1 ᠰᠠᠷ᠎ᠠ ᠶᠢᠨ 24 ᠤ ᠡᠳᠦᠷ᠂ ᠬᠠᠶᠢᠨᠠᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯ ᠡᠯ᠎ᠡ ᠵᠥᠪᠯᠡᠬᠦ ᠦᠢᠯᠡᠰ ᠢᠶᠠᠨ ᠲᠡᠭᠦᠰ | ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃ | 2023 ᠣᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ | ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠡᠯ᠎ᠡ ᠵᠦᠢᠯ ᠤᠨ | ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤ ᠰᠥᠰᠥ | ᠵᠣᠷᠢᠭ ᠪᠠ ᠡᠷᠡᠰ ᠵᠣᠷᠢᠭ ᠢ ᠡᠪᠦᠷᠯᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠲᠣᠭᠲᠠᠪᠤᠷᠢᠵᠢᠭᠤᠯᠬᠤ᠂ | ᠪᠦᠲᠦᠴᠡ ᠪᠠᠨ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ 20 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 7% | ᠪᠠᠷ ᠨᠡᠮᠡᠭᠳᠡᠪᠡ︔ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 2. | 2% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 76.12 ᠳ᠋ᠦᠩᠰᠢᠭᠤᠷ ᠲᠥᠭᠦᠷᠢᠭ | ᠪᠡᠶᠡᠯᠡᠭᠦᠯᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 4.9% ᠨᠡᠮᠡᠭᠳᠡᠪᠡ︔ ᠬᠤᠲᠠ ᠪᠠᠯᠭᠠᠰᠤ᠂ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 3.8%᠂ 6.4% | ᠪᠠᠷ ᠨᠡᠮᠡᠭᠳᠡᠪᠡ᠃ | 2024 ᠣᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ | ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ | ᠠᠵᠤ ᠠᠬᠤᠢ ᠶᠢᠨ ᠠᠵᠢᠯ ᠤᠨ ᠬᠤᠷᠠᠯ ᠪᠣᠯᠣᠨ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ | ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠦᠬᠦ ᠲᠠᠯ᠎ᠠ ᠪᠠᠷ ᠲᠤᠤᠱᠯᠠᠭᠤᠯᠤᠨ | ᠪᠠᠲᠤᠳᠬᠠᠵᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠵᠦ᠂ ᠴᠢᠨᠠᠷ ᠰᠠᠶᠢᠲᠠᠢ | ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ ᠵᠠᠰᠠᠯᠲᠠ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ | ᠡᠬᠦᠳᠦᠨ᠎ᠡ᠃ | |