ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/26
     1 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠶᠦᠨᠨᠠᠨ ᠤ ᠵᠣᠣ ᠲᠦᠩ ᠬᠤᠲᠠ ᠶᠢᠨ ᠵᠧᠨ ᠰᠢᠶᠦ᠋ᠩ ᠰᠢᠶᠠᠨ ᠤ ᠠᠭᠤᠯᠠ ᠶᠡᠭᠦᠷᠡᠭᠰᠡᠨ ᠠᠳᠡᠯ᠂ ᠾᠧᠨᠠᠨ ᠤ ᠨᠠᠨᠶᠠᠩ ᠬᠤᠲᠠ ᠶᠢᠨ ᠹᠠᠩ ᠴᠧᠩ ᠰᠢᠶᠠᠨ ᠪᠣᠯᠣᠨ ᠵᠢᠶᠠᠩᠰᠢ ᠶᠢᠨ ᠰᠢᠨ ᠢᠦᠢ ᠬᠤᠲᠠ ᠶᠢᠨ ᠢᠦᠢ ᠱᠦᠢ ᠲᠣᠭᠤᠷᠢᠭ ᠤᠨ ᠭᠠᠯ ᠤᠨ ᠭᠠᠮᠰᠢᠭ ᠤᠨ ᠠᠳᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠥᠴᠥᠬᠡᠨ ᠴᠦ ᠮᠢᠨᠴᠦᠭᠦᠷᠡᠨ ᠲᠠᠶᠢᠪᠤᠰᠢᠷᠠᠬᠤ᠂ ᠴᠠᠯᠠᠭᠠᠶᠢᠷᠠᠬᠤ᠂ ᠠᠵᠠ ᠬᠠᠷᠠᠭᠰᠠᠨ ᠰᠡᠳᠭᠢᠯᠭᠡ ᠦᠴᠦᠭᠡᠨ ᠴᠦ ᠪᠠᠶᠢᠵᠤ ᠪᠣᠯᠬᠤ ᠦᠭᠡᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ  ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠵᠢᠯ ᠤᠨ ᠡᠴᠦᠰ ᠣᠨ ᠤ ᠡᠬᠢᠨ ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠪᠦᠭᠡᠳ ᠰᠠᠶᠢᠲᠤᠷ ᠠᠳᠬᠤᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠦ᠂ ᠡᠯ᠎ᠡ ᠲᠦᠷᠦᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠵᠤ᠂ ᠤᠯᠠᠷᠢᠯ ᠤᠨ ᠴᠢᠨᠠᠷᠲᠠᠢ᠂ ᠪᠠᠶᠠᠷ ᠤᠨ ᠡᠳᠦᠷ ᠤᠨ ᠴᠢᠨᠠᠷᠲᠠᠢ ᠠᠶᠤᠯᠭᠦᠢ ᠦᠢᠯᠡᠳᠪᠦᠷᠢᠯᠡᠯ ᠤᠨ ᠣᠨᠴᠠᠯᠢᠭ ᠲᠠᠢ ᠤᠶᠠᠯᠳᠤᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠵᠤ ᠲᠡᠭᠡᠭᠡᠪᠦᠷᠢᠯᠡᠬᠦ᠂ ᠠᠭᠤᠷᠬᠠᠢ ᠶᠢ ᠨᠡᠭᠡᠭᠡᠨ ᠮᠠᠯᠲᠠᠵᠤ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠪᠣᠯᠣᠨ ᠵᠡᠭᠡᠯᠢ ᠳᠠᠭᠠᠤ ᠶᠢᠨ ᠳᠡᠯᠭᠡᠭᠦᠷ ᠫᠦᠰᠡ᠂ ᠰᠤᠷᠭᠠᠭᠤᠯᠢ᠂ ᠬᠤᠳᠠᠯᠳᠤᠭᠠᠨ ᠤ ᠲᠠᠯᠠᠪᠤᠷ ᠴᠢᠯᠦᠭᠡᠲᠤ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ︽ᠶᠢᠰᠦᠨ ᠵᠢᠵᠢᠭ ᠲᠠᠯᠠᠪᠤᠷ︾ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠶᠡᠬᠡᠪᠡᠷ ᠪᠠᠶᠢᠴᠠᠭᠠᠬᠤ ᠠᠵᠢᠯ ᠢ ᠨᠠᠷᠢᠨ ᠨᠢᠭᠲᠠ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠬᠤᠷᠢᠭᠯᠠᠬᠤ ᠬᠡᠷᠡᠭᠲᠡᠢ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠴᠢᠩᠳᠠᠯᠠᠵᠤ᠂ ︽ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠳ ᠢ ᠴᠡᠭᠴᠡᠯᠡᠨ ᠵᠠᠰᠠᠬᠤ︾ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠵᠦ ᠳᠦᠷᠢᠮ ᠠᠴᠠ ᠵᠥᠷᠢᠴᠡᠨ ᠠᠵᠢᠯᠯᠠᠬᠤ ᠶᠢ ᠡᠷᠡᠰ ᠴᠡᠭᠴᠡᠯᠡᠨ ᠵᠠᠰᠠᠵᠤ᠂ ᠢᠯᠡᠷᠡᠭᠦᠯᠦᠭᠰᠡᠨ ᠠᠰᠠᠭᠤᠳᠠᠯ ᠢ ᠴᠢᠩᠭ᠎ᠠ ᠪᠠᠶᠢᠴᠠᠭᠠᠵᠤ ᠲᠦᠷᠭᠡᠨ ᠰᠢᠢᠳᠪᠦᠷᠢᠯᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠪᠠᠨ ᠴᠢᠩᠭᠠᠯᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠨᠠᠢᠮᠠ ᠶᠢ ᠪᠠᠷᠢᠮᠲᠠᠯᠠᠬᠤ︾ ᠶᠢ ᠭᠦᠨᠵᠡᠭᠡᠢ ᠣᠶᠢᠯᠠᠭᠠᠵᠤ᠂ ᠨᠠᠮ ᠠᠴᠠ ᠮᠥᠩᠭᠦᠨ ᠬᠦᠢᠯᠭᠡᠭᠡ ᠶᠢ ᠬᠠᠮᠢᠶᠠᠷᠬᠤ ᠪᠠᠶᠢᠭᠤᠯᠤᠮᠵᠢ ᠲᠣᠭᠲᠠᠴᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ ᠭᠡᠵᠡᠢ᠃      ᠬᠤᠷᠠᠯ ᠠᠴᠠ ᠲᠥᠪ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠲᠠᠯ ᠤᠨ ᠪᠠᠶᠢᠭᠤᠯᠤᠯᠲᠠ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ᠢᠮᠠᠭᠲᠠ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠬᠠᠮᠤᠭ ᠤᠨ ᠶᠡᠭᠡ ᠵᠠᠷᠴᠢᠮ ᠪᠣᠯᠭᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠦᠨᠳᠦᠰᠦᠨ ᠬᠥᠭᠡᠭᠡᠴᠡᠯᠳᠦᠯ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠺᠠᠳ᠋ᠷ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠠᠶᠢᠳᠠᠯ ᠢ ᠨᠢ ᠨᠡᠪᠲᠡᠷᠬᠡᠢ ᠣᠶᠢᠯᠠᠭᠠᠵᠤ᠂ ᠠᠰᠠᠭᠤᠳᠠᠯ ᠢ ᠨᠢ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠪᠠᠨ ᠲᠦᠷᠭᠡᠳᠬᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠠᠷᠢᠯᠢᠭ ᠥᠨᠳᠥᠷ ᠪᠠᠷᠢᠮᠵᠢᠶ᠎ᠠ ᠲᠠᠢ ᠲᠠᠷᠢᠶᠠᠨ ᠭᠠᠵᠠᠷ᠂ ᠲᠥᠬᠦᠭᠡᠷᠦᠮᠵᠢᠲᠦ ᠲᠠᠷᠢᠶᠠᠯᠠᠩ᠂ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠨᠡᠷᠡᠳᠤ ᠲᠡᠮᠳᠡᠭ ᠢ ᠡᠭᠦᠳᠬᠦ ᠵᠡᠷᠭᠡ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ᠃︽ᠮᠢᠩᠭᠠᠨ ᠲᠤᠰᠬᠤᠨ ᠵᠢᠱᠢᠶ᠎ᠡ ᠦᠵᠡᠬᠦᠯᠵᠦ ᠲᠦᠮᠡ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠵᠢᠴᠢ ᠴᠠᠭᠳᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠱᠠᠭᠠᠷᠳᠠᠯᠭ᠎ᠠ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号