ᠦᠬᠠᠢ ᠬᠤᠲᠠ ᠶᠢᠨ ᠬᠤᠶᠠᠳᠤᠭᠠᠷ ᠬᠤᠭᠤᠴᠠᠭᠠᠨ ᠤ ᠤᠷᠠᠨ ᠪᠢᠴᠢᠯᠭᠡ ᠶᠢᠨ ᠰᠣᠳᠣᠨ ᠪᠦᠲᠦᠭᠡᠯ ᠤᠨ ᠦᠵᠡᠭᠦᠯᠦᠯᠭᠡ ᠡᠬᠢᠯᠡᠪᠡ
ᠨᠡᠶᠢᠲᠡᠯᠡᠭᠰᠡᠨ ᠴᠠᠭ᠄
2024/1/24
     1 ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠠᠴᠠ ᠭᠤᠣᠯᠯᠠᠨ ᠡᠷᠬᠢᠯᠡᠭᠰᠡᠨ ︽ᠣᠳᠬ᠎ᠠ ᠤᠷᠠᠯᠢᠭᠲᠤ ᠤᠮᠠᠷᠠᠲᠤ ᠬᠢᠯᠢ︾ ᠭᠡᠬᠦ ᠦᠬᠠᠢ ᠬᠤᠳᠠ ᠶᠢᠨ ᠬᠤᠶᠠᠳᠤᠭᠠᠷ ᠬᠤᠭᠤᠴᠠᠭᠠᠨ ᠤ ᠤᠷᠠᠨ ᠪᠢᠴᠢᠯᠭᠡ ᠶᠢᠨ ᠰᠣᠳᠣᠨ ᠪᠦᠲᠦᠭᠡᠯ ᠤᠨ ᠦᠵᠡᠭᠦᠯᠦᠯᠭᠡ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠵᠤ᠂ ᠦᠵᠡᠭᠦᠯᠦᠯᠭᠡ ᠨᠢ 3 ᠰᠠᠷ᠎ᠠ ᠶᠢᠨ 15 ᠤ ᠡᠳᠦᠷ ᠪᠣᠯᠲᠠᠯ᠎ᠠ ᠦᠷᠭᠦᠯᠵᠢᠯᠡᠨ᠎ᠡ᠃      ᠲᠣᠰ ᠤᠳᠠᠭᠠᠨ ᠤ ᠦᠵᠡᠭᠦᠯᠦᠯᠭᠡ ᠳᠤ ᠣᠷᠣᠯᠴᠠᠭᠰᠠᠨ ᠵᠣᠬᠢᠶᠠᠭᠴᠢ ᠨᠢ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ ᠢᠶᠠᠷ ᠭᠤᠣᠯᠯᠠᠭᠤᠯᠵᠤ᠂ ᠳᠡᠯᠭᠡᠨ ᠦᠵᠡᠭᠦᠯᠦᠭᠰᠡᠨ 80 ᠪᠦᠲᠦᠭᠡᠯ ᠤᠨ ᠲᠢᠭ ᠨᠢ ᠭᠤᠷ ᠲᠢᠭ᠂ ᠵᠠᠪᠰᠠᠷ ᠤᠨ ᠦᠰᠦᠭ᠂ ᠲᠦᠪ ᠪᠢᠴᠢᠯᠭᠡ᠂ ᠲᠠᠳᠠᠯᠭᠠᠨ ᠪᠢᠴᠢᠯᠭᠡ᠂ ᠬᠦᠶᠦᠯᠬᠡᠨ ᠲᠢᠭ ᠵᠡᠷᠭᠡ ᠶᠢ ᠬᠠᠮᠤᠷᠴᠤ᠂ ᠪᠢᠴᠢᠯᠭᠡ ᠶᠢᠨ ᠬᠡᠯᠪᠡᠷᠢ  ᠨᠢ ᠪᠠᠶᠠᠯᠢᠭ᠂ ᠤᠷᠠᠯᠢᠭ ᠤᠨ ᠬᠡᠪ ᠨᠠᠮᠪᠠ ᠨᠢ ᠣᠯᠠᠨ ᠶᠠᠩᠵᠤ ᠶᠢᠨ ᠪᠠᠶᠢᠳᠠᠭ᠃ ᠲᠣᠰ ᠤᠳᠠᠭᠠᠨ ᠤ ᠦᠵᠡᠭᠦᠯᠦᠯᠭᠡ ᠶᠢ ᠡᠷᠭᠢᠯᠡᠭᠰᠡᠨ ᠨᠢ ᠮᠠᠨ ᠤ ᠬᠤᠲᠠ ᠶᠢᠨ ᠤᠷᠠᠨ ᠪᠢᠴᠢᠯᠭᠡ ᠶᠢᠨ ᠵᠣᠬᠢᠶᠠᠨ ᠪᠦᠲᠦᠭᠡᠬᠦ ᠬᠢᠷᠢ ᠲᠦᠪᠰᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠵᠤ᠂ ᠣᠯᠠᠨ ᠲᠦᠮᠡᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠬᠠᠯᠠᠭᠤᠨ ᠰᠡᠳᠬᠢᠯᠭᠡ ᠪᠠ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠣᠷᠭᠢᠯᠤᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号