【ᠲᠤᠭ᠎ᠠ ᠪᠦᠷᠢᠳᠭᠡᠯ】2023 ᠣᠨ ᠳᠤ ᠮᠠᠨ ᠤ ᠬᠤᠲᠠ ᠶᠢᠨ ᠭᠠᠳᠠᠭᠠᠳᠤ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠥᠬᠦ ᠣᠷᠣᠨ ᠳᠤ ᠲᠡᠷᠢᠬᠦᠯᠡᠪᠡ
ᠨᠡᠶᠢᠲᠡᠯᠡᠭᠰᠡᠨ ᠴᠠᠭ᠄
2024/1/29
     2023 ᠣᠨ ᠳᠤ᠂ ᠮᠠᠨ ᠤ ᠬᠤᠳᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 12.13 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠭᠠᠳᠠᠭᠠᠳᠤ ᠭᠠᠷᠭᠠᠯᠲᠠ 10.33 ᠳ᠋ᠦᠩᠰᠢᠭᠤᠷ ᠲᠥᠭᠦᠷᠢᠭ᠂ ᠭᠠᠳᠠᠭᠠᠳᠤ ᠣᠷᠣᠭᠤᠯᠤᠯᠲᠠ 1.8 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠣᠷᠣᠭᠤᠯᠤᠯᠲᠠ 2022 ᠣᠨ ᠤ ᠠᠳᠠᠯᠢ ᠬᠤᠭᠤᠴᠠᠭᠠᠨ ᠤ ᠬᠢ ᠠᠴᠠ 1263.65% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠳᠤ ᠲᠡᠷᠢᠬᠦᠯᠡᠪᠡ᠃      ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠡᠩ ᠤᠨ ᠠᠷᠠᠯᠵᠢᠶ᠎ᠠ ᠭᠤᠣᠯ ᠪᠠᠶᠢᠷᠢ ᠶᠢ ᠡᠵᠡᠯᠡᠵᠦ᠂ 2023 ᠣᠨ ᠳᠤ᠂ ᠪᠦᠬᠦ ᠬᠤᠳᠠ ᠶᠢᠨ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ 12.12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ ᠤᠨ 99.99%  ᠢ ᠡᠵᠡᠯᠡᠪᠡ᠃      ᠠᠷᠠᠯᠵᠢᠶᠠᠨ ᠤ ᠬᠠᠨᠢᠲᠠᠨ ᠠᠴᠠ ᠦᠵᠡᠪᠡᠯ᠂ ᠮᠠᠨ ᠤ ᠬᠤᠲᠠ ᠶᠢᠨ ᠠᠷᠠᠯᠵᠢᠶᠠᠨ ᠤ ︽ᠨᠠᠶᠢᠵᠠ ᠶᠢᠨ ᠲᠣᠭᠤᠷᠢᠭ︾ ᠲᠠᠰᠤᠷᠠᠯᠲᠠ ᠦᠭᠡᠢ ᠥᠷᠭᠡᠳᠴᠦ ᠪᠠᠶᠢᠨ᠎ᠠ᠃ 2023 ᠣᠨ ᠳᠤ ᠠᠷᠠᠯᠵᠢᠶᠠᠨ ᠤ ᠡᠳᠡᠭᠡᠳ ᠤᠨ ᠲᠤᠭ᠎ᠠ 80 ᠤᠯᠤᠰ ᠪᠠ ᠭᠠᠵᠠᠷ ᠣᠷᠣᠨ ᠳᠤ ᠬᠦᠷᠲᠡᠯ᠎ᠡ ᠨᠡᠮᠡᠭᠳᠡᠪᠡ᠃ ᠠᠮᠧᠷᠢᠺᠠ ᠪᠣᠯ ᠬᠠᠮᠤᠭ ᠤᠨ ᠲᠣᠮᠣ ᠠᠷᠠᠯᠵᠢᠶᠠᠨ ᠤ ᠤᠯᠤᠰ ᠮᠥᠨ᠂ ᠲᠠᠷᠠᠭᠠᠯᠠᠪᠠᠯ ᠡᠨᠡᠳᠬᠡᠭ᠂ ᠭᠧᠷᠮᠠᠨ᠂ ᠮᠠᠯᠠᠶᠢᠰᠢᠶ᠎ᠠ ᠵᠡᠷᠭᠡ ᠪᠤᠯᠤᠨ᠎ᠠ᠃ ᠬᠠᠮᠲᠤ ᠪᠠᠷ ᠪᠠᠶᠢᠭᠤᠯᠤᠭᠰᠠᠨ ᠤᠯᠤᠰ ᠯᠤᠭ᠎ᠠ ᠶᠢᠨ ᠠᠷᠠᠯᠵᠢᠶ᠎ᠠ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ︽ᠨᠢᠭᠡ ᠪᠦᠰᠡ ᠨᠢᠭᠡ ᠵᠠᠮ︾ ᠤᠨ ᠬᠠᠮᠲᠤ ᠪᠠᠷ ᠪᠠᠶᠢᠭᠤᠯᠤᠭᠰᠠᠨ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ 4.07 ᠳ᠋ᠦᠩᠰᠢᠭᠤᠷ ᠲᠥᠭᠦᠷᠢᠭ ᠲᠤ ᠬᠦᠷᠴᠦ᠂ RCEP ᠶᠢᠨ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠤᠨ ᠪᠤᠰᠤᠳ ᠪᠦᠷᠢᠯᠳᠦᠭᠦᠨ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ 2.45 ᠳ᠋ᠦᠩᠰᠢᠭᠤᠷ ᠲᠥᠭᠦᠷᠢᠭ ᠲᠤ ᠬᠦᠷᠪᠡ᠃      ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠠᠴᠠ ᠠᠪᠴᠤ ᠦᠵᠡᠪᠡᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠲᠣᠪᠣᠶᠢᠮ᠎ᠠ ᠪᠠᠶᠢᠵᠤ᠂ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠤᠨ ᠨᠡᠮᠡᠭᠳᠡᠯ ᠢᠯᠡᠷᠭᠡᠢ ᠪᠠᠶᠢᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 11.62 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ ᠤᠨ95.8% ᠶᠢ ᠡᠵᠡᠯᠡᠪᠡ᠃ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 0.51 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠠᠳᠠᠯᠢ ᠬᠤᠭᠤᠴᠠᠭᠠᠨ ᠤ  ᠬᠢ ᠠᠴᠠ 5.85% ᠪᠠᠷ ᠨᠡᠮᠡᠭᠳᠡᠪᠡ᠃      ᠭᠠᠳᠠᠭᠠᠳᠤ ᠠᠷᠠᠯᠵᠢᠶᠠᠨ ᠤ ᠲᠠᠸᠠᠷ ᠠᠴᠠ ᠠᠪᠴᠤ ᠦᠵᠡᠪᠡᠯ᠂ ᠮᠠᠨ ᠤ ᠬᠤᠲᠠ ᠶᠢᠨ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠤᠶᠠᠨ ᠬᠠᠳᠠᠨ ᠴᠢᠨᠠᠷ ᠢᠯᠡᠷᠡᠵᠦ᠂ ᠭᠠᠳᠠᠭᠠᠳᠤ ᠭᠠᠷᠭᠠᠯᠲᠠ ᠶᠢᠨ ᠪᠦᠲᠦᠭᠡᠭᠳᠡᠬᠦᠨ ᠤ ᠲᠥᠷᠥᠯ ᠵᠦᠢᠯ ᠡᠯᠪᠡᠭ ᠳᠡᠯᠪᠡᠭ ᠪᠤᠯᠪᠠ᠃ ᠦᠨᠳᠦᠰᠦᠨ ᠣᠷᠭᠠᠨᠢᠭ ᠬᠢᠮᠢ ᠶᠢᠨ ᠪᠣᠳᠠᠰ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ᠂ ᠮᠠᠰᠢᠨ ᠴᠠᠬᠢᠯᠭᠠᠨ ᠤ ᠦᠢᠯᠡᠳᠬᠦᠨ ᠨᠢ ᠭᠠᠳᠠᠭᠠᠳᠤ ᠳᠤ ᠭᠠᠷᠭᠠᠬᠤ ᠦᠢᠯᠡᠳᠬᠦᠨ ᠤ ᠲᠦᠷᠦᠭᠦᠦ ᠭᠤᠷᠪᠠ ᠳᠤ ᠣᠷᠣᠪᠠ᠃ ᠪᠣᠷᠳᠣᠭᠤᠷ ᠪᠤᠯ ᠭᠠᠳᠠᠭᠠᠳᠤ ᠳᠤ ᠭᠠᠷᠭᠠᠬᠤ ᠲᠠᠸᠠᠷ  ᠤᠨ ᠰᠢᠨ᠎ᠡ ᠪᠠᠷ ᠨᠡᠮᠡᠭᠳᠡᠭᠰᠡᠨ ᠵᠦᠢᠯ ᠪᠤᠯᠤᠨ᠎ᠠ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ ᠨᠢ ᠨᠡᠶᠢᠳᠡ 0.54 ᠳ᠋ᠦᠩᠰᠢᠭᠤᠷ ᠲᠥᠭᠦᠷᠢᠭ ᠲᠤ ᠬᠦᠷᠴᠦ᠂ ᠲᠠᠪᠤᠳᠤᠭᠠᠷ ᠲᠤ ᠣᠷᠣᠪᠡ᠃ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠨᠢ ᠠᠩᠬ᠎ᠠ ᠵᠡᠷᠭᠡ ᠶᠢᠨ ᠬᠡᠯᠪᠡᠷᠢ ᠲᠠᠢ ᠰᠦᠯᠢᠶᠥᠦ᠂ ᠮᠠᠰᠢᠨ ᠴᠠᠬᠢᠯᠭᠠᠨ ᠤ ᠦᠢᠯᠡᠳᠬᠦᠨ᠂ ᠦᠨᠳᠦᠰᠦᠨ ᠣᠷᠭᠠᠨᠢᠭ ᠬᠢᠮᠢ ᠶᠢᠨ ᠪᠣᠳᠠᠰ ᠢᠶᠠᠷ ᠭᠤᠣᠯ ᠪᠣᠯᠭᠠᠵᠤ᠂ ᠠᠩᠬ᠎ᠠ ᠵᠡᠷᠭᠡ ᠶᠢᠨ ᠬᠡᠯᠪᠡᠷᠢ ᠲᠠᠢ ᠰᠦᠯᠢᠶᠥᠦ ᠨᠢ ᠰᠢᠨ᠎ᠡ ᠪᠠᠷ ᠨᠡᠮᠡᠭᠳᠡᠭᠰᠡᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠪᠠᠶᠢᠵᠤ᠂ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠦᠷᠳᠡᠭ ᠨᠢ ᠨᠡᠶᠢᠳᠡ 0.75 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠠᠴᠠ ᠣᠷᠣᠭᠤᠯᠤᠭᠰᠠᠨ ᠶᠡᠷᠦᠩᠬᠡᠢ ᠦᠷᠳᠡᠭ ᠤᠨ 42% ᠢ ᠡᠵᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号