᠬᠤᠷᠢᠨ ᠭᠤᠷᠪᠠᠳᠤᠭᠠᠷ ᠵᠦᠢᠯ᠂ ᠡᠮᠴᠢᠯᠡᠭᠡᠨ ᠤ ᠪᠠᠶᠢᠭᠤᠯᠤᠮᠵᠢ ᠬᠥᠮᠦᠨ ᠤ ᠪᠡᠶ᠎ᠡ ᠶᠢᠨ ᠡᠷᠬᠡᠲᠡᠨ ᠢ | ᠰᠢᠯᠵᠢᠭᠦᠯᠬᠦ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠲᠤ ᠭᠤᠶᠤᠴᠢᠯᠠᠯ ᠢᠶᠠᠨ ᠳᠤᠷᠠᠳᠬᠤ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠡᠳᠦᠷ ᠠᠴᠠ ᠡᠬᠢᠯᠡᠨ | 5 ᠠᠵᠢᠯᠯᠠᠬᠤ ᠡᠳᠦᠷ ᠤᠨ ᠳᠣᠲᠣᠷ᠎ᠠ ᠲᠤᠰᠬᠠᠶ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠶᠢ ᠵᠣᠬᠢᠶᠠᠨ | ᠪᠠᠶᠢᠭᠤᠯᠵᠤ᠂ ᠲᠤᠰᠬᠠᠶ ᠮᠡᠷᠭᠡᠵᠢᠯᠲᠡᠨ ᠤ ᠬᠢᠨᠠᠨ ᠰᠢᠯᠭᠠᠷᠠᠭᠤᠯᠵᠤ ᠳᠠᠭᠤᠰᠤᠭᠰᠠᠨ ᠤ ᠳᠠᠷᠠᠭ᠎ᠠ 15 ᠠᠵᠢᠯᠯᠠᠬᠤ | ᠡᠳᠦᠷ ᠤᠨ ᠳᠣᠲᠣᠷ᠎ᠠ ᠲᠣᠭᠲᠠᠭᠠᠯ ᠭᠠᠷᠭᠠᠬᠤ ᠶᠢᠨ ᠬᠠᠮᠲᠤ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ | ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠢᠨᠠᠨ | ᠪᠠᠶᠢᠴᠠᠭᠠᠵᠤ ᠵᠥᠪᠰᠢᠶᠡᠷᠡᠭᠰᠡᠨ ᠪᠠᠶᠢᠪᠠᠯ᠂ ᠭᠤᠶᠤᠴᠢᠯᠠᠭᠴᠢ ᠶᠢᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠳᠡᠵᠦ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠣᠨᠣᠰᠢᠯᠠᠨ ᠡᠮᠨᠡᠬᠦ | ᠲᠥᠷᠥᠯ ᠵᠦᠢᠯ ᠤᠨ ᠳᠠᠩᠰᠠ ᠶᠢ ᠬᠢᠯᠭᠡᠵᠦ᠂ ᠭᠤᠶᠤᠴᠢᠯᠠᠭᠴᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ | ᠳᠡᠭᠡᠷ᠎ᠡ ᠵᠥᠪᠰᠢᠶᠡᠷᠡᠯ ᠣᠯᠤᠭᠰᠠᠨ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠦᠨ ᠡᠮᠨᠡᠬᠦ ᠲᠥᠷᠥᠯ ᠵᠦᠢᠯ ᠢ ᠨᠢ | ᠲᠣᠳᠣᠷᠬᠠᠶᠢᠯᠠᠨ᠎ᠠ᠃ ᠪᠣᠳᠠᠲᠠᠶ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠡᠮ ᠡᠮᠨᠡᠯᠭᠡ ᠶᠢᠨ ᠪᠠᠢᠭᠤᠯᠤᠮᠵᠢ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠳᠤ ᠳᠣᠣᠷᠠᠬᠢ | ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠢ᠄ | ︵ᠨᠢᠭᠡ︶ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠬᠠᠮᠢᠶᠠᠷᠤᠯᠲᠠ ᠶᠢᠨ ᠠᠵᠢᠯᠲᠠᠨ᠂ ᠲᠤᠰᠬᠠᠢ ᠮᠡᠷᠭᠡᠵᠢᠯ | ᠤᠨ ᠡᠮᠴᠢ ᠪᠣᠯᠤᠨ ᠪᠤᠰᠤᠳ ᠡᠮᠨᠡᠯᠭᠡ ᠶᠢᠨ ᠠᠵᠢᠯᠲᠠᠳ᠃ | ︵ᠬᠤᠶᠠᠷ︶ ᠪᠡᠶ᠎ᠡ ᠶᠢᠨ ᠡᠷᠬᠡᠲᠡᠨ ᠢ ᠰᠢᠯᠵᠢᠭᠦᠯᠬᠦ ᠳᠤ ᠬᠡᠷᠡᠭᠰᠡᠬᠦ ᠲᠣᠨᠤᠭ ᠲᠥᠬᠦᠭᠡᠷᠦᠮᠵᠢ᠂ ᠪᠠᠶᠢᠭᠤᠯᠤᠮᠵᠢ ᠪᠠ | ᠮᠡᠷᠭᠡᠵᠢᠯ ᠤᠨ ᠴᠢᠳᠠᠪᠤᠷᠢ ᠲᠠᠢ᠃ | ︵ᠭᠤᠷᠪᠠ︶ ᠲᠤᠰ ᠳᠦᠷᠢᠮ ᠤᠨ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ | ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ᠃ | ︵ᠲᠦᠷᠪᠡ︶ ᠲᠡᠭᠦᠯᠳᠡᠷᠵᠢᠭᠰᠡᠨ ᠴᠢᠨᠳᠠᠷ ᠤᠨ ᠡᠷᠬᠡᠲᠡᠨ ᠢ ᠣᠯᠬᠤ ᠶᠠᠰᠤ ᠴᠢᠨᠠᠷ ᠤᠨ ᠬᠠᠮᠢᠶᠠᠷᠤᠯᠲᠠ ᠪᠠ | ᠡᠵᠡᠮᠳᠡᠯ ᠵᠡᠷᠭᠡ ᠲᠥᠷᠢᠮ ᠪᠠᠶᠢᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠶᠢᠭᠤᠯᠤᠮᠵᠢ ᠶᠢᠨ ᠭᠤᠶᠤᠴᠢᠯᠠᠯ ᠢ ᠬᠢᠨᠠᠨ ᠪᠠᠶᠢᠴᠠᠭᠠᠵᠤ᠂ ᠲᠤᠰ | ᠳᠦᠷᠢᠮ ᠤᠨ ᠬᠤᠷᠢᠨ ᠭᠤᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠲᠣᠭᠲᠠᠭᠠᠭᠰᠠᠨ ᠨᠥᠬᠦᠴᠡᠯ ᠢ | ᠦᠨᠳᠦᠰᠦᠯᠡᠬᠦ ᠠᠴᠠ ᠭᠠᠳᠠᠨ᠎ᠠ ᠪᠠᠰᠠ ᠭᠤᠶᠤᠴᠢᠯᠠᠭᠴᠢ ᠶᠢᠨ ᠪᠠᠶᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠡᠮᠴᠢᠯᠡᠭᠡᠨ ᠤ ᠬᠡᠷᠡᠭᠴᠡᠭᠡ | ᠱᠠᠭᠠᠷᠳᠠᠯᠭ᠎ᠠ᠂ ᠣᠳᠣ ᠶᠢᠨ ᠪᠠᠶᠢᠭ᠎ᠠ ᠦᠢᠯᠡᠴᠢᠯᠡᠭᠡᠨ ᠤ ᠴᠢᠳᠠᠪᠤᠷᠢ ᠪᠣᠯᠤᠨ ᠬᠥᠮᠦᠨ ᠤ ᠪᠡᠶ᠎ᠡ ᠶᠢᠨ ᠡᠷᠬᠡᠲᠡᠨ ᠢᠶᠠᠨ | ᠬᠦᠷᠭᠡᠵᠦ ᠪᠠᠶᠢᠭ᠎ᠠ ᠪᠠᠶᠢᠳᠠᠯ ᠢ ᠪᠣᠳᠣᠯᠬᠢᠯᠠᠬᠤ ᠬᠡᠷᠡᠭᠲᠡᠶ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠳᠤ | ᠣᠨᠣᠰᠢᠯᠠᠨ ᠡᠮᠨᠡᠬᠦ ᠲᠥᠷᠥᠯ ᠢ ᠨᠢᠭᠡᠨᠲᠡ ᠳᠠᠩᠰᠠᠯᠠᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠰ ᠢ ᠴᠠᠭ | ᠲᠤᠬᠠᠶ ᠳᠤᠨᠢ ᠨᠡᠶᠢᠲᠡᠯᠡᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ᠂ ᠨᠢᠭᠡᠨᠲᠡ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠦᠨ ᠣᠨᠣᠰᠢᠯᠠᠨ ᠡᠮᠨᠡᠬᠦ | ᠲᠥᠷᠥᠯ ᠤᠨ ᠳᠡᠩᠰᠨᠯᠡᠯ ᠬᠢᠵᠦ ᠥᠭᠭᠦᠭᠰᠡᠨ ᠡᠮᠴᠢᠯᠡᠭᠡᠨ ᠤ ᠪᠠᠶᠢᠭᠤᠯᠤᠮᠵᠢ ᠨᠢ ᠲᠤᠰ ᠳᠦᠷᠢᠮ ᠤᠨ ᠬᠤᠷᠢᠨ | ᠭᠤᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠦᠭᠡᠶ | ᠪᠠᠶᠢᠪᠠᠯ᠂ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠢ ᠵᠣᠭᠰᠣᠭᠠᠬᠤ ᠶᠢᠨ ᠬᠠᠮᠲᠤ᠂ ᠤᠤᠯ ᠤᠨ ᠳᠠᠩᠰᠠᠯᠠᠨ | ᠲᠡᠮᠳᠡᠭᠯᠡᠭᠰᠡᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠤᠤᠯ ᠤᠨ ᠳᠡᠩᠰᠡᠯᠡᠨ ᠲᠡᠮᠳᠡᠭᠯᠡᠭᠰᠡᠨ ᠰᠠᠯᠠᠭ᠎ᠠ | ᠮᠥᠴᠢᠷ ᠨᠢ ᠮᠡᠳᠡᠭᠦᠯᠦᠯᠲᠡ ᠶᠢ ᠣᠯᠤᠭᠰᠠᠨ ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠲᠣᠰ | ᠡᠮᠴᠢᠯᠡᠭᠡᠨ ᠤ ᠪᠠᠶᠢᠭᠤᠯᠤᠮᠵᠢ ᠶᠢᠨ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠦᠨ ᠣᠨᠣᠰᠢᠯᠠᠨ ᠡᠮᠨᠡᠬᠦ | ᠲᠥᠷᠥᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠨᠡᠶᠢᠲᠡᠯᠡᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠬᠥᠮᠦᠨ ᠤ ᠪᠡᠶ᠎ᠡ ᠶᠢᠨ ᠡᠷᠬᠡᠲᠡᠨ ᠰᠢᠯᠵᠢᠭᠦᠯᠬᠦ ᠶᠠᠰᠤ | ᠴᠢᠨᠠᠷ ᠢ ᠬᠠᠮᠢᠶᠠᠷᠬᠤ ᠪᠠ ᠡᠵᠡᠮᠳᠡᠬᠦ ᠳᠦᠷᠢᠮ ᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠥᠮᠦᠨ ᠤ | ᠪᠡᠶ᠎ᠡ ᠶᠢᠨ ᠡᠷᠬᠡᠲᠡᠨ ᠢ ᠰᠢᠯᠵᠢᠭᠦᠯᠬᠦ ᠮᠡᠷᠭᠡᠵᠢᠯ ᠤᠨ ᠡᠮᠴᠢᠯᠡᠭᠡᠨ ᠳᠤ ᠬᠡᠷᠡᠭᠯᠡᠬᠦ ᠴᠢᠳᠠᠪᠤᠷᠢ ᠶᠢ ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠶ ᠳᠤ ᠨᠢ | ᠨᠡᠶᠢᠲᠡᠯᠡᠬᠦ ᠬᠡᠷᠡᠭᠲᠡᠶ᠃ ᠦᠨᠡᠯᠡᠯᠲᠡ ᠳᠤ ᠬᠢᠷᠢ ᠲᠡᠩᠴᠡᠭᠰᠡᠨ ᠦᠭᠡᠶ ᠪᠣᠯ᠂ ᠲᠥᠷᠥ ᠶᠢᠨ ᠶᠠᠪᠤᠳᠠᠯ ᠤᠨ ᠬᠤᠷᠢᠶᠠᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠤᠤᠯ ᠤᠨ ᠳᠠᠩᠰᠠᠯᠠᠨ ᠲᠡᠮᠳᠡᠭᠯᠡᠭᠰᠡᠨ ᠰᠠᠯᠠᠭ᠎ᠠ | ᠮᠥᠴᠢᠷ ᠲᠤ ᠮᠡᠳᠡᠭᠳᠡᠵᠦ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠦᠨ ᠣᠨᠣᠰᠢᠯᠠᠨ ᠡᠮᠨᠡᠬᠦ ᠲᠥᠷᠥᠯ ᠤᠨ | ᠳᠠᠩᠰᠠ ᠶᠢ ᠬᠦᠴᠦᠨ ᠦᠭᠡᠶ ᠪᠣᠯᠭᠠᠬᠤ ᠬᠡᠷᠡᠭᠲᠡᠶ᠃ ᠪᠣᠳᠠᠲᠠᠶ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠬᠤᠷᠢᠨ ᠳᠣᠯᠣᠳᠤᠭᠠᠷ ᠵᠦᠢᠯ᠂ ᠬᠥᠮᠦᠨ ᠤ ᠪᠡᠶ᠎ᠡ ᠶᠢᠨ ᠡᠷᠬᠡᠲᠡᠨ ᠰᠢᠯᠵᠢᠭᠦᠯᠬᠦ ᠮᠡᠰᠡ ᠵᠠᠰᠠᠯ ᠬᠢᠭᠰᠡᠨ ᠡᠮᠴᠢ ᠨᠢ | ᠳᠣᠤᠷᠠᠬᠢ ᠬᠡᠳᠦᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠬᠤ ᠶᠢᠨ ᠬᠠᠮᠲᠤ ᠠᠵᠢᠯ ᠡᠷᠬᠢᠯᠡᠬᠦ ᠦᠨᠡᠮᠯᠡᠯ ᠳᠡᠭᠡᠷ᠎ᠡ | ᠲᠣᠳᠣᠷᠬᠠᠶᠢᠯᠠᠨ᠎ᠠ᠄ | ︵ᠨᠢᠭᠡ︶ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠮᠡᠰᠡ ᠵᠠᠰᠠᠯ ᠲᠠᠢ ᠲᠣᠬᠢᠷᠠᠯᠴᠠᠭᠰᠠᠨ ᠲᠤᠰᠬᠠᠶ | ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠭᠡᠮ ᠲᠠᠢ᠃ | ︵ᠬᠤᠶᠠᠷ︶ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠮᠡᠰᠡ ᠵᠠᠰᠠᠯ ᠬᠢᠬᠦ ᠳᠤ ᠵᠣᠬᠢᠴᠠᠭᠰᠠᠨ | ᠡᠮᠴᠢᠯᠡᠭᠡᠨ ᠤ ᠠᠵᠢᠯ ᠤᠨ ᠲᠤᠷᠰᠢᠯᠭ᠎ᠠ ᠲᠠᠢ᠃ | ︵ᠭᠤᠷᠪᠠ︶ ᠪᠣᠯᠪᠠᠰᠤᠷᠠᠯ ᠬᠦᠷᠲᠡᠭᠡᠳ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ᠃ | ᠬᠤᠷᠢᠨ ᠨᠠᠢᠮᠠᠳᠤᠭᠠᠷ ᠵᠦᠢᠯ᠂ ᠠᠮᠢᠳᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠳᠤ᠂ ᠬᠥᠮᠦᠨ ᠤ ᠪᠡᠶ᠎ᠡ ᠶᠢᠨ | ᠡᠷᠬᠡᠲᠡᠨ ᠢ ᠰᠢᠯᠵᠢᠭᠦᠯᠬᠦ ᠡᠮᠴᠢᠯᠡᠭᠡᠨ ᠤ ᠪᠠᠶᠢᠭᠤᠯᠤᠮᠵᠢ ᠠᠴᠠ ᠠᠮᠢᠳᠤ ᠪᠡᠶ᠎ᠡ ᠶᠢᠨ ᠡᠷᠬᠡᠲᠡᠨ ᠢ ᠣᠯᠵᠤ ᠠᠪᠤᠨ᠎ᠠ᠃ | ᠠᠮᠢᠳᠤ ᠪᠡᠶ᠎ᠡ ᠶᠢᠨ ᠡᠷᠬᠡᠲᠡᠨ ᠢ ᠣᠯᠬᠤ ᠠᠴᠠ ᠡᠮᠦᠨ᠎ᠡ᠂ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠲᠠᠰᠤᠭ ᠨᠢ | ᠲᠡᠭᠦᠨ ᠤ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢᠨ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠣᠰᠣ | ᠰᠤᠷᠲᠠᠬᠤᠨ ᠤ ᠺᠣᠮᠢᠰ ᠲᠤ ᠠᠮᠢᠳᠤ ᠪᠡᠶ᠎ᠡ ᠶᠢᠨ ᠡᠷᠬᠡᠲᠡᠨ ᠢ ᠬᠢᠨᠠᠨ ᠪᠠᠶᠢᠴᠠᠭᠠᠯᠭᠠᠬᠤ ᠭᠤᠶᠤᠴᠢᠯᠠᠯ ᠭᠠᠷᠭᠠᠬᠤ | ᠬᠡᠷᠡᠭᠲᠡᠶ᠃ | ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ ᠠᠮᠢᠳᠤ ᠪᠡᠶ᠎ᠡ ᠶᠢᠨ ᠡᠷᠬᠡᠲᠡᠨ ᠢ ᠬᠢᠨᠠᠨ | ᠪᠠᠶᠢᠴᠠᠭᠠᠯᠭᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ ᠴᠠᠭ ᠲᠤᠬᠠᠶ ᠳᠤᠨᠢ ᠳᠣᠤᠷᠠᠬᠢ ᠵᠦᠢᠯᠡᠰ ᠢ ᠬᠢᠨᠠᠨ | ᠪᠠᠶᠢᠴᠠᠭᠠᠬᠤ ᠬᠡᠷᠡᠭᠲᠡᠶ᠄ | ︵ᠨᠢᠭᠡ︶ ᠠᠮᠢᠳᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠬᠦᠰᠡᠯ ᠨᠢ ᠦᠨᠡᠨ ᠪᠣᠳᠠᠲᠠᠢ ᠡᠰᠡᠬᠦ︖ | ︵ᠬᠤᠶᠠᠷ︶ ᠠᠮᠢᠳᠤ ᠪᠡᠶ᠎ᠡ ᠶᠢᠨ ᠡᠷᠬᠡᠲᠡᠨ ᠢ ᠬᠤᠳᠠᠯᠳᠤᠭᠠᠯᠠᠬᠤ ᠪᠤᠶᠤ ᠥᠭᠡᠷ᠎ᠡ ᠬᠡᠯᠪᠡᠷᠢ ᠪᠠᠷ ᠬᠤᠳᠠᠯᠳᠤᠭᠠᠯᠠᠬᠤ | ᠪᠠᠶᠢᠳᠠᠯ ᠪᠠᠶᠢᠬᠤ ᠡᠰᠡᠬᠦ᠃ | ︵ᠭᠤᠷᠪᠠ︶ ᠠᠮᠢᠳᠤ ᠪᠡᠶ᠎ᠡ ᠶᠢᠨ ᠡᠷᠬᠡᠲᠡᠨ ᠨᠢ ᠬᠠᠨᠳᠢᠪᠯᠠᠭᠴᠢ ᠬᠢᠭᠡᠳ ᠬᠦᠯᠢᠶᠡᠨ ᠠᠪᠤᠭᠴᠢ ᠨᠢ ᠲᠤᠰ | ᠳᠦᠷᠢᠮ ᠤᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠬᠠᠷᠢᠴᠠᠭ᠎ᠠ ᠪᠠᠶᠢᠬᠤ ᠡᠰᠡᠬᠦ᠃ | ︵ᠲᠦᠷᠪᠡ︶ ᠠᠮᠢᠳᠤ ᠪᠡᠶ᠎ᠡ ᠶᠢᠨ ᠡᠷᠬᠡᠲᠡᠨ ᠤ ᠬᠡᠯᠪᠡᠷᠢ ᠲᠣᠬᠢᠷᠠᠭᠤᠯᠬᠤ ᠪᠠ ᠬᠦᠯᠢᠶᠡᠨ ᠠᠪᠬᠤ ᠬᠥᠮᠦᠨ ᠤ | ᠵᠣᠬᠢᠴᠠᠬᠤ ᠦᠨᠡᠮᠯᠡᠯ ᠨᠢ ᠶᠣᠰᠣ ᠰᠤᠷᠲᠠᠬᠤᠨ ᠤ ᠵᠠᠷᠴᠢᠮ ᠪᠠ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ | ᠮᠡᠷᠭᠡᠵᠢᠯ ᠤᠨ ᠡᠮᠴᠢᠯᠡᠭᠡᠨ ᠤ ᠬᠡᠷᠡᠭᠯᠡᠭᠡᠨ ᠤ ᠬᠠᠮᠢᠶᠠᠷᠤᠯᠲᠠ ᠶᠢᠨ ᠵᠢᠷᠤᠮᠵᠢᠯ ᠳᠤ ᠨᠡᠶᠢᠴᠡᠬᠦ ᠡᠰᠡᠬᠦ᠃ | ᠭᠤᠷᠪᠠᠨ ᠤ ᠬᠤᠶᠠᠷ ᠬᠤᠪᠢ ᠠᠴᠠ ᠳᠡᠭᠡᠭᠰᠢ ᠭᠡᠰᠢᠭᠦᠨ ᠢᠶᠠᠷ ᠵᠥᠪᠰᠢᠶᠡᠷᠡᠭᠦᠯᠪᠡᠯ᠂ ᠬᠥᠮᠦᠨ ᠤ ᠪᠡᠶ᠎ᠡ ᠶᠢᠨ | ᠡᠷᠬᠡᠲᠡᠨ ᠢ ᠰᠢᠯᠵᠢᠭᠦᠯᠬᠦ ᠶᠣᠰᠣ ᠰᠤᠷᠲᠠᠬᠤᠨ ᠤ ᠺᠣᠮᠢᠰ ᠨᠢ ᠠᠮᠢᠳᠤ ᠪᠡᠶ᠎ᠡ ᠶᠢᠨ ᠡᠷᠬᠡᠲᠡᠨ ᠢ ᠣᠯᠬᠤ ᠶᠢ ᠵᠥᠪᠰᠢᠶᠡᠷᠡᠬᠦ | ᠪᠢᠴᠢᠭ ᠤᠨ ᠰᠠᠨᠠᠯ ᠢᠶᠠᠨ ᠭᠠᠷᠭᠠᠵᠤ ᠪᠣᠯᠤᠨ᠎ᠠ᠃ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠶᠣᠰᠣ | ᠰᠤᠷᠲᠠᠬᠤᠨ ᠤ ᠺᠣᠮᠢᠰ ᠨᠢ ᠣᠯᠵᠤ ᠠᠪᠬᠤ ᠪᠠᠷ ᠵᠥᠪᠰᠢᠶᠡᠷᠡᠭᠰᠡᠨ ᠤ ᠳᠠᠷᠠᠭ᠎ᠠ ᠡᠮᠴᠢᠯᠡᠭᠡᠨ ᠤ ᠪᠠᠶᠢᠭᠤᠯᠤᠮᠵᠢ ᠨᠢ | ᠠᠮᠢᠳᠤ ᠪᠡᠶ᠎ᠡ ᠶᠢᠨ ᠡᠷᠬᠡᠲᠡᠨ ᠢ ᠣᠯᠵᠤ ᠪᠣᠯᠤᠨ᠎ᠠ᠃ | ᠬᠤᠷᠢ ᠶᠢᠰᠦᠳᠦᠭᠡᠷ ᠵᠦᠢᠯ᠂ ᠬᠥᠮᠥᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠡᠮᠴᠢᠯᠡᠭᠡᠨ ᠤ ᠪᠠᠶᠢᠭᠤᠯᠤᠮᠵᠢ | ᠵᠢᠴᠢ ᠡᠮᠨᠡᠯᠭᠡ ᠶᠢᠨ ᠠᠵᠢᠯᠲᠠᠳ ᠠᠮᠢᠳᠤ ᠪᠡᠶ᠎ᠡ ᠶᠢᠨ ᠡᠷᠬᠡᠲᠡᠨ ᠣᠯᠬᠤ ᠠᠴᠠ ᠡᠮᠦᠨ᠎ᠡ ᠳᠣᠣᠷᠠᠬᠢ ᠡᠭᠦᠷᠭᠡ ᠶᠢ | ᠭᠦᠢᠴᠡᠳᠬᠡᠬᠦ ᠬᠡᠷᠡᠭᠲᠡᠢ᠄ | ︵ᠨᠢᠭᠡ︶ ᠠᠮᠢᠳᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠴᠢ ᠡᠷᠬᠡᠲᠡᠨ ᠤ ᠮᠡᠰᠡ ᠵᠠᠰᠠᠯ ᠣᠯᠬᠤ ᠠᠶᠤᠯ | ᠲᠦᠭᠰᠢᠭᠦᠷᠢ᠂ ᠮᠡᠷᠭᠡᠵᠢᠯ ᠤᠨ ᠳᠠᠷᠠᠭ᠎ᠠ ᠠᠩᠬᠠᠷᠬᠤ ᠵᠦᠢᠯ᠂ ᠭᠠᠷᠴᠤ ᠮᠡᠳᠡᠬᠦ ᠳᠠᠪᠬᠤᠴᠠᠬᠤ ᠡᠪᠡᠳᠴᠢᠨ ᠵᠢᠴᠢ | ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠬᠤ ᠶᠢᠨ ᠬᠠᠮᠲᠤ᠂ ᠠᠮᠢᠳᠤ ᠪᠡᠶ᠎ᠡ ᠶᠢᠨ ᠡᠷᠬᠡᠲᠡᠨ ᠢᠶᠠᠨ | ᠬᠠᠨᠳᠢᠪᠯᠠᠭᠴᠢ ᠲᠠᠢ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠲᠤ ᠭᠠᠷ ᠤᠨ ᠦᠰᠦᠭ ᠵᠢᠷᠤᠨ᠎ᠠ᠃ | ︵ᠬᠤᠶᠠᠷ︶ ᠠᠮᠢᠳᠤ ᠪᠡᠶ᠎ᠡ ᠶᠢᠨ ᠡᠷᠬᠡᠲᠡᠨ ᠨᠢ ᠬᠠᠨᠳᠢᠪᠯᠠᠭᠴᠢ ᠲᠡᠭᠦᠨ ᠤ ᠡᠷᠬᠡᠲᠡᠨ ᠢᠶᠠᠨ ᠬᠠᠨᠳᠢᠪᠯᠠᠬᠤ ᠶᠢ | ᠵᠥᠪᠰᠢᠶᠡᠷᠡᠭᠰᠡᠨ ᠪᠢᠴᠢᠭ᠂ ᠠᠮᠢᠳᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠴᠢ ᠲᠠᠢ ᠲᠣᠰ ᠲᠦᠷᠢᠮ ᠤᠨ ᠠᠷᠪᠠᠨ | ᠨᠢᠭᠡᠳᠦᠭᠡᠷ ᠵᠦᠢᠯ ᠳᠤ ᠲᠣᠭᠲᠠᠭᠠᠭᠰᠠᠨ ᠬᠠᠷᠢᠴᠠᠭᠠᠨ ᠳᠤ ᠣᠷᠣᠰᠢᠵᠤ ᠪᠠᠶᠢᠭ᠎ᠠ ᠶᠢ ᠭᠡᠷᠡᠴᠢᠯᠡᠬᠦ ᠮᠠᠲ᠋ᠧᠷᠢᠶᠠᠯ᠃ | ︵ᠭᠤᠷᠪᠠ︶ ᠠᠮᠢᠳᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠴᠢ ᠶᠢᠨ ᠪᠤᠰᠤᠳ ᠡᠷᠬᠡᠲᠡᠨ ᠤ ᠬᠡᠪ ᠢᠶᠠᠷ | ᠠᠵᠢᠯᠯᠠᠬᠤ ᠶᠢ ᠨᠥᠯᠦᠭᠡᠯᠡᠬᠦ ᠦᠭᠡᠢ ᠶᠢ ᠪᠠᠲᠤᠯᠠᠬᠤ᠃ | ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠡᠮᠴᠢᠯᠡᠭᠡᠨ ᠤ ᠪᠠᠶᠢᠭᠤᠯᠤᠮᠵᠢ ᠨᠤᠭᠤᠳ ᠠᠮᠢᠳᠤ ᠪᠡᠶ᠎ᠡ ᠶᠢᠨ | ᠡᠷᠬᠡᠲᠡᠨ ᠢᠶᠠᠨ ᠬᠠᠨᠳᠢᠪᠯᠡᠭ᠌ᠴᠢ ᠶᠢᠨ ᠠᠨᠠᠭᠠᠬᠤ ᠤᠬᠠᠭᠠᠨ ᠤ ᠮᠠᠲ᠋ᠧᠷᠢᠶᠠᠯ ᠢ ᠬᠠᠳᠠᠭᠠᠯᠠᠬᠤ ᠶᠢᠨ ᠬᠠᠮᠲᠤ ᠳᠠᠭᠠᠵᠤ | ᠰᠤᠷᠪᠤᠯᠵᠢᠯᠠᠬᠤ ᠬᠡᠷᠡᠭᠲᠡᠶ᠃ | ᠭᠤᠴᠢᠳᠤᠭᠠᠷ ᠵᠦᠢᠯ᠂ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠳ ᠬᠥᠮᠦᠨ ᠤ ᠪᠡᠶ᠎ᠡ ᠶᠢᠨ | ᠡᠷᠬᠡᠲᠡᠨ ᠣᠯᠬᠤ᠂ ᠰᠢᠯᠵᠢᠭᠦᠯᠬᠦ ᠳᠤ᠂ ᠶᠣᠰᠣ ᠰᠤᠷᠲᠠᠬᠤᠨ ᠤ ᠵᠠᠷᠴᠢᠮ ᠪᠠ ᠬᠠᠮᠢᠶ᠎ᠠ ᠪᠦᠬᠦᠢ ᠮᠡᠷᠭᠡᠵᠢᠯ ᠤᠨ | ᠡᠮᠴᠢᠯᠡᠭᠡᠨ ᠤ ᠬᠡᠷᠡᠭᠯᠡᠯᠲᠡ ᠶᠢᠨ ᠬᠠᠮᠢᠶᠠᠷᠤᠯᠲᠠ ᠶᠢᠨ ᠵᠢᠷᠤᠮᠵᠢᠯ ᠢ ᠵᠢᠷᠤᠮᠯᠠᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ᠂ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠳ ᠬᠥᠮᠦᠨ ᠤ | ᠪᠡᠶ᠎ᠡ ᠶᠢᠨ ᠡᠷᠬᠡᠲᠡᠨ ᠣᠯᠬᠤ ᠪᠠ ᠰᠢᠯᠵᠢᠭᠦᠯᠬᠦ ᠳᠤ᠂ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠰᠠᠳ ᠪᠣᠯᠤᠨ | ᠣᠯᠵᠤ ᠠᠪᠤᠭᠰᠠᠨ ᠬᠥᠮᠦᠨ ᠤ ᠪᠡᠶ᠎ᠡ ᠶᠢᠨ ᠡᠷᠬᠡᠲᠡᠨ ᠳᠤ ᠠᠨᠠᠭᠠᠬᠤ ᠤᠬᠠᠭᠠᠨ ᠤ ᠪᠠᠶᠢᠴᠠᠭᠠᠯᠲᠠ ᠬᠢᠵᠦ᠂ ᠬᠥᠮᠦᠨ ᠤ | ᠪᠡᠶ᠎ᠡ ᠶᠢᠨ ᠡᠷᠬᠡᠲᠡᠨ ᠢᠶᠠᠨ ᠰᠢᠯᠵᠢᠭᠦᠯᠬᠦ ᠲᠦᠭᠰᠢᠭᠦᠷᠢ ᠳᠤ ᠦᠨᠡᠯᠡᠯᠲᠡ ᠬᠢᠬᠦ ᠶᠢᠨ ᠬᠠᠮᠲᠤ ᠠᠷᠭ᠎ᠠ ᠬᠡᠮᠵᠢᠶ᠎ᠡ ᠠᠪᠴᠤ | ᠪᠠᠶᠢᠭᠠᠳ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠶ᠃ | ᠭᠤᠴᠢᠨ ᠬᠤᠶᠠᠳᠤᠭᠠᠷ ᠵᠦᠶᠢᠯ᠂ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠡᠮᠴᠢᠯᠡᠭᠡᠨ ᠤ | ᠪᠠᠶᠢᠭᠤᠯᠤᠮᠵᠢ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠮᠡᠰᠡ ᠵᠠᠰᠠᠯ ᠬᠢᠬᠦ ᠳᠡᠭᠡᠨ ᠭᠥᠯᠢᠶᠡᠨ ᠠᠪᠤᠭᠴᠢ ᠠᠴᠠ | ᠳᠣᠣᠷ᠎ᠠ ᠵᠢᠭᠰᠠᠭᠠᠭᠰᠠᠨ ᠵᠠᠷᠤᠳᠠᠯ ᠢ ᠬᠤᠷᠢᠶᠠᠬᠤ ᠠᠴᠠ ᠭᠠᠳᠠᠨ᠎ᠠ᠂ ᠡᠷᠬᠡᠲᠡᠨ ᠬᠦᠯᠢᠶᠡᠨ ᠠᠪᠤᠭᠴᠢ ᠠᠴᠠ ᠡᠯᠳᠡᠪ | ᠰᠦᠢᠳᠭᠡᠯ ᠬᠤᠷᠢᠶᠠᠵᠤ ᠪᠣᠯᠬᠤ ᠦᠭᠡᠢ᠄ | ︵ᠨᠢᠭᠡ︶ ᠠᠮᠢᠳᠤ ᠪᠡᠶ᠎ᠡ ᠶᠢᠨ ᠡᠷᠬᠡᠲᠡᠨ᠂ ᠡᠪᠡᠳᠴᠢᠨ ᠬᠤᠬᠢᠷᠠᠭᠰᠠᠨ ᠡᠷᠬᠡᠲᠡᠨ ᠢ ᠣᠭᠲᠣᠯᠵᠤ ᠬᠠᠶᠠᠬᠤ᠂ | ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠠᠴᠠ ᠪᠣᠯᠤᠭᠰᠠᠨ ᠮᠡᠰᠡ ᠵᠠᠰᠠᠯ ᠤᠨ ᠵᠠᠷᠤᠳᠠᠯ᠂ ᠪᠠᠶᠢᠴᠠᠭᠠᠬᠤ | ᠵᠠᠷᠤᠳᠠᠯ᠂ ᠰᠢᠯᠭᠠᠨ ᠪᠠᠶᠢᠴᠠᠭᠠᠬᠤ ᠵᠠᠷᠤᠳᠠᠯ ᠵᠡᠷᠭᠡ ᠡᠮᠴᠢᠯᠡᠭᠡᠨ ᠤ ᠦᠢᠯᠡᠴᠢᠯᠡᠭᠡᠨ ᠤ ᠵᠠᠷᠤᠳᠠᠯ ᠵᠢᠴᠢ ᠡᠮ ᠤᠨ ᠵᠠᠷᠤᠳᠠᠯ᠂ | ᠡᠮᠴᠢᠯᠡᠭᠡᠨ ᠳᠤ ᠬᠡᠷᠡᠭᠯᠡᠬᠦ ᠮᠠᠲ᠋ᠧᠷᠢᠶᠠᠯ ᠤᠨ ᠵᠠᠷᠤᠳᠠᠯ᠃ | ︵ᠬᠤᠶᠠᠷ︶ ᠪᠡᠶ᠎ᠡ ᠶᠢᠨ ᠡᠷᠬᠡᠲᠡᠨ ᠢᠶᠠᠨ ᠣᠯᠵᠤ ᠠᠪᠤᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠲᠥᠯᠦᠵᠦ | ᠭᠠᠷᠭᠠᠭᠰᠠᠨ ᠴᠢᠨᠳᠠᠷ ᠤᠨ ᠡᠷᠬᠡᠲᠡᠨ ᠤ ᠥᠪᠡᠷ ᠤᠨ ᠥᠷᠲᠡᠭ ᠤᠨ ᠵᠠᠷᠤᠳᠠᠯ ᠢ ᠤᠯᠬᠤ ᠬᠡᠷᠡᠭᠲᠡᠢ᠃ | ᠴᠢᠨᠳᠠᠷ ᠤᠨ ᠡᠷᠬᠡᠲᠡᠨ ᠨᠢ ᠥᠪᠡᠷ ᠤᠨ ᠥᠷᠲᠡᠭ ᠤᠨ ᠵᠠᠷᠤᠳᠠᠯ ᠣᠯᠵᠤ᠂ ᠲᠡᠷᠡ ᠨᠢ ᠴᠢᠨᠳᠠᠷ ᠢ ᠣᠯᠬᠤ ᠳᠤ | ᠡᠭᠦᠰᠦᠭᠰᠡᠨ ᠦᠨᠡᠯᠡᠨ ᠵᠢᠱᠢᠬᠦ᠂ ᠬᠠᠮᠠᠭᠠᠯᠠᠬᠤ᠂ ᠤᠯᠬᠤ᠂ ᠬᠠᠳᠠᠭᠠᠯᠠᠬᠤ᠂ ᠰᠡᠷᠭᠦᠭᠡᠬᠦ ᠪᠠ ᠵᠥᠭᠡᠭᠡᠪᠦᠷᠢᠯᠡᠬᠦ ᠵᠡᠷᠭᠡ | ᠥᠪᠡᠷ ᠤᠨ ᠥᠷᠲᠡᠭ ᠢ ᠪᠠᠭᠲᠠᠭᠠᠨ᠎ᠠ᠃ ᠪᠡᠶ᠎ᠡ ᠶᠢᠨ ᠡᠷᠬᠡᠲᠡᠨ ᠥᠪᠡᠷ ᠤᠨ ᠥᠷᠲᠡᠭ ᠤᠨ ᠵᠠᠷᠤᠳᠠᠯ ᠬᠤᠷᠢᠶᠠᠬᠤ | ᠵᠠᠷᠴᠢᠮ ᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ | ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠡᠮᠴᠢᠯᠡᠭᠡᠨ ᠤ | ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠵᠤ᠂ ᠪᠣᠳᠠᠲᠠᠶ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠬᠥᠭᠵᠢᠭᠦᠯᠦᠯᠲᠡ | ᠥᠭᠡᠷᠡᠴᠢᠯᠡᠯᠲᠡ᠂ ᠡᠳ᠋ ᠤᠨ ᠵᠠᠰᠠᠭ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠲᠣᠭᠲᠠᠭᠠᠨ᠎ᠠ᠃ | ᠪᠡᠶ᠎ᠡ ᠡᠷᠬᠡᠲᠡᠨ ᠤ ᠠᠵᠢᠯᠯᠠᠭ᠎ᠠ ᠬᠢᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠴᠢᠨᠳᠠᠷ ᠤᠨ ᠡᠷᠬᠡᠲᠡᠨ ᠳᠤ | ᠥᠪᠡᠷ ᠤᠨ ᠥᠷᠲᠡᠭ ᠤᠨ ᠵᠠᠷᠤᠳᠠᠯ ᠮᠥᠩᠭᠦ ᠶᠢ ᠲᠤᠰ ᠲᠤ ᠨᠢ ᠲᠣᠭᠠᠴᠠᠭ᠎ᠠ ᠬᠢᠬᠦ ᠬᠡᠷᠡᠭᠲᠡᠢ᠃ | ᠭᠤᠴᠢᠨ ᠭᠤᠷᠪᠠᠳᠤᠭᠠᠷ ᠵᠦᠢᠯ᠂ ᠬᠥᠮᠦᠨ ᠤ ᠪᠡᠶ᠎ᠡ ᠶᠢᠨ ᠡᠷᠬᠡᠲᠡᠨ ᠢ ᠬᠠᠨᠳᠢᠪᠯᠠᠬᠤ ᠶᠢᠨ ᠵᠣᠬᠢᠴᠠᠭᠤᠯᠤᠭᠴᠢ᠂ | ᠡᠮᠴᠢᠯᠡᠭᠡᠨ ᠤ ᠪᠠᠶᠢᠭᠤᠯᠤᠮᠵᠢ ᠵᠢᠴᠢ ᠠᠵᠢᠯᠲᠠᠳ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠴᠢ᠂ ᠬᠦᠯᠢᠶᠡᠨ | ᠠᠪᠤᠭᠴᠢ ᠪᠣᠯᠤᠨ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠮᠡᠰᠡ ᠵᠠᠰᠠᠯ ᠢᠶᠠᠷ ᠭᠤᠶᠤᠴᠢᠯᠠᠭᠰᠠᠨ | ᠡᠪᠡᠳᠴᠢᠲᠡᠨ ᠤ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠶᠢᠯ᠂ ᠤᠯᠤᠰ ᠠᠴᠠ ᠬᠥᠮᠦᠨ ᠤ ᠪᠡᠶ᠎ᠡ ᠶᠢᠨ ᠡᠷᠬᠡᠲᠡᠨ ᠢ ᠣᠯᠬᠤ᠂ ᠰᠢᠯᠵᠢᠭᠦᠯᠬᠦ | ᠡᠪᠡᠳᠴᠢᠨ ᠤ ᠵᠢᠱᠢᠶ᠎ᠡ ᠶᠢ ᠳᠠᠩᠰᠠᠯᠠᠵᠤ ᠮᠡᠳᠡᠭᠦᠯᠬᠦ ᠳᠦᠷᠢᠮ ᠢ ᠪᠠᠶᠢᠭᠤᠯᠤᠨ᠎ᠠ᠃ ᠬᠥᠮᠦᠨ ᠤ ᠪᠡᠶ᠎ᠡ ᠶᠢᠨ ᠡᠷᠬᠡᠲᠡᠨ | ᠣᠯᠬᠤ᠂ ᠰᠢᠯᠵᠢᠭᠦᠯᠬᠦ ᠡᠮᠴᠢᠯᠡᠭᠡᠨ ᠤ ᠪᠠᠶᠢᠭᠤᠯᠤᠮᠵᠢ ᠨᠢ ᠬᠥᠮᠦᠨ ᠤ ᠪᠡᠶ᠎ᠡ ᠶᠢᠨ ᠡᠷᠬᠡ ᠮᠡᠳᠡᠯ ᠢ ᠣᠯᠤᠭᠰᠠᠨ᠂ | ᠰᠢᠯᠵᠢᠭᠦᠯᠦᠭᠰᠡᠨ ᠪᠠᠶᠢᠳᠠᠯ ᠢᠶᠠᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠶ᠃ | ᠳᠥᠷᠪᠡᠳᠦᠭᠡᠷ ᠪᠦᠯᠦᠭ᠂ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠲᠠᠪᠤᠳᠤᠭᠠᠷ ᠵᠦᠢᠯ᠂ ᠤᠯᠤᠰ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ | ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠵᠦ᠂ ᠬᠥᠮᠦᠨ ᠤ ᠪᠡᠶ᠎ᠡ ᠶᠢᠨ | ᠡᠷᠬᠡᠲᠡᠨ ᠢᠶᠠᠨ ᠬᠠᠨᠳᠢᠪᠯᠠᠬᠤ ᠪᠠ ᠰᠢᠯᠵᠢᠭᠦᠯᠬᠦ ᠳᠤᠮᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠭᠤᠴᠢᠨ ᠵᠢᠷᠭᠤᠳᠤᠭᠠᠷ ᠵᠦᠢᠯ᠂ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠳᠣᠤᠷᠠᠬᠢ ᠪᠠᠶᠢᠳᠠᠯ ᠤᠨ | ᠨᠢᠭᠡ ᠨᠢ ᠪᠠᠶᠢᠵᠤ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠋᠄ | ︵ᠨᠢᠭᠡ︶ ᠪᠤᠰᠤᠳ ᠢ ᠵᠣᠬᠢᠶᠠᠨ ᠪᠠᠶᠢᠭᠤᠯᠵᠤ ᠬᠥᠮᠦᠨ ᠤ ᠪᠡᠶ᠎ᠡ ᠶᠢᠨ ᠡᠷᠬᠡᠲᠡᠨ ᠢ ᠬᠤᠳᠠᠯᠳᠤᠬᠤ᠃ | ︵ᠬᠤᠶᠠᠷ︶ ᠲᠤᠰ ᠬᠥᠮᠥᠨ ᠤ ᠵᠥᠪᠰᠢᠶᠡᠷᠡᠯ ᠦᠭᠡᠢ ᠪᠠᠷ ᠠᠮᠢᠳᠤ ᠪᠡᠶ᠎ᠡ ᠶᠢᠨ ᠡᠷᠬᠡᠲᠡᠨ ᠢ ᠣᠯᠵᠤ ᠠᠪᠬᠤ᠂ | ᠡᠰᠡᠬᠦᠯ᠎ᠡ ᠪᠦᠬᠦᠯᠢ 18 ᠨᠠᠰᠤ ᠬᠦᠷᠦᠭᠡᠳᠦᠢ ᠠᠷᠠᠳ ᠢᠷᠭᠡᠨ ᠤ ᠠᠮᠢᠳᠤ ᠪᠡᠶ᠎ᠡ ᠶᠢᠨ ᠡᠷᠬᠡᠲᠡᠨ ᠢ ᠣᠯᠬᠤ᠂ ᠡᠰᠡᠬᠦᠯ᠎ᠡ | ᠪᠤᠰᠤᠳ ᠤᠨ ᠬᠥᠮᠥᠨ ᠤ ᠠᠮᠢᠳᠤ ᠪᠡᠶ᠎ᠡ ᠶᠢᠨ ᠡᠷᠬᠡᠲᠡᠨ ᠢᠶᠠᠨ ᠠᠯᠪᠠᠳᠠᠬᠤ ᠪᠤᠶᠤ ᠬᠠᠭᠤᠷᠴᠤ ᠠᠮᠢᠳᠤ ᠪᠡᠶ᠎ᠡ ᠶᠢᠨ | ᠡᠷᠬᠡᠲᠡᠨ ᠢ ᠬᠠᠨᠳᠢᠪᠯᠠᠭᠤᠯᠬᠤ᠃ | ︵ᠭᠤᠷᠪᠠ︶ ᠲᠤᠰ ᠬᠥᠮᠦᠨ ᠤ ᠠᠮᠢᠳᠤ ᠰᠡᠷᠡᠭᠦᠨ ᠪᠠᠶᠢᠬᠤ ᠠᠴᠠ ᠪᠠᠨ ᠡᠮᠦᠨ᠎ᠡ ᠲᠡᠭᠦᠨ ᠤ ᠴᠢᠨᠳᠠᠷ ᠢ ᠣᠯᠬᠤ | ᠪᠤᠶᠤ ᠲᠤᠰ ᠬᠥᠮᠦᠨ ᠨᠢ ᠠᠮᠢᠳᠤ ᠰᠡᠷᠡᠭᠦᠨ ᠪᠠᠶᠢᠬᠤ ᠳᠠᠭᠠᠨ ᠴᠢᠨᠳᠠᠷ ᠬᠠᠳᠠᠭᠠᠯᠠᠬᠤ ᠶᠢ ᠵᠥᠪᠰᠢᠶᠡᠷᠡᠭᠰᠡᠨ ᠢᠶᠠᠨ | ᠢᠯᠡᠷᠬᠡᠶᠢᠯᠡᠭᠰᠡᠨ ᠦᠭᠡᠢ ᠪᠠᠶᠢᠳᠠᠯ ᠳᠣᠣᠷ᠎ᠠ᠂ ᠤᠯᠤᠰ ᠤᠨ ᠲᠣᠭᠲᠠᠭᠠᠯ ᠢ ᠵᠥᠷᠢᠴᠡᠵᠦ᠂ ᠲᠡᠭᠦᠨ ᠤ ᠬᠠᠨᠢ ᠨᠥᠬᠦᠷ᠂ | ᠨᠠᠰᠤᠨ ᠳᠤ ᠬᠥᠷᠥᠭᠰᠡᠨ ᠦᠷ᠎ᠡ ᠬᠡᠦᠬᠡᠳ᠂ ᠡᠴᠢᠭᠡ ᠡᠬᠡ ᠶᠢᠨ ᠬᠢᠨ ᠤ ᠬᠦᠰᠡᠯ ᠰᠠᠨᠠᠭ᠎ᠠ ᠠᠴᠠ ᠵᠥᠷᠢᠴᠡᠨ | ᠴᠢᠨᠳᠠᠷ ᠠᠴᠠ ᠣᠯᠤᠭᠰᠠᠨ ᠡᠷᠬᠡᠲᠡᠨ᠃ | ᠡᠮᠨᠡᠯᠭᠡ ᠶᠢᠨ ᠠᠵᠢᠯᠲᠠᠨ ᠳᠤ ᠡᠮᠦᠨᠡᠬᠢ ᠵᠤᠷᠪᠤᠰ ᠲᠤ ᠵᠢᠭᠰᠠᠭᠠᠭᠰᠠᠨ ᠪᠠᠶᠢᠳᠠᠯ ᠲᠠᠢ ᠪᠠᠶᠢᠵᠤ᠂ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠪᠠᠶᠢᠪᠠᠯ᠂ ᠤᠤᠯ ᠤᠨ ᠠᠵᠢᠯ ᠡᠷᠬᠢᠯᠡᠬᠦ | ᠳᠠᠩᠰᠠᠯᠠᠭᠤᠯᠤᠭᠰᠠᠨ ᠰᠠᠯᠠᠭ᠎ᠠ ᠮᠥᠴᠢᠷ ᠨᠢ ᠠᠵᠢᠯ ᠡᠷᠬᠢᠯᠡᠬᠦ ᠦᠨᠡᠮᠯᠡᠯ ᠢᠶᠠᠨ ᠬᠤᠷᠢᠶᠠᠨ ᠠᠪᠴᠤ ᠬᠦᠴᠦᠨ ᠦᠭᠡᠶ | ᠪᠣᠯᠭᠠᠵᠤ᠂ ᠨᠠᠰᠤᠨ ᠲᠤᠷᠰᠢᠳᠠ ᠲᠡᠭᠦᠨ ᠤ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠬᠢᠬᠦ ᠶᠢ ᠴᠠᠭᠠᠵᠠᠯᠠᠨ᠎ᠠ᠃ | ᠭᠤᠴᠢᠨ ᠳᠣᠯᠣᠳᠤᠭᠠᠷ ᠵᠦᠢᠯ᠂ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠬᠥᠮᠦᠨ ᠤ ᠪᠡᠶ᠎ᠡ ᠶᠢᠨ | ᠡᠷᠬᠡᠲᠡᠨ ᠢ ᠬᠤᠳᠠᠯᠳᠤᠭᠠᠯᠠᠭᠰᠠᠨ ᠪᠤᠶᠤ ᠬᠥᠮᠦᠨ ᠤ ᠪᠡᠶ᠎ᠡ ᠶᠢᠨ ᠡᠷᠬᠡᠲᠡᠨ ᠲᠠᠢ ᠬᠤᠯᠪᠣᠭᠳᠠᠬᠤ ᠠᠵᠢᠯᠯᠠᠭ᠎ᠠ ᠬᠢᠭᠰᠡᠨ | ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠠᠤᠯᠢ ᠠᠴᠠ ᠭᠠᠳᠠᠨᠠᠬᠢ ᠣᠯᠵᠠᠪᠤᠷᠢ ᠶᠢ ᠨᠢ | ᠬᠤᠷᠢᠶᠠᠮᠵᠢᠯᠠᠬᠤ ᠶᠢᠨ ᠬᠠᠮᠲᠤ ᠠᠷᠠᠯᠵᠢᠶᠠᠨ ᠤ ᠲᠤᠭ᠎ᠠ ᠶᠢᠨ 10 ᠳᠠᠬᠢᠨ ᠠᠴᠠ ᠳᠡᠭᠡᠭᠰᠢ 20 ᠳᠠᠬᠢᠨ ᠠᠴᠠ | ᠳᠣᠷᠣᠭᠰᠢ ᠵᠣᠭᠤᠰ ᠢᠶᠠᠷ ᠲᠣᠷᠭᠠᠨ᠎ᠠ᠃ ᠡᠮᠴᠢᠯᠡᠭᠡᠨ ᠤ ᠪᠠᠶᠢᠭᠤᠯᠤᠮᠵᠢ ᠠᠴᠠ ᠳᠡᠭᠡᠷ᠎ᠡ ᠳᠤᠷᠠᠳᠤᠭᠰᠠᠨ ᠠᠵᠢᠯᠯᠠᠭ᠎ᠠ ᠳᠤ | ᠣᠷᠣᠯᠴᠠᠪᠠᠯ᠂ ᠪᠠᠰᠠ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠠᠴᠠ ᠲᠤᠰ ᠡᠮᠴᠢᠯᠡᠭᠡᠨ ᠤ | ᠪᠠᠶᠢᠭᠤᠯᠤᠮᠵᠢ ᠶᠢᠨ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠦᠨ ᠣᠨᠣᠰᠢᠯᠠᠨ ᠡᠮᠨᠡᠬᠦ ᠵᠦᠢᠯ ᠢ ᠨᠢ ᠬᠤᠷᠢᠶᠠᠨ | ᠠᠪᠴᠤ ᠬᠦᠴᠦᠨ ᠦᠭᠡᠶ ᠪᠣᠯᠭᠠᠬᠤ ᠶᠢᠨ ᠬᠠᠮᠲᠤ ᠬᠠᠷᠢᠭᠤᠴᠠᠯᠭ᠎ᠠ ᠡᠭᠦᠷᠭᠡᠯᠡᠵᠦ ᠪᠦᠬᠦᠢ ᠤᠳᠤᠷᠢᠳᠬᠤ ᠬᠥᠮᠦᠰ | ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠳᠬᠡᠯ ᠣᠯᠭᠤᠬᠤ ᠶᠢᠨ ᠬᠠᠮᠲᠤ | ᠬᠠᠷᠢᠭᠤᠴᠠᠯᠭ᠎ᠠ ᠡᠭᠦᠷᠭᠡᠯᠡᠵᠦ ᠪᠦᠬᠦᠢ ᠤᠳᠤᠷᠢᠳᠬᠤ ᠬᠥᠮᠦᠰ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ | ᠬᠠᠤᠯᠢ ᠶᠣᠰᠣᠭᠠᠷ ᠰᠢᠳᠬᠡᠯ ᠣᠯᠭᠤᠨ᠎ᠠ᠃ | ᠠᠯᠪᠠᠨ ᠠᠵᠢᠯᠲᠠᠨ ᠬᠥᠮᠦᠨ ᠤ ᠪᠡᠶ᠎ᠡ ᠶᠢᠨ ᠡᠷᠬᠡ ᠮᠡᠳᠡᠯ ᠢ ᠬᠤᠳᠠᠯᠳᠤᠭᠠᠯᠠᠬᠤ ᠪᠤᠶᠤ ᠬᠥᠮᠦᠨ ᠤ ᠪᠡᠶ᠎ᠡ ᠶᠢᠨ | ᠡᠷᠬᠡ ᠮᠡᠳᠡᠯ ᠢ ᠬᠤᠳᠠᠯᠳᠤᠭᠠᠯᠠᠬᠤ ᠳᠤ ᠣᠷᠣᠯᠴᠠᠭᠰᠠᠨ ᠪᠣᠯ ᠬᠠᠤᠯᠢ ᠶᠣᠰᠣᠭᠠᠷ ᠲᠤᠰᠢᠶᠠᠯ ᠠᠴᠠ ᠨᠢ | ᠣᠭᠴᠣᠷᠠᠭᠤᠯᠬᠤ᠂ ᠠᠵᠢᠯ ᠠᠴᠠ ᠨᠢ ᠬᠥᠭᠡᠭᠡᠬᠦ ᠰᠢᠳᠬᠡᠯ ᠣᠯᠭᠤᠨ᠎ᠠ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠨᠠᠢᠮᠠᠳᠤᠭᠠᠷ ᠵᠦᠢᠯ᠂ ᠡᠮᠴᠢᠯᠡᠭᠡᠨ ᠤ ᠪᠠᠶᠢᠭᠤᠯᠤᠮᠵᠢ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ | ᠲᠥᠷᠥᠯ ᠵᠦᠢᠯ ᠢᠶᠠᠷ ᠳᠠᠩᠰᠠᠯᠠᠭᠤᠯᠤᠭᠰᠠᠨ ᠦᠭᠡᠶ᠂ ᠬᠥᠮᠦᠨ ᠤ ᠪᠡᠶ᠎ᠡ ᠶᠢᠨ ᠡᠷᠬᠡᠲᠡᠨ ᠢ ᠳᠤᠷ᠎ᠠ ᠪᠠᠷ ᠢᠶᠠᠨ | ᠰᠢᠯᠵᠢᠭᠦᠯᠦᠭᠰᠡᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠠᠤᠯᠢ ᠠᠴᠠ ᠭᠠᠳᠠᠨᠠᠬᠢ | ᠣᠯᠵᠠᠪᠤᠷᠢ ᠶᠢ ᠨᠢ ᠬᠤᠷᠢᠶᠠᠮᠵᠢᠯᠠᠬᠤ ᠶᠢᠨ ᠬᠠᠮᠲᠤ ᠬᠠᠤᠯᠢ ᠠᠴᠠ ᠭᠠᠳᠠᠨᠠᠬᠢ ᠣᠯᠵᠠᠪᠤᠷᠢ ᠶᠢᠨ ᠬᠢᠨᠢ 10 ᠳᠠᠬᠢᠨ ᠠᠴᠠ | ᠳᠡᠭᠡᠭᠰᠢ 20 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ᠂ 5 ᠵᠢᠯ ᠤᠨ ᠳᠣᠲᠣᠷ᠎ᠠ ᠬᠥᠮᠦᠨ ᠤ ᠪᠡᠶ᠎ᠡ ᠶᠢᠨ | ᠡᠷᠬᠡᠲᠡᠨ ᠣᠯᠬᠤ ᠪᠤᠶᠤ ᠬᠥᠮᠦᠨ ᠤ ᠪᠡᠶ᠎ᠡ ᠶᠢᠨ ᠡᠷᠬᠡᠲᠡᠨ ᠰᠢᠯᠵᠢᠭᠦᠯᠬᠦ ᠶᠢ ᠨᠢ ᠴᠠᠭᠠᠵᠠᠯᠠᠬᠤ ᠶᠢᠨ ᠬᠠᠮᠲᠤ | ᠬᠠᠷᠢᠭᠤᠴᠠᠯᠭ᠎ᠠ ᠡᠭᠦᠷᠭᠡᠯᠡᠵᠦ ᠪᠦᠬᠦᠢ ᠤᠳᠤᠷᠢᠳᠬᠤ ᠬᠥᠮᠦᠰ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ | ᠬᠠᠤᠯᠢ ᠶᠣᠰᠣᠭᠠᠷ ᠰᠢᠳᠬᠡᠯ ᠥᠭᠴᠦ᠂ ᠬᠤᠯᠪᠣᠭᠳᠠᠯ ᠪᠦᠬᠦᠢ ᠡᠮᠨᠡᠯᠭᠡ ᠶᠢᠨ ᠠᠵᠢᠯᠲᠠᠨ ᠳᠤ 1 ᠵᠢᠯ ᠤᠨ ᠠᠵᠢᠯ | ᠡᠷᠬᠢᠯᠡᠬᠦ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠨ᠎ᠠ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠪᠠᠰᠠ | ᠤᠤᠯ ᠤᠨ ᠠᠵᠢᠯ ᠡᠷᠬᠢᠯᠡᠬᠦ ᠳᠠᠩᠰᠠᠯᠠᠭᠤᠯᠤᠭᠰᠠᠨ ᠰᠠᠯᠠᠭ᠎ᠠ ᠮᠥᠴᠢᠷ ᠠᠴᠠ ᠲᠤᠰ ᠡᠮᠴᠢᠯᠡᠭᠡᠨ ᠤ ᠪᠠᠶᠢᠭᠤᠯᠤᠮᠵᠢ ᠶᠢᠨ | ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠶ ᠪᠣᠯᠭᠠᠬᠤ ᠪᠤᠶᠤ ᠤᠤᠯ ᠤᠨ | ᠳᠠᠩᠰᠠᠯᠠᠭᠤᠯᠤᠭᠰᠠᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠠᠵᠢᠯ ᠡᠷᠬᠢᠯᠡᠬᠦ ᠠᠵᠢᠯᠯᠠᠭ᠎ᠠ ᠶᠢ ᠨᠢ | ᠵᠣᠭᠰᠣᠭᠠᠬᠤ ᠶᠢᠨ ᠬᠠᠮᠲᠤ ᠤᠤᠯ ᠤᠨ ᠠᠵᠢᠯ ᠡᠷᠬᠢᠯᠡᠬᠦ ᠳᠠᠩᠰᠠᠯᠠᠭᠤᠯᠤᠭᠰᠠᠨ ᠰᠠᠯᠠᠭ᠎ᠠ ᠮᠥᠴᠢᠷ ᠠᠴᠠ ᠬᠤᠯᠪᠣᠭᠳᠠᠯ | ᠪᠦᠬᠦᠢ ᠡᠮᠨᠡᠯᠭᠡ ᠶᠢᠨ ᠠᠵᠢᠯᠲᠠᠨ ᠤ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠶ ᠪᠣᠯᠭᠠᠬᠤ | ᠬᠡᠷᠡᠭᠲᠡᠶ᠃ | ᠡᠮ ᠡᠮᠨᠡᠯᠭᠡ ᠶᠢᠨ ᠪᠠᠶᠢᠭᠤᠯᠤᠮᠵᠢ ᠨᠢ ᠲᠤᠰ ᠳᠦᠷᠢᠮ ᠤᠨ ᠬᠤᠷᠢᠨ ᠭᠤᠷᠪᠠᠳᠤᠭᠠᠷ ᠵᠦᠢᠯ ᠤᠨ ᠬᠤᠶᠠᠳᠤᠭᠠᠷ | ᠵᠤᠷᠪᠤᠰ ᠲᠤ ᠲᠣᠭᠲᠠᠭᠠᠭᠰᠠᠨ ᠨᠥᠬᠦᠴᠡᠯ ᠢ ᠳᠠᠬᠢᠵᠤ ᠪᠦᠷᠢᠯᠳᠦᠭᠦᠯᠬᠦ ᠦᠭᠡᠶ ᠪᠥᠭᠡᠳ ᠬᠥᠮᠦᠨ ᠤ ᠪᠡᠶ᠎ᠡ ᠶᠢᠨ | ᠡᠷᠬᠡᠲᠡᠨ ᠢ ᠮᠥᠨ ᠬᠦ ᠰᠢᠯᠵᠢᠭᠦᠯᠦᠭᠰᠡᠨ ᠪᠣᠯ᠂ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠠᠴᠠ | ᠬᠠᠤᠯᠢ ᠠᠴᠠ ᠭᠠᠳᠠᠨᠠᠬᠢ ᠣᠯᠵᠠᠪᠤᠷᠢ ᠶᠢ ᠨᠢ ᠬᠤᠷᠢᠶᠠᠮᠵᠢᠯᠠᠨ ᠠᠪᠬᠤ ᠶᠢᠨ ᠬᠠᠮᠲᠤ᠂ ᠬᠠᠤᠯᠢ ᠠᠴᠠ ᠭᠠᠳᠠᠨᠠᠬᠢ | ᠣᠯᠵᠠᠪᠤᠷᠢ ᠶᠢᠨ ᠬᠢᠨᠢ 5 ᠳᠡᠭᠢᠨ ᠠᠴᠠ ᠳᠡᠭᠡᠭᠰᠢ 10 ᠳᠡᠭᠢᠨ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠲᠤᠰ | ᠡᠮᠴᠢᠯᠡᠭᠡᠨ ᠤ ᠪᠠᠶᠢᠭᠤᠯᠤᠮᠵᠢ ᠶᠢᠨ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠡᠮᠴᠢᠯᠡᠭᠡᠨ ᠤ ᠵᠦᠢᠯ ᠢ ᠨᠢ | ᠬᠤᠷᠢᠶᠠᠨ ᠠᠪᠴᠤ ᠬᠦᠴᠦᠨ ᠦᠭᠡᠶ ᠪᠣᠯᠭᠠᠵᠤ᠂ 3 ᠵᠢᠯ ᠤᠨ ᠳᠣᠲᠣᠷ᠎ᠠ ᠬᠥᠮᠦᠨ ᠤ ᠪᠡᠶ᠎ᠡ ᠶᠢᠨ ᠡᠷᠬᠡᠲᠡᠨ ᠢ | ᠰᠢᠯᠵᠢᠭᠦᠯᠬᠦ ᠪᠤᠶᠤ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠪᠠᠷ ᠭᠤᠶᠤᠴᠢᠯᠠᠬᠤ ᠶᠢᠨ ᠬᠠᠮᠲᠤ ᠬᠠᠷᠢᠭᠤᠴᠠᠯᠭ᠎ᠠ | ᠡᠭᠦᠷᠭᠡᠯᠡᠵᠦ ᠪᠦᠬᠦᠢ ᠤᠳᠤᠷᠢᠳᠬᠤ ᠬᠥᠮᠦᠰ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ | ᠶᠣᠰᠣᠭᠠᠷ ᠰᠢᠳᠬᠡᠯ ᠥᠭᠬᠦ ᠬᠡᠷᠡᠭᠲᠡᠶ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠪᠠᠰᠠ ᠤᠤᠯ ᠤᠨ ᠠᠵᠢᠯ | ᠡᠷᠬᠢᠯᠡᠬᠦ ᠳᠠᠩᠰᠠ ᠶᠢᠨ ᠰᠠᠯᠠᠭ᠎ᠠ ᠮᠥᠴᠢᠷ ᠠᠴᠠ ᠲᠤᠰ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ | ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠶ ᠪᠣᠯᠭᠠᠬᠤ ᠶᠢᠨ ᠬᠠᠮᠲᠤ᠂ ᠬᠤᠯᠪᠣᠭᠳᠠᠯ ᠪᠦᠬᠦᠢ | ᠡᠮᠨᠡᠯᠭᠡ ᠶᠢᠨ ᠠᠵᠢᠯᠲᠠᠨ ᠢ ᠵᠠᠷᠯᠢᠭᠳᠠᠵᠤ ᠪᠠᠶᠢᠭᠠᠳ 6 ᠰᠠᠷ᠎ᠠ ᠠᠴᠠ ᠳᠡᠭᠡᠭᠰᠢ 1 ᠵᠢᠯ ᠠᠴᠠ ᠳᠣᠷᠣᠭᠰᠢ ᠠᠵᠢᠯ | ᠡᠷᠬᠢᠯᠡᠬᠦ ᠠᠵᠢᠯᠯᠠᠭ᠎ᠠ ᠶᠢ ᠨᠢ ᠲᠦᠷ ᠵᠣᠭᠰᠣᠭᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ᠂ ᠡᠮ ᠡᠮᠨᠡᠯᠭᠡ ᠶᠢᠨ ᠪᠠᠶᠢᠭᠤᠯᠤᠮᠵᠢ ᠨᠢ ᠲᠤᠰ ᠳᠦᠷᠢᠮ ᠤᠨ ᠬᠤᠷᠢᠨ | ᠳᠣᠯᠣᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠦᠭᠡᠶ ᠬᠥᠮᠦᠰ ᠢ ᠲᠣᠬᠢᠷᠠᠭᠤᠯᠤᠨ ᠬᠥᠮᠦᠨ ᠤ ᠪᠡᠶ᠎ᠡ ᠶᠢᠨ | ᠡᠷᠬᠡᠲᠡᠨ ᠢ ᠰᠢᠯᠵᠢᠭᠦᠯᠬᠦ ᠮᠡᠰᠡ ᠵᠠᠰᠠᠯ ᠬᠢᠯᠭᠡᠭᠰᠡᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠠᠤᠯᠢ ᠠᠴᠠ | ᠭᠠᠳᠠᠨᠠᠬᠢ ᠣᠯᠵᠠᠪᠤᠷᠢ ᠶᠢ ᠨᠢ ᠬᠤᠷᠢᠶᠠᠮᠵᠢᠯᠠᠨ ᠠᠪᠬᠤ ᠶᠢᠨ ᠬᠠᠮᠲᠤ 10 ᠲᠦᠮᠡᠨ ᠲᠥᠭᠦᠷᠢᠭ ᠠᠴᠠ ᠳᠡᠭᠡᠭᠰᠢ 50 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠤᠤᠯ ᠤᠨ ᠳᠠᠩᠰᠠᠯᠠᠭᠤᠯᠤᠭᠰᠠᠨ ᠰᠠᠯᠠᠭ᠎ᠠ | ᠮᠥᠴᠢᠷ ᠠᠴᠠ ᠲᠤᠰ ᠡᠮᠴᠢᠯᠡᠭᠡᠨ ᠤ ᠪᠠᠶᠢᠭᠤᠯᠤᠮᠵᠢ ᠶᠢᠨ ᠬᠥᠮᠦᠨ ᠤ ᠪᠡᠶ᠎ᠡ ᠶᠢᠨ ᠡᠷᠬᠡᠲᠡᠨ ᠰᠢᠯᠵᠢᠭᠦᠯᠬᠦ ᠡᠮᠴᠢᠯᠡᠭᠡᠨ ᠤ | ᠵᠦᠢᠯ ᠢ ᠨᠢ ᠬᠤᠷᠢᠶᠠᠨ ᠠᠪᠴᠤ ᠬᠦᠴᠦᠨ ᠦᠭᠡᠶ ᠪᠣᠯᠭᠠᠵᠤ᠂ ᠲᠡᠭᠦᠨ ᠤ 3 ᠵᠢᠯ ᠤᠨ ᠳᠣᠲᠣᠷ᠎ᠠ ᠬᠥᠮᠦᠨ ᠤ | ᠪᠡᠶ᠎ᠡ ᠶᠢᠨ ᠡᠷᠬᠡᠲᠡᠨ ᠣᠯᠬᠤ ᠪᠤᠶᠤ ᠬᠥᠮᠦᠨ ᠤ ᠪᠡᠶ᠎ᠡ ᠶᠢᠨ ᠡᠷᠬᠡᠲᠡᠨ ᠰᠢᠯᠵᠢᠭᠦᠯᠬᠦ ᠶᠢ ᠭᠤᠶᠤᠴᠢᠯᠠᠬᠤ ᠶᠢᠨ ᠬᠠᠮᠲᠤ | ᠬᠠᠷᠢᠭᠤᠴᠠᠯᠭ᠎ᠠ ᠡᠭᠦᠷᠭᠡᠯᠡᠵᠦ ᠪᠦᠬᠦᠢ ᠤᠳᠤᠷᠢᠳᠬᠤ ᠬᠥᠮᠦᠰ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠵᠦ | ᠪᠦᠬᠦᠢ ᠬᠥᠮᠦᠰ ᠲᠤ ᠬᠠᠤᠯᠢ ᠶᠣᠰᠣᠭᠠᠷ ᠰᠢᠳᠬᠡᠯ ᠣᠯᠭᠤᠨ᠎ᠠ᠃ | ᠳᠥᠴᠢᠳᠦᠭᠡᠷ ᠵᠦᠢᠯ᠂ ᠡᠮᠴᠢᠯᠡᠭᠡᠨ ᠤ ᠪᠠᠶᠢᠭᠤᠯᠤᠮᠵᠢ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ | ᠳᠣᠣᠷᠠᠬᠢ ᠵᠢᠭᠰᠠᠭᠠᠭᠰᠠᠨ ᠪᠠᠶᠢᠳᠠᠯ ᠤᠨ ᠠᠯᠢ ᠨᠢᠭᠡ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ | ᠬᠠᠤᠯᠢ ᠪᠤᠰᠤ ᠣᠯᠵᠠ ᠠᠰᠢᠭ ᠢ ᠨᠢ ᠬᠤᠷᠢᠶᠠᠨ ᠠᠪᠴᠤ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠷᠢᠭᠤᠴᠠᠯᠭ᠎ᠠ ᠲᠠᠢ ᠤᠳᠤᠷᠢᠳᠬᠤ ᠬᠥᠮᠥᠨ | ᠪᠣᠯᠣᠨ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ᠂ ᠬᠤᠯᠪᠣᠭᠳᠠᠯ ᠪᠦᠬᠦᠢ | ᠡᠮᠨᠡᠯᠭᠡ ᠶᠢᠨ ᠠᠵᠢᠯᠲᠠᠨ ᠨᠢ 6 ᠰᠠᠷ᠎ᠠ ᠠᠴᠠ 1 ᠵᠢᠯ ᠤᠨ ᠳᠣᠲᠤᠷ᠎ᠠ ᠠᠵᠢᠯ ᠡᠷᠬᠢᠯᠡᠬᠦ ᠠᠵᠢᠯᠯᠠᠭ᠎ᠠ ᠶᠢ ᠲᠦᠷ | ᠵᠣᠭᠰᠣᠭᠠᠬᠤ ᠪᠠᠷ ᠵᠠᠷᠯᠢᠭᠳᠠᠬᠤ ᠶᠢᠨ ᠬᠠᠮᠲᠤ ᠣᠣᠯ ᠤᠨ ᠳᠠᠩᠰᠠᠯᠠᠨ ᠲᠡᠮᠳᠡᠭᠯᠡᠭᠰᠡᠨ ᠰᠠᠯᠠᠭ᠎ᠠ ᠮᠦᠴᠢᠷ ᠠᠴᠠ ᠲᠤᠰ | ᠡᠮ ᠡᠮᠨᠡᠯᠭᠡ ᠶᠢᠨ ᠪᠠᠶᠢᠭᠤᠯᠤᠮᠵᠢ ᠶᠢᠨ ᠬᠦᠮᠦᠨ ᠤ ᠪᠡᠶ᠎ᠡ ᠶᠢᠨ ᠡᠷᠭᠡᠨ ᠢ ᠰᠢᠯᠵᠢᠭᠦᠯᠬᠦ ᠲᠦᠷᠦᠯ ᠵᠦᠢᠯ ᠢ ᠬᠦᠴᠦᠨ | ᠦᠭᠡᠢ ᠪᠣᠯᠭᠠᠨ᠎ᠠ᠂ 3 ᠵᠢᠯ ᠤᠨ ᠳᠣᠲᠣᠷ᠎ᠠ ᠬᠥᠮᠥᠨ ᠤ ᠪᠡᠶ᠎ᠡ ᠶᠢᠨ ᠡᠷᠬᠡᠲᠡᠨ ᠢ ᠣᠯᠬᠤ ᠪᠤᠶᠤ ᠬᠥᠮᠥᠨ ᠤ ᠪᠡᠶ᠎ᠡ ᠶᠢᠨ | ᠡᠷᠬᠡᠲᠡᠨ ᠢ ᠰᠢᠯᠵᠢᠭᠦᠯᠬᠦ ᠶᠢ ᠬᠤᠷᠢᠭᠯᠠᠵᠤ ᠪᠣᠯᠣᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠤᠤᠯ ᠤᠨ | ᠠᠵᠢᠯ ᠡᠷᠬᠢᠯᠡᠬᠦ ᠳᠠᠩᠰᠠ ᠶᠢᠨ ᠰᠠᠯᠠᠭ᠎ᠠ ᠮᠥᠴᠢᠷ ᠠᠴᠠ ᠲᠤᠰ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ | ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠬᠡᠷᠡᠭᠲᠡᠢ᠄ | ︵ᠨᠢᠭᠡ︶ ᠲᠤᠰ ᠳᠦᠷᠢᠮ ᠤᠨ ᠠᠷᠪᠠᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ | ᠨᠥᠬᠦᠴᠡᠯ ᠢ ᠪᠦᠷᠢᠯᠳᠦᠭᠦᠯᠦᠭᠡᠳᠦᠶ ᠴᠢᠨᠳᠠᠷ ᠤᠨ ᠡᠷᠬᠡᠲᠡᠨ ᠢ ᠣᠯᠵᠤ ᠠᠪᠤᠭᠰᠠᠨ᠃ | ︵ᠬᠤᠶᠠᠷ︶ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠵᠠᠭᠠᠭᠯᠠᠨ | ᠲᠣᠭᠲᠠᠭᠠᠭᠰᠠᠨ ᠣᠷᠣᠨ ᠪᠦᠰᠡ ᠶᠢᠨ ᠴᠢᠨᠳᠠᠷ ᠤᠨ ᠡᠷᠬᠡᠲᠡᠨ ᠳᠤ ᠦᠢᠯᠡᠴᠢᠯᠡᠭᠡ ᠬᠠᠩᠭᠠᠭᠰᠠᠨ ᠦᠭᠡᠢ᠃ | ︵ᠭᠤᠷᠪᠠ︶ ᠬᠥᠮᠦᠨ ᠤ ᠪᠡᠶ᠎ᠡ ᠶᠢᠨ ᠡᠷᠬᠡᠲᠡᠨ ᠢ ᠣᠯᠬᠤ᠂ ᠰᠢᠯᠵᠢᠭᠦᠯᠬᠦ ᠡᠮᠴᠢᠯᠡᠭᠡᠨ ᠤ ᠠᠵᠢᠯᠲᠠᠨ ᠪᠡᠶ᠎ᠡ ᠶᠢᠨ | ᠡᠷᠬᠡᠲᠡᠨ ᠢ ᠬᠠᠨᠳᠢᠪᠯᠡᠭ᠌ᠴᠢ ᠶᠢᠨ ᠨᠠᠰᠤ ᠪᠠᠷᠠᠭᠰᠠᠨ ᠳᠤ ᠮᠠᠭᠠᠳᠯᠠᠯᠲᠠ ᠬᠢᠬᠦ ᠳᠤ ᠣᠷᠤᠯᠴᠠᠭᠰᠠᠨ᠃ | ︵ᠲᠦᠷᠪᠡ︶ ᠬᠤᠪᠢᠶᠠᠷᠢᠯᠠᠬᠤ ᠰᠢᠰᠲ᠋ᠧᠮ ᠢᠶᠠᠷ ᠳᠠᠮᠵᠢᠭᠰᠠᠨ ᠦᠭᠡᠢ ᠪᠤᠶᠤ ᠰᠢᠰᠲ᠋ᠧᠮ ᠤᠨ ᠬᠤᠪᠢᠶᠠᠷᠢᠯᠠᠯᠲᠠ ᠶᠢ | ᠬᠡᠷᠡᠭᠵᠢᠭᠦᠯᠦᠭᠰᠡᠨ ᠦᠭᠡᠢ᠃ | ︵ᠲᠠᠪᠤ︶ ᠬᠤᠪᠢᠶᠠᠷᠢᠯᠠᠭᠰᠠᠨ ᠦᠭᠡᠢ ᠪᠡᠶ᠎ᠡ ᠶᠢᠨ ᠡᠷᠬᠡᠲᠡᠨ ᠪᠤᠶᠤ ᠢᠷᠡᠯᠲᠡ ᠨᠢ ᠲᠣᠳᠤᠷᠬᠠᠢ ᠦᠭᠡᠢ ᠬᠦᠮᠦᠨ ᠤ | ᠪᠡᠶ᠎ᠡ ᠶᠢᠨ ᠡᠷᠬᠡᠲᠡᠨ ᠢ ᠰᠢᠯᠵᠢᠭᠦᠯᠬᠦ᠃ | ︵ᠵᠢᠷᠭᠤᠭ᠎ᠠ︶ ᠠᠮᠢᠳᠤ ᠪᠡᠶ᠎ᠡ ᠶᠢᠨ ᠡᠷᠬᠡᠲᠡᠨ ᠢ ᠣᠯᠬᠤ ᠠᠴᠠ ᠡᠮᠦᠨ᠎ᠡ ᠲᠤᠰ ᠳᠦᠷᠢᠮ ᠤᠨ ᠬᠤᠷᠢ ᠶᠢᠰᠦᠳᠦᠭᠡᠷ | ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠶᠣᠰᠣᠭᠠᠷ ᠲᠣᠳᠣᠷᠬᠠᠶᠢᠯᠠᠬᠤ᠂ ᠪᠠᠶᠢᠴᠠᠭᠠᠨ ᠰᠢᠯᠭᠠᠬᠤ᠂ ᠨᠤᠲᠠᠯᠠᠬᠤ | ᠡᠭᠦᠷᠭᠡ ᠶᠢ ᠭᠦᠢᠴᠡᠳᠬᠡᠭᠡᠳᠦᠶ᠃ | ︵ᠳᠤᠯᠤᠭ᠎ᠠ︶ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ᠂ ᠥᠭᠡᠷᠡᠲᠦᠭᠦᠯᠬᠦ ᠵᠡᠷᠭᠡ ᠠᠷᠭ᠎ᠠ ᠪᠠᠷ | ᠪᠡᠶ᠎ᠡ ᠶᠢᠨ ᠡᠷᠬᠡᠲᠡᠨ ᠤ ᠬᠤᠪᠢᠶᠠᠷᠢᠯᠠᠯᠲᠠ ᠶᠢ ᠨᠥᠯᠦᠭᠡᠯᠡᠭᠰᠡᠨ᠃ | ᠳᠥᠴᠢᠨ ᠨᠢᠭᠡᠳᠦᠭᠡᠷ ᠵᠦᠢᠯ᠂ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠨᠢ ᠣᠷᠤᠰᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠠᠤᠯᠢ ᠪᠤᠰᠤ ᠣᠯᠵᠠ | ᠠᠰᠢᠭ ᠢ ᠨᠢ ᠬᠤᠷᠢᠶᠠᠨ ᠠᠪᠴᠤ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠨ᠎ᠠ᠃ ᠡᠮᠴᠢᠯᠡᠭᠡᠨ ᠤ ᠪᠠᠶᠢᠭᠤᠯᠤᠮᠵᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠣᠷᠤᠰᠢᠪᠠᠯ᠂ ᠪᠠᠰᠠ ᠤᠤᠯ ᠤᠨ ᠳᠠᠩᠰᠠᠯᠠᠭᠰᠠᠨ ᠰᠠᠯᠠᠭ᠎ᠠ ᠮᠥᠴᠢᠷ ᠠᠴᠠ ᠲᠤᠰ ᠡᠮᠨᠡᠯᠭᠡ ᠶᠢᠨ | ᠪᠠᠶᠢᠭᠤᠯᠤᠮᠵᠢ ᠶᠢᠨ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠡᠮᠴᠢᠯᠡᠭᠡᠨ ᠤ ᠵᠦᠢᠯ ᠢ ᠬᠤᠷᠢᠶᠠᠨ ᠠᠪᠴᠤ | ᠬᠦᠴᠦᠨ ᠦᠭᠡᠢ ᠪᠣᠯᠭᠠᠬᠤ ᠬᠡᠷᠡᠭᠲᠡᠢ᠂ 3 ᠵᠢᠯ ᠤᠨ ᠳᠣᠲᠣᠷ᠎ᠠ ᠬᠥᠮᠦᠨ ᠤ ᠪᠡᠶ᠎ᠡ ᠶᠢᠨ ᠡᠷᠬᠡᠲᠡᠨ ᠢ ᠣᠯᠬᠤ ᠪᠤᠶᠤ | ᠬᠥᠮᠦᠨ ᠤ ᠪᠡᠶ᠎ᠡ ᠶᠢᠨ ᠡᠷᠬᠡᠲᠡᠨ ᠰᠢᠯᠵᠢᠭᠦᠯᠬᠦ ᠪᠠᠷ ᠭᠤᠶᠤᠴᠢᠯᠠᠬᠤ ᠶᠢ ᠴᠠᠭᠠᠵᠠᠯᠠᠨ᠎ᠠ᠂ ᠦᠢᠯᠡ ᠪᠠᠶᠢᠳᠠᠯ ᠨᠢ ᠬᠦᠨᠳᠦ | ᠨᠣᠴᠢᠲᠠᠢ ᠪᠠᠶᠢᠪᠠᠯ᠂ ᠤᠤᠯ ᠤᠨ ᠠᠵᠢᠯ ᠡᠷᠬᠢᠯᠡᠬᠦ ᠪᠦᠷᠢᠳᠬᠡᠯ ᠤᠨ ᠰᠠᠯᠠᠭ᠎ᠠ ᠮᠥᠴᠢᠷ ᠠᠴᠠ ᠲᠤᠰ ᠡᠮᠴᠢᠯᠡᠭᠡᠨ ᠤ | ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ | ᠪᠣᠯᠭᠠᠬᠤ ᠪᠤᠶᠤ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠠᠴᠠ ᠲᠡᠭᠦᠨ ᠤ ᠠᠵᠢᠯ ᠡᠷᠬᠢᠯᠡᠬᠦ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠨ᠎ᠠ᠃ ᠡᠮᠨᠡᠯᠭᠡ ᠶᠢᠨ ᠠᠵᠢᠯᠲᠠᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠣᠷᠤᠰᠢᠪᠠᠯ᠂ ᠵᠠᠷᠯᠢᠭᠳᠠᠵᠤ 6 ᠰᠠᠷ᠎ᠠ ᠠᠴᠠ 1 ᠵᠢᠯ ᠤᠨ ᠳᠣᠲᠤᠷ᠎ᠠ ᠬᠠᠮᠢᠶ᠎ᠠ ᠪᠥᠬᠦᠢ ᠠᠵᠢᠯᠯᠠᠭ᠎ᠠ ᠡᠷᠬᠢᠯᠡᠵᠦ | ᠪᠣᠯᠬᠤ ᠦᠭᠡᠢ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠤᠤᠯ ᠤᠨ ᠠᠵᠢᠯ ᠡᠷᠬᠢᠯᠡᠬᠦ ᠳᠠᠩᠰᠠᠯᠠᠭᠤᠯᠤᠭᠰᠠᠨ | ᠰᠠᠯᠠᠭ᠎ᠠ ᠮᠥᠴᠢᠷ ᠠᠴᠠ ᠲᠡᠭᠦᠨ ᠤ ᠠᠵᠢᠯ ᠡᠷᠬᠢᠯᠡᠬᠦ ᠦᠨᠡᠮᠯᠡᠯ ᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠴᠢᠨᠳᠠᠷ ᠤᠨ ᠡᠷᠬᠡᠲᠡᠨ ᠢ ᠣᠯᠬᠤ ᠪᠠᠷ ᠵᠣᠷᠢᠯᠭ᠎ᠠ ᠪᠣᠯᠭᠠᠵᠤ᠂ ᠭᠠᠵᠠᠷ ᠣᠷᠣᠨ ᠠᠯᠤᠰᠯᠠᠨ ᠨᠢᠭᠤᠭᠳᠠᠮᠠᠯ | ᠴᠢᠨᠳᠠᠷ ᠢ ᠰᠢᠯᠵᠢᠭᠦᠯᠦᠨ ᠵᠥᠭᠡᠭᠡᠪᠦᠷᠢᠯᠡᠵᠦ ᠪᠠᠶᠢᠭ᠎ᠠ ᠬᠥᠮᠥᠨ᠃ | ︵ᠬᠤᠶᠠᠷ︶ ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠤᠨ ᠳᠥᠷᠪᠡᠳᠦᠭᠡᠷ ᠵᠤᠷᠪᠤᠰ ᠤᠨ ᠲᠣᠭᠲᠠᠭᠠᠯ ᠢ | ᠵᠥᠷᠢᠴᠡᠵᠦ᠂ ᠳᠠᠯᠳᠠ ᠡᠷᠬᠡᠲᠡᠨ ᠢᠶᠠᠨ ᠪᠡᠯᠡᠭᠯᠡᠨ ᠬᠦᠷᠭᠡᠭᠰᠡᠨ ᠬᠥᠮᠦᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ | ᠰᠢᠯᠵᠢᠭᠦᠯᠦᠨ ᠲᠠᠨᠢᠯᠴᠠᠭᠤᠯᠬᠤ᠃ | ︵ᠭᠤᠷᠪᠠ︶ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠪᠠ ᠰᠢᠯᠵᠢᠭᠦᠯᠬᠦ ᠳᠤ ᠬᠤᠳᠠᠯ ᠬᠠᠭᠤᠷᠮᠠᠭ ᠮᠠᠲ᠋ᠧᠷᠢᠶᠠᠯ | ᠬᠠᠩᠭᠠᠬᠤ᠃ | ᠳᠥᠴᠢᠨ ᠬᠤᠶᠠᠳᠤᠭᠠᠷ ᠵᠦᠢᠯ᠂ ᠡᠮᠴᠢᠯᠡᠭᠡᠨ ᠤ ᠪᠠᠶᠢᠭᠤᠯᠤᠮᠵᠢ ᠨᠢ ᠬᠥᠮᠦᠨ ᠤ ᠪᠡᠶ᠎ᠡ ᠶᠢᠨ ᠡᠷᠬᠡᠲᠡᠨ ᠢ | ᠰᠢᠯᠵᠢᠭᠦᠯᠬᠦ ᠶᠣᠰᠣ ᠮᠣᠷᠠᠯ ᠤᠨ ᠺᠣᠮᠢᠰ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳᠦᠶ ᠪᠣᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠠᠴᠠ 20 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠵᠤ᠂ ᠤᠤᠯ ᠤᠨ ᠳᠠᠩᠰᠠᠯᠠᠨ ᠲᠡᠮᠳᠡᠭᠯᠡᠭᠰᠡᠨ ᠰᠠᠯᠠᠭ᠎ᠠ ᠮᠥᠴᠢᠷ ᠠᠴᠠ ᠲᠤᠰ | ᠡᠮᠴᠢᠯᠡᠭᠡᠨ ᠤ ᠪᠠᠶᠢᠭᠤᠯᠤᠮᠵᠢ ᠶᠢᠨ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠦᠨ ᠣᠨᠣᠰᠢᠯᠠᠨ ᠡᠮᠨᠡᠬᠦ ᠵᠦᠢᠯ ᠢ ᠨᠢ | ᠬᠤᠷᠢᠶᠠᠨ ᠠᠪᠴᠤ ᠬᠦᠴᠦᠨ ᠦᠭᠡᠶ ᠪᠣᠯᠭᠠᠬᠤ ᠶᠢᠨ ᠬᠠᠮᠲᠤ ᠬᠠᠷᠢᠭᠤᠴᠠᠯᠭ᠎ᠠ ᠡᠭᠦᠷᠭᠡᠯᠡᠵᠦ ᠪᠦᠬᠦᠢ ᠤᠳᠤᠷᠢᠳᠬᠤ | ᠬᠥᠮᠦᠰ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠃ ᠦᠢᠯᠡ | ᠪᠠᠶᠢᠳᠠᠯ ᠨᠢ ᠬᠦᠨᠳᠦ ᠨᠣᠴᠢᠲᠠᠶ ᠪᠣᠯ᠂ ᠪᠠᠰᠠ ᠤᠤᠯ ᠤᠨ ᠠᠵᠢᠯ ᠡᠷᠬᠢᠯᠡᠬᠦ ᠳᠠᠩᠰᠠ ᠶᠢᠨ ᠰᠠᠯᠠᠭ᠎ᠠ ᠮᠥᠴᠢᠷ ᠠᠴᠠ | ᠲᠤᠰ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ | ᠬᠦᠴᠦᠨ ᠦᠭᠡᠶ ᠪᠣᠯᠭᠠᠬᠤ ᠶᠢᠨ ᠬᠠᠮᠲᠤ᠂ ᠤᠤᠯ ᠤᠨ ᠠᠵᠢᠯ ᠡᠷᠬᠢᠯᠡᠬᠦ ᠳᠠᠩᠰᠠ ᠶᠢᠨ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠡᠮᠨᠡᠯᠭᠡ ᠶᠢᠨ ᠠᠵᠢᠯᠲᠠᠨ ᠤ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠨ ᠠᠪᠴᠤ ᠬᠦᠴᠦᠨ | ᠦᠭᠡᠶ ᠪᠣᠯᠭᠠᠨ᠎ᠠ᠃ | ᠬᠥᠮᠦᠨ ᠤ ᠪᠡᠶ᠎ᠡ ᠶᠢᠨ ᠡᠷᠬᠡᠲᠡᠨ ᠰᠢᠯᠵᠢᠭᠦᠯᠬᠦ ᠶᠣᠰᠣ ᠰᠤᠷᠲᠠᠬᠤᠨ ᠤ ᠺᠣᠮᠢᠰ ᠨᠢ ᠬᠥᠮᠦᠨ ᠤ ᠪᠡᠶ᠎ᠡ ᠶᠢᠨ ᠡᠷᠬᠡ | ᠮᠡᠳᠡᠯ ᠢ ᠬᠢᠨᠠᠨ ᠪᠠᠶᠢᠴᠠᠭᠠᠬᠤ ᠦᠶ᠎ᠡ ᠳᠤ ᠶᠣᠰᠣ ᠰᠤᠷᠲᠠᠬᠤᠨ ᠤ ᠵᠠᠷᠴᠢᠮ ᠠᠴᠠ ᠵᠥᠷᠢᠴᠡᠭᠰᠡᠨ ᠪᠤᠶᠤ ᠬᠤᠳᠠᠯ | ᠬᠠᠭᠤᠷᠮᠠᠭ ᠬᠢᠨᠠᠨ ᠪᠠᠶᠢᠴᠠᠭᠠᠭᠰᠠᠨ ᠰᠠᠨᠠᠯ ᠭᠠᠷᠭᠠᠭᠰᠠᠨ ᠪᠠᠶᠢᠪᠠᠯ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ | ᠬᠠᠤᠯᠢ ᠶᠣᠰᠣᠭᠠᠷ ᠰᠢᠳᠬᠡᠯ ᠥᠭᠴᠦ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠲᠡᠭᠦᠨ ᠤ ᠠᠨᠠᠭᠠᠬᠤ | ᠤᠬᠠᠭᠠᠨ ᠤ ᠶᠣᠰᠣ ᠮᠣᠷᠠᠯ ᠢ ᠬᠢᠨᠠᠨ ᠪᠠᠶᠢᠴᠠᠭᠠᠬᠤ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠳᠥᠴᠢᠨ ᠭᠤᠷᠪᠠᠳᠤᠭᠠᠷ ᠵᠦᠢᠯ᠂ ᠡᠮᠴᠢᠯᠡᠭᠡᠨ ᠤ ᠪᠠᠶᠢᠭᠤᠯᠤᠮᠵᠢ ᠨᠢ ᠲᠣᠰ ᠳᠦᠷᠢᠮ ᠤᠨ ᠲᠣᠭᠲᠠᠭᠠᠯ ᠠᠴᠠ | ᠵᠥᠷᠢᠴᠡᠵᠦ᠂ ᠳᠣᠤᠷᠠᠬᠢ ᠪᠠᠶᠢᠳᠠᠯ ᠤᠨ ᠨᠢᠭᠡ ᠨᠢ ᠣᠷᠤᠰᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ | 5 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠵᠤ᠂ | ᠬᠠᠷᠢᠭᠤᠴᠠᠯᠭ᠎ᠠ ᠲᠠᠢ ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠳᠬᠡᠯ | ᠥᠭᠭᠦᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠪᠠᠰᠠ ᠤᠤᠯ ᠤᠨ ᠳᠠᠩᠰᠠᠯᠠᠭᠤᠯᠤᠭᠰᠠᠨ ᠰᠠᠯᠠᠭ᠎ᠠ | ᠮᠥᠴᠢᠷ ᠠᠴᠠ ᠲᠣᠰ ᠡᠮᠴᠢᠯᠡᠭᠡᠨ ᠤ ᠪᠠᠶᠢᠭᠤᠯᠤᠮᠵᠢ ᠶᠢᠨ ᠬᠥᠮᠦᠨ ᠤ ᠪᠡᠶ᠎ᠡ ᠶᠢᠨ ᠡᠷᠬᠡᠲᠡᠨ ᠰᠢᠯᠵᠢᠭᠦᠯᠦᠨ ᠣᠨᠣᠰᠢᠯᠠᠨ | ᠡᠮᠨᠡᠬᠦ ᠵᠦᠢᠯ ᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠲᠡᠭᠦᠨ ᠤ 1 ᠵᠢᠯ ᠤᠨ ᠳᠣᠲᠣᠷ᠎ᠠ ᠬᠥᠮᠦᠨ ᠤ | ᠪᠡᠶ᠎ᠡ ᠶᠢᠨ ᠡᠷᠬᠡᠲᠡᠨ ᠣᠯᠬᠤ ᠪᠤᠶᠤ ᠬᠥᠮᠦᠨ ᠤ ᠪᠡᠶ᠎ᠡ ᠶᠢᠨ ᠡᠷᠬᠡᠲᠡᠨ ᠢᠶᠠᠨ ᠰᠢᠯᠵᠢᠭᠦᠯᠬᠦ ᠶᠢ ᠴᠠᠭᠠᠵᠠᠯᠠᠨ᠎ᠠ᠂ | ᠬᠤᠯᠪᠣᠭᠳᠠᠯ ᠪᠦᠬᠦᠢ ᠡᠮᠨᠡᠯᠭᠡ ᠶᠢᠨ ᠠᠵᠢᠯᠲᠠᠨ ᠢ ᠵᠠᠷᠯᠢᠭᠳᠠᠵᠤ ᠪᠠᠶᠢᠭᠠᠳ 6 ᠰᠠᠷ᠎ᠠ ᠠᠴᠠ ᠳᠡᠭᠡᠭᠰᠢ 1 ᠵᠢᠯ ᠠᠴᠠ | ᠳᠣᠭᠤᠭᠰᠢ ᠠᠵᠢᠯ ᠡᠷᠬᠢᠯᠡᠬᠦ ᠠᠵᠢᠯᠯᠠᠭ᠎ᠠ ᠶᠢ ᠲᠦᠷ ᠵᠣᠭᠰᠣᠭᠠᠨ᠎ᠠ᠄ | ︵ᠨᠢᠭᠡ︶ ᠪᠡᠶ᠎ᠡ ᠶᠢᠨ ᠡᠷᠬᠡᠲᠡᠨ ᠢ ᠣᠯᠵᠤ ᠠᠪᠬᠤ ᠰᠠᠯᠠᠭ᠎ᠠ ᠮᠥᠴᠢᠷ ᠪᠠ ᠬᠥᠮᠦᠨ ᠤ ᠪᠡᠶ᠎ᠡ ᠶᠢᠨ ᠡᠷᠬᠡᠲᠡᠨ ᠢ | ᠰᠢᠯᠵᠢᠭᠦᠯᠬᠦ ᠲᠠᠰᠤᠭ ᠨᠢ ᠲᠤᠰᠠᠭᠠᠷ ᠪᠤᠰᠤ᠃ | ︵ᠬᠤᠶᠠᠷ︶ ᠬᠥᠮᠥᠨ ᠤ ᠪᠡᠶ᠎ᠡ ᠶᠢᠨ ᠡᠷᠬᠡᠲᠡᠨ ᠢ ᠬᠠᠨᠳᠢᠪᠯᠠᠬᠤ ᠶᠢ ᠵᠣᠬᠢᠴᠠᠭᠤᠯᠤᠭᠴᠢ ᠪᠠᠷ ᠬᠡᠷᠡᠭᠯᠡᠬᠦ ᠶᠢ ᠥᠯᠦ | ᠭᠡᠷᠡᠴᠢᠯᠡᠭᠰᠡᠨ᠃ | ︵ᠭᠤᠷᠪᠠ︶ ᠡᠷᠬᠡᠲᠡᠨ ᠢ ᠣᠯᠣᠭᠰᠠᠨ ᠤ ᠳᠠᠷᠠᠭ᠎ᠠ᠂ ᠲᠤᠰ ᠳᠦᠷᠢᠮ ᠤᠨ ᠠᠷᠪᠠ ᠶᠢᠰᠦᠳᠦᠭᠡᠷ ᠵᠦᠢᠯ ᠤᠨ | ᠭᠤᠷᠪᠠᠳᠤᠭᠠᠷ ᠵᠤᠷᠪᠤᠰ ᠤᠨ ᠲᠣᠭᠲᠠᠭᠠᠯ ᠶᠣᠰᠣᠭᠠᠷ ᠴᠢᠨᠳᠠᠷ ᠢ ᠶᠣᠰᠣ ᠰᠤᠷᠲᠠᠬᠤᠨ ᠤ ᠵᠠᠷᠴᠢᠮ ᠳᠤ ᠨᠡᠶᠢᠴᠡᠭᠰᠡᠨ | ᠠᠨᠠᠭᠠᠬᠤ ᠤᠬᠠᠭᠠᠨ ᠤ ᠰᠢᠢᠳᠪᠦᠷᠢᠯᠡᠯᠲᠡ ᠬᠢᠭᠰᠡᠨ ᠦᠭᠡᠶ᠂ ᠪᠡᠶ᠎ᠡ ᠶᠢᠨ ᠭᠠᠳᠠᠷ ᠪᠠᠶᠢᠳᠠᠯ ᠢ ᠨᠢ ᠰᠡᠷᠭᠦᠭᠡᠭᠰᠡᠨ ᠦᠭᠡᠢ | ᠪᠠᠶᠢᠬᠤ᠃ | ︵ᠲᠦᠷᠪᠡ︶ ᠲᠤᠰ ᠳᠦᠷᠢᠮ ᠤᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠬᠦᠮᠦᠨ ᠤ | ᠪᠡᠶ᠎ᠡ ᠶᠢᠨ ᠡᠷᠬᠡᠲᠡᠨ ᠢ ᠣᠯᠤᠭᠰᠠᠨ᠂ ᠰᠢᠯᠵᠢᠭᠦᠯᠬᠦ ᠶᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠦᠭᠰᠡᠨ ᠦᠭᠡᠢ᠃ | ᠳᠥᠴᠢᠨ ᠳᠥᠷᠪᠡᠳᠦᠭᠡᠷ ᠵᠦᠢᠯ᠂ ᠡᠮ ᠡᠮᠨᠡᠯᠭᠡ ᠶᠢᠨ ᠪᠠᠶᠢᠭᠤᠯᠤᠮᠵᠢ ᠬᠢᠭᠡᠳ ᠲᠡᠭᠦᠨ ᠤ ᠡᠮᠨᠡᠯᠭᠡ ᠶᠢᠨ | ᠠᠵᠢᠯᠲᠠᠨ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠳᠣᠤᠷᠠᠬᠢ ᠪᠠᠶᠢᠳᠠᠯ ᠤᠨ ᠨᠢᠭᠡ ᠨᠢ ᠣᠷᠤᠰᠢᠪᠠᠯ᠂ | ᠬᠤᠯᠪᠣᠭᠳᠠᠯ ᠪᠦᠬᠦᠢ ᠡᠮᠴᠢᠯᠡᠭᠡᠨ ᠤ ᠵᠢᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ᠂ ᠡᠮᠴᠢᠯᠡᠭᠡᠨ ᠤ ᠠᠳᠡᠯ ᠢ | ᠰᠢᠢᠳᠪᠦᠷᠢᠯᠡᠬᠦ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ | ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠴᠢ ᠪᠤᠶᠤ ᠠᠪᠤᠭᠰᠠᠨ ᠬᠥᠮᠦᠨ ᠤ ᠪᠡᠶ᠎ᠡ ᠶᠢᠨ ᠡᠷᠬᠡᠲᠡᠨ ᠳᠤ | ᠠᠨᠠᠭᠠᠬᠤ ᠤᠬᠠᠭᠠᠨ ᠤ ᠪᠠᠶᠢᠴᠠᠭᠠᠯᠲᠠ ᠬᠢᠭᠰᠡᠨ ᠦᠭᠡᠶ᠃ | ︵ᠬᠤᠶᠠᠷ︶ ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠲᠦᠭᠰᠢᠭᠦᠷᠢ ᠳᠤ ᠦᠨᠡᠯᠡᠨ ᠵᠢᠱᠢᠯᠲᠡ ᠬᠢᠬᠦ ᠶᠢ | ᠬᠦᠯᠢᠶᠡᠨ ᠠᠪᠤᠭᠰᠠᠨ ᠦᠭᠡᠶ ᠪᠥᠭᠡᠳ ᠵᠣᠬᠢᠴᠠᠩᠭᠤᠶ ᠠᠷᠭ᠎ᠠ ᠬᠡᠮᠵᠢᠶ᠎ᠡ ᠠᠪᠤᠭᠰᠠᠨ ᠦᠭᠡᠶ᠃ | ︵ᠭᠤᠷᠪᠠ︶ ᠬᠠᠮᠢᠶ᠎ᠠ ᠪᠦᠬᠦᠢ ᠮᠡᠷᠭᠡᠵᠢᠯ ᠤᠨ ᠡᠮᠴᠢᠯᠡᠭᠡᠨ ᠤ ᠬᠡᠷᠡᠭᠯᠡᠯᠲᠡ ᠶᠢᠨ ᠬᠠᠮᠢᠶᠠᠷᠤᠯᠲᠠ ᠶᠢᠨ ᠵᠢᠷᠤᠮᠵᠢᠯ ᠢ | ᠵᠢᠷᠤᠮᠯᠠᠭᠰᠠᠨ ᠦᠭᠡᠶ᠃ | ᠳᠥᠴᠢᠨ ᠲᠠᠪᠤᠳᠤᠭᠠᠷ ᠵᠦᠢᠯ᠂ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠶᠢ ᠵᠣᠬᠢᠴᠠᠭᠤᠯᠤᠭᠴᠢ᠂ | ᠡᠮᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠲᠠᠨ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ | ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠰᠠᠨ ᠬᠦᠯᠢᠶᠡᠨ ᠠᠪᠤᠭᠰᠠᠨ ᠪᠤᠶᠤ ᠬᠥᠮᠦᠨ ᠤ ᠪᠡᠶ᠎ᠡ ᠶᠢᠨ | ᠡᠷᠬᠡᠲᠡᠨ ᠢᠶᠠᠨ ᠰᠢᠯᠵᠢᠭᠦᠯᠬᠦ ᠮᠡᠰᠡ ᠵᠠᠰᠠᠯ ᠬᠢᠭᠰᠡᠨ ᠡᠪᠡᠳᠴᠢᠲᠡᠨ ᠤ ᠬᠤᠪᠢ ᠬᠥᠮᠦᠨ ᠤ ᠮᠡᠳᠡᠭᠡ ᠵᠠᠩᠭᠢ ᠶᠢ | ᠵᠠᠳᠠᠷᠠᠭᠤᠯᠤᠭᠰᠠᠨ ᠪᠣᠯ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠶᠣᠰᠣᠭᠠᠷ ᠬᠤᠪᠢ | ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠲᠤᠬᠠᠶ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ ᠶᠠᠯ᠎ᠠ ᠳᠤ | ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠥᠴᠢᠨ ᠵᠢᠷᠭᠤᠳᠤᠭᠠᠷ ᠵᠦᠢᠯ᠂ ᠲᠤᠰ ᠳᠦᠷᠢᠮ ᠤᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ | ᠵᠤᠷᠪᠤᠰ ᠤᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠪᠣᠯ ᠬᠤᠯᠪᠣᠭᠳᠠᠯ ᠪᠦᠬᠦᠢ ᠦᠨ᠎ᠡ ᠬᠠᠩᠰᠢ᠂ | ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ | ᠳᠥᠴᠢᠨ ᠳᠣᠯᠣᠳᠤᠭᠠᠷ ᠵᠦᠢᠯ᠂ ᠬᠥᠮᠦᠨ ᠤ ᠪᠡᠶ᠎ᠡ ᠶᠢᠨ ᠡᠷᠬᠡᠲᠡᠨ ᠢ ᠬᠠᠨᠳᠢᠪᠯᠠᠬᠤ ᠶᠢ ᠵᠣᠬᠢᠴᠠᠭᠤᠯᠤᠭᠴᠢ | ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠳᠣᠤᠷᠠᠬᠢ ᠪᠠᠶᠢᠳᠠᠯ ᠤᠨ ᠨᠢᠭᠡ ᠨᠢ ᠣᠷᠤᠰᠢᠪᠠᠯ᠂ ᠬᠠᠤᠯᠢ | ᠶᠣᠰᠣᠭᠠᠷ ᠰᠢᠳᠬᠡᠯ ᠥᠭᠴᠦ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠠᠴᠠ ᠬᠥᠮᠦᠨ ᠤ ᠪᠡᠶ᠎ᠡ ᠶᠢᠨ ᠡᠷᠬᠡᠲᠡᠨ ᠢ ᠬᠠᠨᠳᠢᠪᠯᠠᠨ ᠬᠦᠷᠭᠡᠬᠦ ᠶᠢᠨ | ᠵᠣᠬᠢᠴᠠᠭᠤᠯᠤᠭᠴᠢ ᠶᠢᠨ ᠠᠵᠢᠯ ᠤᠨ ᠦᠨᠡᠮᠯᠡᠯ ᠢ ᠨᠢ ᠬᠦᠴᠦᠨ ᠦᠭᠡᠶ ᠪᠣᠯᠭᠠᠵᠤ᠂ ᠨᠠᠰᠤᠨ ᠲᠤᠷᠰᠢᠳᠠ ᠬᠥᠮᠦᠨ ᠤ | ᠪᠡᠶ᠎ᠡ ᠶᠢᠨ ᠡᠷᠬᠡᠲᠡᠨ ᠬᠠᠨᠳᠢᠪᠯᠠᠬᠤ ᠵᠣᠬᠢᠴᠠᠭᠤᠯᠤᠭᠴᠢ ᠪᠣᠯᠵᠤ ᠪᠣᠯᠬᠤ ᠦᠭᠡᠶ᠄ | ︵ᠨᠢᠭᠡ︶ ᠲᠣᠮᠢᠯᠠᠯᠲᠠ ᠶᠢ ᠣᠯᠣᠭᠰᠠᠨ ᠤ ᠳᠠᠷᠠᠭ᠎ᠠ᠂ ᠡᠷᠬᠡᠲᠡᠨ ᠢ ᠣᠯᠬᠤ ᠶᠠᠪᠤᠴᠠ ᠳᠤ ᠭᠡᠷᠡᠴᠢᠯᠡᠯᠲᠡ ᠬᠢᠭᠰᠡᠨ | ᠦᠭᠡᠢ᠃ | ︵ᠬᠤᠶᠠᠷ︶ ᠬᠤᠳᠠᠯ ᠬᠠᠭᠤᠷᠮᠠᠭ ᠭᠡᠷᠡᠴᠢᠯᠡᠭᠰᠡᠨ ᠰᠠᠨᠠᠯ ᠭᠠᠷᠭᠠᠭᠰᠠᠨ᠃ | ᠳᠥᠴᠢᠨ ᠨᠠᠢᠮᠠᠳᠤᠭᠠᠷ ᠵᠦᠢᠯ᠂ ᠠᠯᠪᠠᠨ ᠲᠤᠰᠢᠶᠠᠯᠲᠠᠨ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ | ᠪᠠ ᠰᠢᠯᠵᠢᠭᠦᠯᠬᠦ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ | ᠠᠯᠮᠠᠶᠢᠷᠠᠨ ᠣᠰᠣᠯᠳᠠᠭᠰᠠᠨ ᠪᠣᠯ ᠬᠠᠤᠯᠢ ᠶᠣᠰᠣᠭᠠᠷ ᠰᠢᠳᠬᠡᠯ ᠣᠯᠭᠤᠨ᠎ᠠ᠂ ᠶᠠᠯᠠᠲᠤ ᠠᠵᠢᠯᠯᠠᠭ᠎ᠠ ᠪᠣᠯᠪᠠᠯ ᠬᠠᠤᠯᠢ | ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠳᠥᠴᠢ ᠶᠢᠰᠦᠳᠦᠭᠡᠷ ᠵᠦᠢᠯ᠂ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠪᠤᠰᠤᠳ ᠲᠤ ᠬᠤᠬᠢᠷᠠᠯ | ᠤᠴᠠᠷᠠᠭᠤᠯᠤᠭᠰᠠᠨ ᠪᠣᠯ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ | ᠲᠠᠪᠤᠳᠤᠭᠠᠷ ᠪᠦᠯᠦᠭ᠂ ᠳᠠᠭᠠᠯᠳᠤᠭᠤᠯᠤᠯ ᠳᠦᠷᠢᠮ | ᠲᠠᠪᠢᠳᠤᠭᠠᠷ ᠵᠦᠢᠯ᠂ ᠲᠤᠰ ᠳᠦᠷᠢᠮ ᠢ 2024 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ︽ᠬᠥᠮᠦᠨ ᠤ ᠪᠡᠶ᠎ᠡ ᠶᠢᠨ ᠡᠷᠬᠡᠲᠡᠨ ᠢ ᠰᠢᠯᠵᠢᠭᠦᠯᠬᠦ ᠳᠦᠷᠢᠮ︾ ᠢ ᠬᠠᠮᠲᠤ ᠳᠤᠨᠢ ᠬᠦᠴᠦᠨ ᠦᠭᠡᠢ | ᠪᠣᠯᠭᠠᠪᠠ᠃ |