ᠲᠠᠩ ᠢ ᠨᠠᠰᠤᠲᠠᠨ ᠢ ᠠᠰᠠᠷᠠᠬᠤ ᠬᠦᠷᠢᠶᠡᠯᠡᠩ᠂ ᠪᠣᠯᠪᠠᠰᠤᠷᠠᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠨᠢᠭᠤᠴᠠ ᠪᠠᠷ ᠰᠤᠷᠪᠤᠯᠵᠢᠯᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠠᠤᠯᠢ ᠬᠡᠷᠡᠭᠵᠢᠭᠦᠯᠬᠦ ᠠᠵᠢᠯᠲᠠᠨ ᠢ ᠳᠠᠭᠠᠭᠤᠯᠤᠨ ᠬᠠᠶᠢᠷᠤᠪ ᠤᠨ ᠲᠤᠬᠤᠢ ᠲᠣᠭᠤᠷᠢᠭ ᠤᠨ ᠬᠡᠰᠡᠭ ᠨᠠᠰᠤᠲᠠᠨ ᠢ ᠠᠰᠠᠷᠠᠬᠤ ᠬᠦᠷᠢᠶᠡᠯᠡᠩ᠂ ᠪᠣᠯᠪᠠᠰᠤᠷᠠᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠲᠣᠬᠢᠶᠠᠯᠳᠤᠯ ᠢᠶᠠᠷ ᠨᠢᠭᠤᠴᠠ ᠪᠠᠷ ᠰᠤᠷᠪᠤᠯᠵᠢᠯᠠᠨ ᠪᠠᠶᠢᠴᠠᠭᠠᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ ᠣᠷᠣᠯᠴᠠᠪᠡ᠃      ᠲᠠᠩ ᠢ ᠲᠠᠢ ᠵᠢᠢ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠲᠣᠭᠤᠭᠠᠨ ᠭᠡᠷ᠂ ᠠᠮᠢᠳᠤᠷᠠᠯ ᠤᠨ ᠲᠣᠭᠤᠷᠢᠭ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠵᠡᠷᠭᠡ ᠣᠷᠣᠨ ᠪᠦᠰᠡ ᠶᠢᠨ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠪᠦᠲᠦᠨ ᠪᠠᠶᠢᠬᠤ ᠡᠰᠡᠬᠦ᠂ ᠲᠠᠷᠬᠠᠭᠠᠬᠤ ᠵᠠᠮ ᠰᠠᠭᠠᠳ ᠦᠭᠡᠢ ᠪᠠᠶᠢᠬᠤ ᠡᠰᠡᠬᠦ ᠵᠡᠷᠭᠡ ᠪᠠᠶᠢᠳᠠᠯ ᠢ ᠨᠢ ᠭᠤᠣᠯᠳᠠᠯᠭ᠎ᠠ ᠲᠠᠢ ᠰᠤᠭᠤᠴᠢᠨ ᠪᠠᠶᠢᠴᠠᠭᠠᠵᠤ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢᠨ ᠲᠡᠮᠳᠡᠭᠯᠡᠯ ᠤᠨ ᠬᠦᠰᠦᠨᠦᠭᠲᠦ ᠶᠢ ᠨᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠠᠵᠢᠯᠲᠠᠨ ᠤ ᠭᠠᠯ ᠣᠨᠳᠠᠷᠭᠠᠬᠤ ᠪᠠᠭᠠᠵᠢ ᠬᠡᠷᠡᠭᠰᠡᠯ ᠢ ᠵᠢᠷᠤᠮᠵᠢᠭᠤᠨ ᠠᠵᠢᠯᠯᠠᠭᠤᠯᠬᠤ ᠪᠣᠯᠪᠠᠰᠤᠷᠠᠩᠭᠤᠢ ᠪᠠᠶᠢᠬᠤ ᠬᠡᠮᠵᠢᠶ᠎ᠡ ᠶᠢ ᠨᠢ ᠲᠤᠬᠠᠢ ᠶᠢᠨ ᠲᠠᠯᠠᠪᠤᠷ ᠲᠤᠨᠢ ᠰᠢᠯᠭᠠᠨ ᠪᠠᠶᠢᠴᠠᠭᠠᠪᠠ᠃ ᠲᠡᠷᠡ ᠬᠡᠯᠡᠭᠰᠡᠨ  ᠨᠢ᠂᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠣᠯ ᠨᠠᠰᠤᠲᠠᠶᠢᠴᠤᠳ ᠤᠨ ᠲᠥᠪᠯᠡᠷᠡᠨ ᠠᠮᠢᠳᠤᠷᠠᠬᠤ ᠲᠠᠯᠠᠪᠤᠷ ᠮᠥᠨ᠂ ᠨᠠᠰᠤᠲᠠᠶᠢᠴᠤᠳ ᠤᠨ ᠬᠥᠳᠡᠯᠵᠦ ᠪᠠᠷᠢᠬᠤ ᠨᠢ ᠳᠥᠭᠦᠮ ᠦᠭᠡᠢ᠂ ᠭᠠᠯ ᠭᠠᠷᠤᠭᠰᠠᠨ ᠭᠠᠵᠠᠷ ᠤᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠴᠢᠳᠠᠪᠤᠷᠢ ᠨᠢ ᠨᠠᠩ ᠪᠠᠭᠤᠷᠠᠢ ᠪᠠᠶᠢᠵᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ ᠳᠤ ᠶᠠᠮᠠᠷ ᠴᠤ ᠠᠯᠳᠠᠰᠢ ᠭᠠᠷᠭᠠᠵᠤ ᠪᠣᠯᠬᠤ ᠦᠭᠡᠢ᠃ ᠡᠯ᠎ᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠳᠠᠯᠳᠠ ᠬᠡᠮ ᠲᠦᠭᠰᠢᠭᠦᠷᠢ ᠶᠢ ᠬᠢᠨᠠᠮᠠᠭᠠᠢ ᠵᠢᠭᠰᠠᠭᠠᠨ ᠪᠠᠶᠢᠴᠠᠭᠠᠵᠤ᠂ ᠠᠯᠳᠠᠰᠢ ᠭᠠᠷᠬᠤ ᠶᠢ ᠡᠷᠡᠰ ᠬᠤᠷᠢᠭᠯᠠᠵᠤ᠂ ᠦᠨᠴᠦᠭ ᠪᠤᠯᠤᠩ ᠳᠤ ᠬᠦᠷᠳᠡᠯ᠎ᠡ ᠦᠯᠡᠳᠡᠬᠡᠵᠦ ᠪᠤᠯᠬᠤ ᠦᠭᠡᠢ᠃ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ  ᠠᠵᠠ ᠵᠠᠪᠰᠢᠶᠠᠨ ᠢ ᠡᠷᠢᠬᠦ ᠰᠠᠨᠠᠭ᠎ᠠ ᠡᠪᠦᠷᠯᠡᠵᠦ ᠪᠣᠯᠬᠤ ᠦᠭᠡᠢ᠃ ᠠᠵᠢᠯᠲᠠᠳ ᠪᠣᠯᠣᠨ ᠬᠦᠷᠢᠶᠡᠯᠡᠩ ᠳᠤ ᠪᠠᠶᠢᠭ᠎ᠠ ᠨᠠᠰᠤᠲᠠᠶᠢᠴᠤᠳ ᠲᠤ ᠬᠢᠬᠦ ᠬᠥᠮᠦᠵᠢᠯ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠤᠯᠠᠨ ᠢ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ ᠬᠠᠮᠤᠭ ᠤᠨ ᠲᠦᠷᠦᠭᠦᠨ ᠳᠤ ᠬᠡᠷᠬᠢᠨ ᠰᠢᠢᠳᠪᠦᠷᠢᠯᠡᠬᠦ᠂ ᠬᠡᠷᠬᠢᠨ ᠲᠠᠷᠬᠠᠭᠠᠬᠤ ᠶᠢ ᠰᠠᠶᠢᠲᠤᠷ ᠲᠠᠨᠢᠭᠤᠯᠬᠤ ᠬᠡᠷᠡᠭᠲᠡᠢ ᠭᠡᠵᠡᠢ᠃      ᠶᠢᠩ ᠯᠦᠩ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ᠂ ᠲᠠᠩ ᠢ ᠬᠡᠰᠡᠭ ᠪᠣᠯᠪᠠᠰᠤᠷᠠᠯ ᠤᠨ ᠪᠠᠶᠢᠭᠤᠯᠤᠮᠵᠢ ᠶᠢᠨ ᠲᠠᠯᠠᠪᠤᠷ ᠤᠨ ᠣᠷᠴᠢᠨ ᠲᠣᠭᠤᠷᠢᠨ ᠢ ᠨᠢ ᠪᠠᠶᠢᠴᠠᠭᠠᠨ ᠦᠵᠡᠵᠦ᠂ ᠬᠡᠰᠡᠭ ᠠᠰᠠᠷ ᠤᠨ ᠳᠠᠪᠬᠤᠷᠭ᠎ᠠ ᠶᠢᠨ ᠠᠮᠤᠷ ᠲᠦᠪᠰᠢᠨ ᠤ ᠭᠠᠷᠬᠤ ᠡᠭᠦᠳᠡ ᠶᠢᠨ ᠪᠠᠶᠢᠷᠢᠯᠠᠭᠤᠯᠤᠯᠲᠠ ᠵᠢᠴᠢ ᠨᠡᠭᠡᠭᠡᠯᠲᠡ ᠶᠢᠨ ᠪᠠᠶᠢᠳᠠᠯ ᠢ  ᠨᠢ ᠨᠠᠷᠢᠨ ᠬᠢᠨᠠᠮᠠᠭᠠᠢ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ ᠠᠮᠤᠷ ᠲᠦᠪᠰᠢᠨ ᠤ ᠢᠯᠡᠳᠬᠡᠮᠵᠢ ᠲᠡᠮᠳᠡᠭ ᠳᠤᠲᠠᠭᠳᠠᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠯ ᠵᠣᠬᠢᠰ ᠦᠭᠡᠢ ᠪᠠᠶᠢᠬᠤ ᠵᠡᠷᠭᠡ ᠠᠰᠠᠭᠤᠳᠠᠯ ᠢ ᠨᠢ ᠵᠢᠭᠠᠵᠤ ᠭᠠᠷᠭᠠᠪᠠ᠃ ᠲᠡᠷᠡ ᠬᠡᠯᠡᠭᠰᠡᠨ ᠨᠢ᠂ ᠭᠡᠨᠡᠳᠲᠡ ᠶᠢᠨ ᠠᠳᠡᠯ ᠳᠤ ᠶᠡᠷᠦᠨᠢ ᠵᠠᠶᠢᠯᠠᠰᠢ ᠦᠭᠡᠢ ᠬᠦᠴᠦᠨ ᠵᠦᠢᠯ ᠠᠭᠤᠯᠤᠭᠳᠠᠵᠤ ᠪᠠᠶᠢᠳᠠᠭ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠨᠢ ᠠᠷᠠᠳ ᠤᠯᠠᠨ ᠤ ᠠᠮᠢ ᠨᠠᠰᠤᠨ  ᠤ ᠠᠮᠤᠷ ᠲᠦᠪᠰᠢᠨ ᠪᠣᠯᠣᠨ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠪᠣᠯᠬᠤᠷ ᠥᠴᠥᠬᠡᠨ ᠲᠡᠳᠦᠢ ᠴᠦ ᠠᠯᠮᠠᠶᠢᠷᠠᠵᠤ ᠪᠣᠯᠬᠤ ᠦᠭᠡᠢ᠂ ᠲᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠶᠣᠰᠣᠨ ᠤ ᠲᠡᠳᠦᠢ ᠪᠤᠶᠤ ᠬᠡᠯᠪᠡᠷᠢ ᠶᠢᠨ ᠲᠠᠳᠣᠢ ᠶᠠᠭᠠᠬᠢᠭᠰᠠᠨ ᠴᠤ ᠬᠠᠨᠲᠤᠵᠤ ᠪᠣᠯᠬᠤ ᠦᠭᠡᠢ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠨᠠᠷᠢᠨ ᠬᠢᠨᠠᠮᠠᠭᠠᠢ ᠪᠠᠷ ︽ᠰᠢᠯᠭᠠᠷᠠᠭᠤᠯᠬᠤ︾ ᠣᠪᠣᠷ ᠢᠶᠠᠷ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠠᠰᠠᠭᠤᠳᠠᠯ  ᠢᠶᠠᠨ ᠦᠨᠡᠨᠬᠦ ᠪᠠᠶᠢᠴᠠᠭᠠᠵᠤ᠂ ᠠᠰᠠᠭᠤᠳᠠᠯ ᠢᠶᠠᠨ ᠣᠨᠣᠪᠴᠢᠲᠠᠶ ᠪᠠᠶᠢᠴᠠᠭᠠᠵᠤ᠂ ᠦᠨᠡᠨᠬᠦ ᠬᠥᠨᠳᠡᠵᠦ ᠪᠠᠶᠢᠭᠠᠳ ᠲᠦᠷᠭᠡᠨ ᠥᠭᠡᠷᠡᠴᠢᠯᠡᠵᠦ᠂ ᠲᠤᠶᠢᠯᠪᠤᠷᠢᠲᠠᠢ ᠥᠭᠡᠷᠡᠴᠢᠯᠡᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠡᠷᠡᠰ ᠠᠷᠢᠯᠭᠠᠬᠤ ᠬᠡᠷᠡᠭᠲᠡᠢ᠃ ᠴᠠᠭᠠᠨ ᠰᠠᠷ᠎ᠠ ᠣᠶᠢᠷᠠᠲᠤᠵᠤ ᠪᠠᠶᠢᠭ᠎ᠠ ᠦᠶ᠎ᠡ ᠳᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠸᠠᠷ ᠫᠤᠤᠵᠢᠩ ᠲᠠᠯᠪᠢᠬᠤ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠷᠠᠭᠤᠯᠤᠨ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠪᠦᠰᠡ ᠪᠠ ᠲᠥᠪᠯᠡᠷᠡᠭᠦᠯᠦᠨ ᠨᠣᠴᠣᠭᠠᠬᠤ ᠴᠢᠭ ᠢ ᠵᠦᠢ ᠵᠣᠬᠢᠰᠲᠠᠢ ᠲᠥᠯᠥᠪᠵᠢᠭᠦᠯᠵᠦ᠂ ᠬᠠᠤᠯᠢ ᠪᠤᠰᠤ ᠪᠠᠷ ᠦᠢᠯᠡᠳᠪᠦᠷᠢᠯᠡᠬᠦ᠂ ᠡᠵᠡᠩᠨᠡᠬᠦ᠂ ᠬᠤᠸᠠᠷ ᠫᠤᠤᠵᠢᠩ ᠲᠠᠯᠪᠢᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号