【ᠬᠤᠶᠠᠷ ᠬᠤᠷᠠᠯ】ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2024/1/25
     1 ᠰᠠᠷ᠎ᠠ ᠶᠢᠨ 22 ᠤᠨ ᠡᠳᠦᠷ᠂ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃      2023 ᠣᠨ ᠳᠤ᠂ ᠤᠳᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠤᠳᠠ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠷᠢᠨ ᠨᠢᠮᠪᠠᠢ ᠵᠢᠯᠣᠭᠤᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠪᠦᠯᠬᠦᠮᠳᠡᠯ ᠪᠣᠯᠣᠨ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠠᠮ ᠪᠦᠯᠦᠭ ᠪᠦᠯᠬᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ ᠥᠷᠭᠡᠨ ᠢᠶᠠᠷ ᠪᠦᠯᠬᠦᠮᠳᠡᠭᠦᠯᠦᠨ ᠲᠠᠶᠢᠴᠢᠯᠠᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠤᠷᠤᠭᠰᠢᠯᠠᠵᠤ᠂ ᠤᠳᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃      2024 ᠣᠨ ᠳᠤ᠂ ᠤᠳᠠ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠦᠬᠠᠢ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠤᠳᠠ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠢ ᠶᠢᠨ ᠶᠠᠰᠤ ᠴᠢᠨᠠᠷ ᠢᠶᠠᠨ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠪᠠᠨ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠳᠡᠵᠦ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ ᠢᠳᠡᠪᠬᠢᠲᠡᠢ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠪᠠ ᠪᠥᠬᠦ ᠬᠤᠲᠠ ᠶᠢᠨ ︽ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号