ᠮᠠᠨ ᠤ ᠬᠤᠲᠠ 2024 ᠣᠨ ᠤ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 26  ᠤ ᠡᠳᠦᠷ᠂ ᠮᠠᠨ ᠤ ᠬᠤᠳᠠ 2024 ᠣᠨ ᠤ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠪᠦᠬᠦ ᠤᠯᠤᠰ ᠤᠨ ᠴᠡᠷᠢᠭ ᠡᠯᠰᠡᠬᠦ ᠠᠵᠢᠯ ᠤᠨ ᠬᠤᠷᠠᠯ᠂ ᠪᠦᠬᠦ ᠣᠷᠣᠨ ᠤ ᠴᠡᠷᠢᠭ ᠡᠯᠰᠡᠬᠦ ᠠᠵᠢᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠴᠡᠷᠢᠭ ᠡᠯᠰᠡᠬᠦ ᠠᠵᠢᠯ ᠥᠷᠨᠢᠭᠦᠯᠦᠭᠰᠡᠨ ᠪᠠᠶᠢᠳᠠᠯ ᠢᠶᠠᠨ ᠳ᠋ᠦᠩᠨᠡᠵᠦ᠂ 2024 ᠣᠨ ᠤ ᠴᠡᠷᠢᠭ ᠡᠯᠰᠡᠬᠦ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠦᠷᠦ ᠶᠢᠨ ᠭᠡᠰᠢᠭᠦᠨ ᠿᠤᠤ ᠴᠥᠩ ᠱᠤ᠋᠂ ᠬᠤᠳᠠ ᠶᠢᠨ ᠳᠡᠳ᠋ ᠳᠠᠷᠤᠭ᠎ᠠ ᠭᠤᠤ ᠪᠥᠸᠧ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠴᠡᠷᠢᠭ ᠡᠯᠰᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠷᠢᠭ ᠡᠯᠰᠡᠬᠦ ᠤᠬᠠᠭᠤᠯᠭ᠎ᠠ ᠶᠢ ᠵᠠᠪᠠᠯ ᠤᠨᠢᠨ ᠳᠡᠭᠡᠷ᠎ᠡ ᠨᠢ ᠬᠢᠵᠦ᠂ ᠴᠡᠷᠢᠭ ᠤᠨ ᠶᠠᠰᠤ ᠴᠢᠨᠠᠷ ᠢ ᠵᠠᠪᠠᠯ ᠪᠠᠲᠤᠯᠠᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠬᠤᠷᠢᠭ᠎ᠠ ᠱᠤᠭᠤᠮ ᠢ ᠵᠠᠪᠠᠯ ᠰᠠᠬᠢᠵᠤ᠂ ᠰᠢᠨ᠎ᠡ ᠴᠡᠷᠢᠭ ᠢ ᠦᠳᠡᠨ ᠮᠣᠷᠳᠠᠭᠤᠯᠬᠤ ᠠᠵᠢᠯᠯᠠᠭ᠎ᠠ ᠶᠢ ᠵᠠᠪᠠᠯ ᠴᠢᠩᠭ᠎ᠠ ᠵᠣᠬᠢᠶᠠᠨ ᠪᠠᠶᠢᠭᠤᠯᠵᠤ᠂ ᠴᠡᠷᠢᠭ ᠡᠯᠰᠡᠬᠦ ᠠᠵᠢᠯ ᠤᠨ ︽ᠰᠢᠢᠳᠪᠦᠷᠢᠲᠤ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠨ ᠤ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号