【ᠬᠤᠶᠠᠷ ᠬᠤᠷᠠᠯ】ᠤᠳᠠ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ  ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠤᠷᠪᠠᠳᠤᠭᠠᠷ ᠣᠳᠠᠭᠠᠨ ᠤ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2024/1/25
     1 ᠰᠠᠷ᠎ᠠ ᠶᠢᠨ 24 ᠤ ᠡᠳᠦᠷ᠂ ᠤᠳᠠ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃      2023 ᠣᠨ ᠳᠤ᠂ ᠤᠳᠠ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠣᠳᠠᠳᠠᠢ ᠪᠠᠲᠤᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠳᠣᠬᠢᠴᠢᠯᠠᠭᠰᠠᠨ ᠤᠳᠠ ᠶᠢᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠡ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 177 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠭᠤᠷᠪᠠᠨ ᠲᠤᠭᠤᠷᠢᠭ ᠤᠨ ᠲᠡᠷᠢᠭᠦᠨ ᠳᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 17.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.45% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 50466 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 14.47 ᠳ᠋ᠦᠩᠰᠢᠭᠤᠷ ᠲᠥᠭᠦᠷᠢᠭ ᠲᠤ ᠬᠦᠷᠴᠦ  ᠠᠳᠠᠯᠢ ᠬᠤᠭᠤᠴᠠᠭᠠᠨ ᠤ  ᠬᠢ ᠠᠴᠠ 4.8% ᠨᠡᠮᠡᠭᠳᠡᠪᠡ᠃      2024 ᠣᠨ ᠳᠤ᠂ ᠤᠳᠠ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠦᠬᠠᠢ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠤᠳᠠ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠣᠳᠣᠷᠢᠳᠣᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠵᠦ᠂ ᠠᠵᠤ ᠠᠬᠤᠢ ᠶᠢᠨ ᠶᠠᠰᠤ ᠴᠢᠨᠠᠷ  ᠢᠶᠠᠨ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠪᠠᠨ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠪᠠ ᠪᠥᠬᠦ ᠬᠤᠲᠠ ᠶᠢᠨ ︽ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号