ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠠᠩᠬᠠᠳᠤᠭᠠᠷ ᠣᠳᠠᠭᠠᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 26 ᠤ ᠡᠳᠦᠷ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠠᠩᠬᠠᠳᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠣᠨ ᠣᠶᠢᠷ᠎ᠠ ᠶᠢᠨ ᠬᠡᠳᠦᠨ ᠤᠳᠠᠭᠠᠨ ᠤ ᠬᠦᠨᠳᠦ ᠶᠡᠭᠡ ᠠᠳᠡᠯ ᠤᠨ ᠲᠤᠬᠠᠢ ᠴᠢᠬᠤᠯᠠ ᠴᠣᠬᠤᠯᠠᠪᠤᠷᠢ᠂ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢᠶᠠᠨ ᠲᠤᠬᠢᠷᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃      ᠼᠦᠢ ᠵᠢᠩ ᠶᠢᠩ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢᠨ ᠪᠡᠷᠬᠡ ᠬᠠᠲᠠᠭᠤᠵᠢᠯᠲᠠᠢ ᠴᠢᠨᠠᠷ ᠪᠣᠯᠣᠨ ᠪᠠᠴᠢᠮ ᠲᠤᠯᠭᠠᠮ᠎ᠠ ᠴᠢᠨᠠᠷ ᠢ ᠰᠡᠷᠭᠡᠭ ᠢᠶᠠᠷ ᠲᠠᠨᠢᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ᠂ ︽ᠶᠠᠪᠤᠳᠠᠯ ᠪᠣᠯᠭᠠᠨ ᠢ ᠴᠢᠩᠭ᠎ᠠ ᠠᠳᠬᠤᠵᠤ ᠲᠠᠯᠪᠢᠬᠤ ᠦᠭᠡᠢ︾ ᠪᠠᠶᠢᠬᠤ ᠡᠭᠦᠷᠭᠡᠲᠦ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ 53 ᠵᠤᠷᠪᠤᠰ ᠠᠷᠭ᠎ᠠ ᠬᠡᠮᠵᠢᠶ᠎ᠡ ᠪᠣᠯᠣᠨ ᠮᠠᠨ ᠤ ᠬᠤᠲᠠ ᠶᠢᠨ 65 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠩ ᠡᠷᠡᠰ ᠣᠪᠣᠷ᠂ ᠨᠠᠩ ᠬᠦᠴᠦᠲᠡᠢ ᠠᠷᠭ᠎ᠠ ᠬᠡᠮᠵᠢᠶ᠎ᠡ᠂ ᠨᠠᠩ ᠯᠠᠪᠳᠠᠭᠤᠨ ᠪᠠᠲᠤᠲᠠᠢ ᠰᠤᠷᠲᠠᠯ ᠢᠶᠠᠷ ᠠᠮᠤᠷ ᠲᠦᠪᠰᠢᠨ ᠤ ᠰᠡᠷᠭᠡᠶᠢᠯᠡᠯᠲᠡ ᠪᠠᠨ ᠴᠢᠩᠭᠠᠳᠬᠠᠨ᠂ ᠠᠯᠳᠠᠰᠢ ᠭᠠᠷᠬᠤ ᠶᠢ ᠴᠠᠭ ᠲᠤᠬᠠᠢ ᠳᠤᠨᠢ ᠬᠤᠷᠢᠭᠯᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠳᠡᠢ᠃ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠵᠢᠯ ᠤᠨ ᠡᠴᠦᠰ ᠣᠨ ᠤ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠮᠠᠭᠠᠢ ᠰᠠᠶᠢᠲᠤᠷ ᠬᠢᠵᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︽ᠪᠦᠬᠦ ᠬᠤᠲᠠ ᠶᠢᠨ ︿ᠬᠤᠶᠠᠷ ᠪᠠᠶᠠᠷ﹀ ︿ᠬᠤᠶᠠᠷ ᠬᠤᠷᠠᠯ﹀ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠴᠢᠩᠭ᠎ᠠ ᠵᠢᠷᠤᠮᠯᠠᠨ᠂ ᠠᠶᠤᠯᠲᠠᠢ ᠬᠢᠮᠢ ᠶᠢᠨ ᠪᠣᠳᠠᠰ᠂ ᠠᠭᠤᠷᠬᠠᠢ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ᠥᠪᠡᠰᠦᠪᠡᠨ ᠭᠡᠷ ᠪᠠᠷᠢᠬᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠣᠶ ᠰᠢᠭᠤᠢ ᠶᠢᠨ ᠭᠠᠯ ᠰᠡᠷᠭᠡᠶᠢᠯᠡᠬᠦ᠂ ᠣᠨᠴᠠ ᠲᠥᠷᠥᠯ ᠤᠨ ᠲᠥᠬᠦᠭᠡᠷᠦᠮᠵᠢ᠂ ᠪᠠᠷᠢᠯᠭ᠎ᠠ ᠶᠢᠨ ᠠᠵᠢᠯ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ᠂ ᠬᠠᠯᠢᠶ᠎ᠠ ᠦᠶᠡᠷ ᠵᠡᠷᠭᠡ ᠬᠦᠷᠢᠶ᠎ᠡ ᠴᠠᠷᠠᠭ᠎ᠠ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠳᠡᠢ᠃ ︽ᠦᠨᠳᠦᠰᠦᠨ ᠱᠠᠲᠤᠨ ᠤ ᠦᠨᠳᠦᠰᠦᠨ ᠪᠦᠲᠦᠭᠡᠨ ᠪᠠᠶᠢᠭᠤᠯᠤᠯᠳᠠ ᠶᠢᠨ ᠣᠨ︾ ᠤ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ︽ᠭᠤᠷᠪᠠᠨ ᠬᠠᠮᠢᠶᠠᠷᠣᠯᠳᠠ ᠭᠤᠷᠪᠠᠨ ᠡᠷᠬᠡᠪᠰᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠯᠳᠤ ᠪᠠᠷ ᠡᠴᠦᠰ ᠲᠤᠨᠢ ᠲᠤᠯᠲᠠᠯ᠎ᠠ᠂ ᠬᠥᠨᠳᠡᠯᠡᠨ ᠢᠶᠠᠷ ᠬᠢᠵᠠᠭᠠᠷ ᠲᠤᠨᠢ ᠬᠦᠷᠲᠡᠯ᠎ᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠬᠦᠴᠦᠯᠡᠨ ᠪᠣᠶ ᠪᠣᠯᠭᠠᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠬᠦ ᠬᠡᠷᠡᠭᠲᠡᠢ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠴᠠᠭᠠᠨ ᠰᠠᠷ᠎ᠠ ᠪᠣᠯᠬᠤ ᠭᠡᠵᠦ ᠪᠠᠶᠢᠨ᠎ᠠ᠂ ᠠᠮᠤᠷ ᠲᠦᠪᠰᠢᠨ ᠤ ᠲᠤᠬᠠᠢ ᠲᠠᠨᠢᠯᠳᠡ ᠪᠠᠨ ᠳᠡᠭᠡᠭᠰᠢᠯᠡᠭᠦᠯᠵᠦ᠂ ᠦᠳᠲᠡᠷ ᠲᠦᠷᠭᠡᠨ ᠬᠥᠳᠡᠯᠦᠯᠴᠡᠵᠦ᠂ ᠦᠨᠳᠦᠰᠦᠨ ᠱᠠᠲᠤᠨ ᠳᠤ ᠰᠢᠭᠤᠳ ᠣᠷᠣᠵᠤ᠂ ᠪᠠᠶᠠᠷ ᠤᠨ ᠡᠳᠦᠷ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ᠂ ᠬᠠᠬᠢᠷ ᠬᠦᠢᠲᠡᠨ ᠠᠭᠤᠷ ᠠᠮᠢᠰᠬᠤᠯ ᠢ ᠠᠷᠭᠠᠴᠠᠭᠠᠬᠤ᠂ ᠪᠠᠴᠢᠮ ᠪᠠᠶᠢᠳᠠᠯ ᠢ ᠠᠷᠭᠠᠴᠠᠭᠠᠵᠣ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ ᠠᠵᠢᠯ  ᠢᠶᠠᠨ ᠨᠠᠷᠢᠨ ᠨᠢᠭᠲᠠ ᠴᠢᠩᠭ᠎ᠠ ᠪᠣᠳᠠᠲᠠᠢ ᠠᠳᠬᠤᠵᠤ᠂ ᠥᠷᠭᠡᠨ ᠤᠯᠠᠨ ᠲᠦᠮᠡᠨ ᠢ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠭᠧᠩ ᠬᠠᠢ ᠵᠢᠶᠦ᠋ᠨ᠂ ᠭᠦᠸᠧ ᠢ ᠵᠢᠶᠧ᠂ ᠸᠠᠩ ᠵᠢᠢ ᠫᠢᠩ᠂ ᠵᠠᠩ ᠮᠢᠩ ᠮᠢᠩ᠂ ᠭᠤᠸ ᠪᠥᠸᠧ ᠣᠷᠣᠯᠴᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号