ᠼᠦᠢ ᠵᠢᠩ ᠶᠢᠩ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠬᠤᠵᠸᠦ ᠬᠤᠳᠠ ᠳᠤ ᠬᠦᠷᠴᠦ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠲᠤᠬᠠᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/1/26
     1 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠬᠤᠵᠸᠦ ᠬᠤᠳᠠ ᠳᠤ ᠬᠦᠷᠴᠦ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠲᠤᠬᠠᠢ ᠰᠢᠨᠵᠢᠯᠡᠨ ᠪᠠᠶᠢᠴᠠᠭᠠᠪᠠ᠃ ᠬᠤᠲᠠ ᠶᠢᠨ ᠳᠡᠳ᠋ ᠳᠠᠷᠤᠭ᠎ᠠ ᠵᠠᠩ ᠮᠢᠩ ᠮᠢᠩ ᠣᠷᠣᠯᠴᠠᠪᠡ᠃

     ᠬᠤᠵᠸᠤ ᠬᠤᠲᠠ ᠶᠢᠨ ᠠᠨ ᠵᠢᠢ ᠰᠢᠶᠠᠨ ᠤ ᠲᠢᠶᠠᠨ ᠬᠤᠸᠠᠩ ᠫᠢᠩ ᠪᠠᠯᠭᠠᠰᠤᠨ ᠤ ᠢᠦᠢ ᠼᠦᠨ ᠲᠣᠰᠬᠤᠨ᠂

ᠳ᠋ᠧ ᠴᠢᠩ ᠰᠢᠶᠠᠨ ᠤ ᠮᠦᠸᠧ ᠭᠠᠨ ᠱᠠᠨ ᠪᠠᠯᠭᠠᠰᠤᠨ ᠤ ᠯᠢᠶᠤᠤ ᠶᠤᠸᠠᠨ ᠲᠣᠰᠬᠤᠨ᠂ ︽54︾ ᠲᠣᠰᠬᠤᠨ᠂ ᠯᠣᠣ

ᠯᠢᠩ ᠲᠣᠰᠬᠤᠨ ᠳᠤ᠂ ᠼᠦᠢ ᠵᠢᠩ ᠶᠢᠩ ᠨᠠᠷ ᠵᠧᠵᠢᠶᠠᠩ ᠤᠨ ︽ᠮᠢᠩᠭᠠᠨ ᠲᠤᠰᠬᠤᠨ ᠵᠢᠱᠢᠶ᠎ᠡ ᠦᠵᠡᠬᠦᠯᠵᠦ ᠲᠦᠮᠡ

ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠦᠵᠡᠭᠦᠯᠦᠯᠭᠡ ᠶᠢᠨ ᠣᠷᠳᠣᠨ᠂ ᠢᠷᠡᠭᠡᠳᠦᠢ ᠶᠢᠨ ᠬᠥᠳᠡᠭᠡ

ᠲᠣᠰᠬᠤᠨ ᠤ ᠦᠵᠡᠭᠦᠯᠦᠯᠭᠡ ᠶᠢᠨ ᠣᠷᠳᠣᠨ ᠢᠶᠠᠷ ᠲᠣᠭᠤᠷᠢᠨ ᠦᠵᠡᠵᠦ᠂ ᠠᠷᠠᠳ ᠤᠨ ᠣᠷᠣᠨ ᠰᠠᠭᠤᠴᠠ ᠶᠢᠨ ᠠᠵᠤ

ᠦᠢᠯᠡᠰ ᠢ ᠪᠣᠶᠢᠵᠢᠭᠤᠯᠬᠤ᠂ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠯᠠᠨ

ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ

ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ︽ᠬᠤᠶᠠᠷ ᠠᠭᠤᠯᠠ︾ ᠶᠢᠨ ᠣᠶᠢᠯᠠᠭᠠᠭᠳᠠᠬᠤᠨ ᠤ ᠠᠮᠢᠳᠤᠯᠢᠭ

ᠦᠢᠯᠡᠳᠦᠯᠭᠡ ᠪᠣᠯᠣᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠮᠥᠰ ᠤᠨ

ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠵᠡᠷᠭᠡ ᠲᠠᠯ᠎ᠠ ᠶᠢᠨ ᠲᠤᠷᠰᠢᠯᠭ᠎ᠠ ᠬᠢᠳᠡᠯ ᠢ ᠨᠢ ᠨᠠᠷᠢᠨ ᠣᠶᠢᠯᠠᠭᠠᠪᠠ᠃

     ᠼᠦᠢ ᠵᠢᠩ ᠶᠢᠩ ᠬᠡᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ

ᠬᠤᠭᠤᠴᠠᠭᠠᠨ ᠳᠠᠭᠠᠨ ︽ᠮᠢᠩᠭᠠᠨ ᠲᠤᠰᠬᠤᠨ ᠵᠢᠱᠢᠶ᠎ᠡ ᠦᠵᠡᠬᠦᠯᠵᠦ ᠲᠦᠮᠡ ᠲᠤᠰᠬᠤᠨ ᠢ ᠴᠡᠭᠴᠡᠯᠡᠨ ᠵᠠᠰᠠᠬᠤ

ᠢᠨᠵᠧᠨᠧᠷᠢᠩ︾ ᠢ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠵᠧᠵᠢᠶᠠᠩ ᠤᠨ ᠬᠥᠳᠡᠭᠡ

ᠲᠣᠰᠬᠤᠨ ᠤ ᠳᠦᠷᠰᠦ ᠪᠠᠶᠢᠳᠠᠯ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠬᠤ ᠶᠢ ᠠᠬᠢᠭᠤᠯᠵᠤ᠂

ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠤᠷᠢᠳᠠᠪᠡᠷ ᠬᠠᠶᠢᠨ

ᠰᠦᠪᠡᠭᠴᠢᠯᠡᠭᠰᠡᠨ ᠪᠦᠭᠡᠳ ᠵᠢᠱᠢᠶ᠎ᠡ ᠦᠵᠡᠭᠦᠯᠦᠨ ᠵᠠᠮ ᠳᠠᠭᠠᠭᠤᠯᠵᠤ᠂ ᠨᠢᠭᠡᠨ ᠢᠵᠢ ᠰᠢᠰᠲ᠋ᠧᠮ ᠨᠢ ᠪᠣᠯᠪᠠᠰᠤᠷᠠᠩᠭᠤᠢ

ᠪᠥᠭᠡᠳ ᠪᠦᠲᠦᠮᠵᠢᠲᠡᠢ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯᠯᠠᠬᠤ ᠠᠷᠭ᠎ᠠ ᠪᠣᠯᠣᠨ ᠠᠬᠢᠭᠤᠯᠬᠤ

ᠲᠣᠭᠲᠠᠴᠠ ᠶᠢ ᠪᠦᠷᠢᠯᠳᠦᠭᠦᠯᠪᠡ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠥᠪ

ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽︿ᠮᠢᠩᠭᠠᠨ ᠲᠣᠰᠬᠤᠨ ᠵᠢᠱᠢᠶ᠎ᠡ ᠦᠵᠡᠭᠦᠯᠵᠦ᠂ ᠲᠦᠮᠡᠨ

ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠪᠠᠶᠢᠭᠠᠳ ᠬᠥᠳᠡᠭᠡ

ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ

ᠲᠤᠬᠠᠢ ᠰᠠᠨᠠᠯ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠧᠵᠢᠶᠠᠩ ᠤᠨ ᠠᠮᠵᠢᠯᠲᠠᠲᠠᠢ ᠲᠤᠷᠰᠢᠯᠭ᠎ᠠ ᠶᠢ ᠰᠤᠷᠤᠯᠴᠠᠨ

ᠲᠣᠯᠢ ᠪᠣᠯᠭᠠᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ

ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ

ᠦᠢᠯᠡᠴᠢᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ

ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠵᠦ᠂ ᠲᠠᠷᠢᠶᠠᠯᠠᠩ ᠬᠥᠳᠡᠭᠡ ᠲᠣᠰᠬᠤᠨ ᠤ

ᠡᠯ᠎ᠡ ᠲᠥᠷᠥᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠲᠠᠷᠢᠶᠠᠯᠠᠩ ᠰᠣᠶᠣᠯ

ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠶᠡᠬᠡᠪᠡᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠥᠩᠭᠡ

ᠦᠵᠡᠮᠵᠢ᠂ ᠣᠲᠣ ᠦᠶ᠎ᠡ ᠶᠢᠨ ᠲᠠᠷᠢᠶᠠᠯᠠᠩ᠂ ᠲᠠᠮᠢᠷ ᠤᠨ ᠬᠦᠳᠡᠯᠭᠡᠭᠡᠨ ᠡᠷᠡᠭᠦᠯ ᠮᠡᠨᠳᠦ᠂ ᠰᠢᠨᠵᠢᠯᠡᠬᠦ ᠤᠬᠠᠭᠠᠨ ᠢ

ᠲᠦᠭᠡᠮᠡᠯᠵᠢᠭᠦᠯᠬᠦ ᠬᠥᠮᠦᠵᠢᠯ ᠵᠡᠷᠭᠡ ᠶᠢ ᠨᠢᠭᠡ ᠴᠣᠭᠴᠠᠵᠢᠭᠤᠯᠤᠭᠰᠠᠨ ᠬᠦᠨᠵᠡᠭᠡᠶᠢᠷᠡᠭᠰᠡᠨ ᠮᠠᠶ᠋ᠢᠭ ᠤᠨ ᠲᠠᠷᠢᠶᠠᠯᠠᠩ

ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠣᠶ ᠪᠣᠯᠭᠠᠵᠤ᠂ ᠠᠵᠤ

ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ

ᠳᠠᠶᠢᠴᠢᠯᠠᠬᠤ ᠬᠡᠷᠡᠭᠳᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号