【ᠬᠤᠶᠠᠷ ᠬᠤᠷᠠᠯ】ᠤᠯᠤᠰ ᠲᠥᠷᠥ ᠶᠢᠨ ᠵᠥᠪᠯᠡᠯᠭᠡᠨ ᠤ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2024/1/26
     1 ᠰᠠᠷ᠎ᠠ ᠶᠢᠨ 23 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃      2023 ᠣᠨ ᠳᠤ᠂ ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠷᠢᠨ ᠨᠢᠮᠪᠠᠢ ᠵᠢᠯᠣᠭᠤᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠯᠬᠦᠮᠳᠡᠯ ᠪᠣᠯᠣᠨ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠠᠮ ᠪᠦᠯᠦᠭ ᠪᠦᠯᠬᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ ᠥᠷᠭᠡᠨ ᠢᠶᠠᠷ ᠪᠦᠯᠬᠦᠮᠳᠡᠭᠦᠯᠦᠨ ᠲᠠᠶᠢᠴᠢᠯᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠬᠠᠶᠢᠨᠠᠨ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃      2024 ᠣᠨ ᠳᠤ᠂ ᠬᠠᠶᠢᠨᠠᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠦᠬᠠᠢ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢᠨ ᠬᠠᠷᠢᠯᠴᠠᠨ ᠨᠡᠪᠲᠡᠷᠡᠯᠴᠡᠬᠦ ᠶᠢ ᠪᠠᠷᠢᠮᠲᠠᠯᠠᠵᠤ᠂ ᠡᠯ᠎ᠡ ᠨᠠᠮ ᠪᠦᠯᠦᠭ ᠪᠦᠯᠬᠦᠮ ᠯᠦᠭᠡ ᠬᠠᠮᠲᠤᠷᠠᠨ ᠪᠠᠶᠢᠴᠠᠭᠠᠨ ᠰᠤᠳᠤᠯᠬᠤ᠂ ᠬᠠᠮᠲᠤᠪᠠᠷ ᠵᠥᠪᠳᠡᠯᠴᠡᠬᠦ ᠠᠵᠢᠯᠯᠠᠭ᠎ᠠ ᠶᠢ ᠢᠳᠡᠪᠬᠢᠲᠡᠢ ᠪᠠᠷ ᠥᠷᠨᠢᠭᠦᠯᠵᠦ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠ ᠪᠦᠯᠬᠦᠮᠳᠡᠯ ᠨᠥᠬᠦᠷᠯᠡᠯ ᠢᠶᠠᠨ ᠭᠦᠨᠵᠡᠭᠡᠶᠢᠷᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ  ᠤᠨ ᠵᠠᠰᠠᠭ ᠤᠨ ᠣᠷᠳᠣᠨ ᠤ ᠲᠠᠭᠤᠨ ᠢ ᠡᠲᠡᠭᠡᠳ ᠤᠨ ᠢᠯᠭᠠᠯ ᠤᠨ ᠤᠯᠠᠨ ᠲᠦᠮᠡᠨ ᠤ ᠳᠤᠮᠳᠠ ᠳᠠᠮᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠬᠢᠬᠦ ᠬᠡᠷᠡᠭ ᠲᠠᠢ ᠶᠠᠪᠤᠳᠠᠯ ᠢ ᠤᠯᠠᠨ ᠲᠦᠮᠡᠨ ᠤ ᠲᠡᠮᠵᠢᠨ ᠣᠷᠣᠯᠴᠠᠬᠤ᠂ ᠬᠠᠨᠤᠮᠵᠢᠲᠠᠶ ᠨᠤᠲᠠᠯᠠᠬᠤ ᠶᠠᠪᠤᠳᠠᠯ ᠪᠣᠯᠭᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠬᠤ ᠳᠤᠮᠳᠠ ᠰᠢᠨ᠎ᠡ ᠳᠦᠷᠢ ᠲᠥᠷᠬᠦ ᠪᠠᠨ ᠢᠯᠡᠷᠡᠭᠦᠯᠵᠦ᠂ ︽ᠪᠣᠳᠠᠲᠠᠢ ᠪᠠᠷ ᠠᠵᠢᠯᠯᠠᠬᠤ ᠰᠤᠷᠲᠠᠯ︾ ᠢ ᠶᠡᠬᠡᠪᠡᠷ ᠮᠠᠨᠳᠤᠭᠤᠯᠵᠤ᠂ ᠭᠡᠰᠢᠭᠦᠳ ᠤᠨ ᠪᠡᠶᠡᠴᠢ ᠴᠣᠭᠴᠠ ᠶᠢᠨ ᠤᠬᠠᠮᠰᠠᠷ ᠢ ᠨᠢ ᠲᠠᠰᠤᠷᠠᠯᠳᠠ ᠦᠭᠡᠢ ᠴᠢᠩᠭᠠᠷᠠᠭᠤᠯᠵᠤ᠂ ᠪᠠᠶᠢᠭᠤᠯᠭ᠎ᠠ ᠶᠢᠨ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ᠶᠡᠭᠡ ᠲᠠᠯ᠎ᠠ ᠳᠤ ᠦᠢᠯᠡᠴᠢᠯᠡᠭᠰᠡᠨ ᠨᠠᠶᠢᠳᠠᠪᠤᠷᠢᠳᠠᠢ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠲᠥᠯᠥᠭᠡ ᠲᠤᠰᠢᠶᠠᠯ ᠢᠶᠠᠨ ᠭᠦᠢᠴᠡᠳᠬᠡᠵᠤ ᠪᠣᠳᠠᠲᠠᠢ ᠠᠵᠢᠯᠯᠠᠭᠰᠠᠨ ᠤᠯᠤᠰ ᠲᠦᠷᠦ ᠶᠢᠨ ᠵᠥᠪᠯᠡᠯᠭᠡᠨ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠭᠰᠠᠨ ᠵᠢᠱᠢᠶᠡᠴᠢ ᠤᠯᠤᠰ ᠲᠦᠷᠦ ᠶᠢᠨ ᠵᠥᠪᠯᠡᠯᠭᠡᠨ ᠢ ᠬᠦᠴᠦᠯᠡᠨ ᠪᠤᠢ ᠪᠣᠯᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号