1 ᠰᠠᠷ᠎ᠠ ᠶᠢᠨ 24 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ ᠡᠯ᠎ᠡ | ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃ | 2023 ᠣᠨ ᠳᠤ᠂ ᠬᠠᠶᠢᠷᠤᠪ ᠤᠨ ᠲᠤᠬᠤᠢ ᠲᠤᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ | ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠲᠤᠭᠤᠷᠢᠭ ᠤᠨ ᠶᠢᠰᠦᠳᠦᠭᠡᠷ ᠣᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠡᠮᠡᠭᠳᠡᠯ ᠢᠶᠠᠨ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠪᠠᠨ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ | ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠪᠡᠶᠡᠯᠡᠬᠦᠯᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠦᠢᠯᠡᠰ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃ ᠪᠥᠬᠦ ᠵᠢᠯ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 45.3% ᠨᠡᠮᠡᠭᠳᠡᠵᠦ᠂ | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 0.3% ᠨᠡᠮᠡᠭᠳᠡᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ | ᠬᠢ ᠠᠴᠠ 4.6% ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠲᠣᠰ ᠲᠣᠰ 3.9%᠂ 6% ᠨᠡᠮᠡᠭᠳᠡᠪᠡ᠃ | 2024 ᠣᠨ ᠳᠤ᠂ ᠬᠠᠶᠢᠷᠤᠪ ᠤᠨ ᠲᠤᠬᠤᠢ ᠲᠤᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠣᠯᠴᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ | ᠪᠡᠶᠡᠯᠡᠬᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ | ᠬᠠᠷᠠᠯᠲᠠ ᠶᠢ ᠪᠡᠶᠡᠯᠡᠭᠦᠯᠬᠦ ᠪᠠ ᠮᠠᠨ ᠤ ᠬᠤᠲᠠ ᠶᠢᠨ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠨᠢᠭᠡ ᠵᠢᠷᠤᠮᠯᠠᠯ ᠢ | ᠪᠠᠷᠢᠮᠲᠠᠯᠠᠵᠤ᠂ ᠨᠢᠭᠡ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠬᠤᠶᠠᠷ ᠶᠡᠭᠡ ᠡᠭᠦᠷᠭᠡ ᠶᠢ ᠲᠦᠯᠬᠢᠨ ᠠᠬᠢᠭᠤᠯᠵᠤ᠂ | ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠲᠠᠢ ᠨᠢᠭᠲᠠ | ᠤᠶᠠᠯᠳᠤᠭᠤᠯᠤᠨ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ | ᠢᠨᠵᠧᠨᠧᠷᠢᠩ︾᠂ ᠬᠤᠲᠠ ᠶᠢᠨ ᠨᠠᠮ ᠤᠨ ᠬᠤᠷᠢᠶᠠᠨ ᠤ 12 ᠵᠦᠢᠯ ᠤᠨ ᠭᠤᠣᠯᠳᠠᠯᠭ᠎ᠠ ᠲᠠᠢ ᠠᠵᠢᠯ ᠪᠠ ᠲᠤᠭᠤᠷᠢᠭ | ᠤᠨ ᠨᠠᠮ ᠤᠨ ᠬᠤᠷᠢᠶᠠᠨ ᠤ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ | ᠬᠦᠴᠦᠯᠡᠨ ᠲᠦᠷᠭᠡᠳᠬᠡᠵᠦ᠂ ᠪᠣᠬᠢᠷᠲᠤᠯ ᠦᠭᠡᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠳᠤ ᠬᠦᠴᠦ ᠲᠠᠯᠪᠢᠨ᠂ ᠠᠮᠤᠷ ᠲᠦᠪᠰᠢᠨ ᠲᠣᠭᠲᠠᠭᠤᠨ ᠢ ᠬᠦᠴᠦᠯᠡᠨ ᠬᠠᠮᠠᠭᠠᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠬᠠᠶᠢᠷᠤᠪ ᠤᠨ ᠲᠤᠬᠤᠢ ᠶᠢᠨ ᠬᠦᠴᠦᠨ | ᠴᠢᠳᠠᠯ ᠢ ᠨᠡᠮᠡᠷᠢᠯᠡᠨ᠎ᠡ᠃ |