ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/23
     1 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠣᠬᠤᠯᠠᠪᠤᠷᠢ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︿ᠵᠢᠷᠭᠤᠭᠠᠨ ᠢᠨᠵᠧᠨᠧᠷᠢᠩ﹀ ᠪᠠ ᠬᠤᠲᠠ ᠶᠢᠨ ᠨᠠᠮ ᠤᠨ ᠬᠤᠷᠢᠶᠠᠨ ᠤ ︿ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ﹀ ᠢ ᠨᠠᠶᠢᠳᠠᠪᠤᠷᠢᠵᠢᠭᠤᠯᠬᠤ ᠡᠭᠦᠷᠭᠡ ᠶᠢᠨ ᠨᠠᠷᠢᠨ ᠬᠠᠭᠤᠳᠠᠰᠤ︾ ᠶᠢ ᠰᠤᠳᠤᠯᠵᠤ᠂ ᠠᠬᠢᠭᠤᠯᠤᠭᠰᠠᠨ ᠨᠠᠶᠢᠳᠠᠪᠤᠷᠢᠵᠢᠭᠤᠯᠤᠭᠰᠠᠨ ᠠᠵᠢᠯ ᠤᠨ ᠰᠡᠳᠬᠢᠮᠵᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ︽ᠬᠢᠷᠢ ᠲᠡᠩᠴᠡᠭᠰᠡᠨ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ ᠵᠡᠷᠭᠡ ᠠᠵᠢᠯ ᠢᠶᠠᠨ ᠰᠠᠶᠢᠲᠤᠷ ᠬᠢᠵᠦ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠬᠠᠤᠯᠢᠵᠢᠭᠤᠯᠤᠨ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠡᠭᠦᠷᠭᠡ ᠪᠠᠨ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠳᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠦᠨ᠂ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠬᠤᠳᠠᠯᠳᠤᠭᠠᠨ ᠤ ᠲᠠᠯᠠᠪᠠᠢ ᠴᠢᠯᠦᠭᠡᠲᠤ ᠳᠡᠯᠭᠡᠭᠦᠷ᠂ ᠲᠡᠷᠭᠡᠨ ᠥᠷᠲᠡᠭᠡ ᠨᠢᠰᠬᠡᠯ ᠤᠨ ᠪᠠᠭᠤᠳᠠᠯ ᠵᠡᠷᠭᠡ ᠬᠥᠮᠥᠨ ᠣᠯᠠᠨ ᠴᠤᠭᠯᠠᠷᠠᠭᠰᠠᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠨ ᠲᠣᠪᠣᠶᠢᠮ᠎ᠠ ᠰᠠᠶᠢᠲᠤᠷ ᠠᠳᠬᠤᠵᠤ᠂ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠰᠠᠨᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠭᠰᠠᠨ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠭᠰᠠᠨ ᠵᠡᠷᠭᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠪᠦᠭᠡᠳ ᠪᠣᠳᠠᠲᠠᠢ ᠠᠳᠬᠤᠵᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ᠂ ᠡᠯᠡᠰᠦᠵᠢᠭᠰᠡᠨ ᠭᠠᠵᠠᠷ ᠰᠢᠷᠣᠢ ᠶᠢ ᠵᠠᠰᠠᠬᠤ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠵᠠᠮ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠬᠠᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾᠂ ᠬᠤᠳᠠ ᠶᠢᠨ ᠨᠠᠮ ᠤᠨ ᠬᠤᠷᠢᠶᠠᠨ ᠤ 12 ᠵᠦᠢᠯ ᠤᠨ ᠭᠤᠣᠯᠳᠠᠯᠭ᠎ᠠ ᠲᠠᠢ ᠠᠵᠢᠯ ᠢ ᠨᠠᠪᠲᠠᠷᠡᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠠᠬᠢᠴᠠ ᠪᠠᠨ ᠲᠦᠷᠭᠡᠳᠬᠡᠵᠦ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠦᠴᠦᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠣᠨᠴᠠᠯᠢᠭᠲᠤ ᠬᠢᠯᠠᠰ ᠴᠢᠭ ᠤᠨ ᠠᠵᠢᠯ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠭ ᠢᠶᠠᠷ ᠨᠡᠶᠢᠳᠡᠮ ᠢ ᠲᠠᠶᠢᠴᠢᠯᠠᠨ ᠪᠦᠬᠦ᠋ᠢᠯᠡ ᠠᠵᠢᠯ ᠤᠨ ᠰᠢᠪᠲᠤᠯᠤᠯᠲᠠ ᠲᠠᠢ ᠳᠡᠭᠡᠭᠰᠢᠯᠡᠯᠲᠡ ᠪᠠᠶᠢᠬᠤ ᠶᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠪᠠᠷᠠᠭᠠᠨ ᠤ ᠭᠦᠢᠯᠭᠡᠭᠡᠨ ᠤ ᠦᠢᠯᠡᠰ ᠢ ᠴᠢᠨᠠᠷ ᠰᠠᠶᠢᠲᠠᠢ ᠬᠥᠭᠵᠢᠭᠦᠯᠬᠦ᠂ 2024 ᠣᠨ ᠤ ᠬᠤᠳᠠ ᠶᠢᠨ ᠳᠠᠷᠤᠭ᠎ᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠶᠢ ᠬᠦᠯᠢᠶᠡᠨ ᠠᠪᠬᠤ ᠡᠳᠦᠷ ᠵᠡᠷᠭᠡ ᠲᠠᠯ᠎ᠠ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ︽ᠮᠢᠩᠭᠠᠨ ᠲᠤᠰᠬᠤᠨ ᠵᠢᠱᠢᠶ᠎ᠡ ᠦᠵᠡᠬᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠨᠠᠮ ᠵᠠᠰᠠᠭ ᠤᠨ ᠪᠠᠶᠢᠭᠤᠯᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠡᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠵᠡᠷᠭᠡ ᠠᠵᠢᠯ ᠢᠶᠠᠨ ᠪᠠᠶᠢᠷᠢᠯᠠᠭᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号