ᠭᠤᠣᠯ ᠰᠡᠳᠦᠪᠲᠦ ᠬᠥᠮᠦᠵᠢᠯ᠄ ᠲᠠᠩ ᠢ ᠥᠪᠡᠷ ᠤᠨ ᠪᠠᠶᠢᠭ᠎ᠠ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠡᠩ ᠤᠨ ᠨᠠᠮ ᠤᠨ ᠭᠡᠰᠢᠭᠦᠨ ᠤ ᠬᠤᠪᠢ ᠪᠠᠷ ᠪᠠᠶᠢᠭ᠎ᠠ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠢᠭᠡᠳᠦᠭᠡᠷ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠠᠮ ᠤᠨ ᠡᠭᠦᠷ ᠤᠨ ᠬᠤᠷᠢᠶ᠎ᠠ ᠪᠠᠨ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠳᠠ ᠬᠢᠵᠦ᠂ ᠨᠠᠮ ᠤᠨ ᠡᠭᠦᠷ ᠤᠨ 5 ᠨᠥᠬᠦᠷ ᠳᠠᠷᠠᠭᠠᠯᠠᠨ ᠬᠠᠷᠢᠴᠠᠭᠤᠯᠤᠭᠰᠠᠨ ᠪᠠᠶᠢᠴᠠᠭᠠᠬᠤ ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠲᠠᠩ ᠢ ᠬᠡᠯᠡᠭᠰᠡᠨ ᠨᠢ᠂ ᠡᠨᠡ ᠣᠳᠠᠭᠠᠨ ᠤ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠤᠯᠠᠨ ᠢᠶᠠᠷ ᠢᠶᠠᠨ ᠬᠠᠷᠢᠯᠴᠠᠨ ᠰᠣᠯᠢᠯᠴᠠᠵᠤ᠂ ᠦᠨᠡᠨᠴᠢ ᠪᠠᠷ ᠰᠢᠭᠦᠮᠵᠢᠯᠡᠵᠦ᠂ ᠬᠠᠮᠲᠤ ᠪᠠᠷ ᠳᠡᠭᠡᠭᠰᠢᠯᠡᠵᠦ᠂ ᠬᠠᠮᠲᠤ ᠪᠠᠷ ᠲᠠᠪᠰᠢᠬᠤ ᠵᠣᠷᠢᠯᠭ᠎ᠠ ᠳᠠᠭᠠᠨ ᠬᠦᠷᠴᠡᠢ᠃ ᠤᠯᠠᠨ ᠢᠶᠠᠷ ᠢᠶᠠᠨ ᠲᠤᠰ ᠣᠳᠠᠭᠠᠨ ᠤ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢᠶᠠᠨ ᠰᠠᠶᠢᠲᠤᠷ ᠠᠰᠢᠭᠯᠠᠵᠤ᠂ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠬᠤ ᠪᠠᠷ ᠠᠵᠢᠯ ᠢᠶᠠᠨ ᠠᠬᠢᠭᠤᠯᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠢ᠃      ᠲᠠᠩ ᠢ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠭᠤᠤᠯ ᠲᠠᠯ᠎ᠠ ᠲᠠᠢ ᠨᠢᠭᠲᠠ ᠤᠶᠠᠯᠳᠤᠭᠤᠯᠵᠤ᠂ ᠶᠡᠭᠡ ᠲᠠᠯ᠎ᠠ ᠳᠤ ᠦᠢᠯᠡᠴᠢᠯᠡᠵᠦ᠂ ᠵᠢᠯᠤᠭᠤᠳᠬᠤ ᠭᠠᠵᠠᠷ᠂ ᠱᠲ᠋ᠠᠪ ᠤᠨ ᠬᠡᠯᠲᠡᠰ᠂ ᠨᠢᠭᠡᠳᠦᠯᠲᠡᠢ ᠲᠥᠯᠥᠪᠵᠢᠭᠦᠯᠬᠦ ᠬᠡᠯᠲᠡᠰ᠂ ᠵᠣᠬᠢᠴᠠᠭᠤᠯᠬᠤ ᠬᠡᠯᠲᠡᠰ᠂ ᠭᠦᠢᠴᠡᠳᠬᠡᠬᠦ ᠬᠡᠯᠲᠡᠰ᠂ ᠮᠡᠳᠡᠭᠡ ᠵᠠᠩᠭᠢ ᠶᠢᠨ ᠬᠡᠯᠲᠡᠰ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠢ ᠶᠠᠪᠤᠭᠳᠠᠬᠤ ᠶᠢ ᠪᠦᠲᠦᠮᠵᠢᠲᠡᠢ ᠪᠠᠲᠤᠯᠠᠵᠤ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠪᠡ᠃ ᠰᠢᠨ᠎ᠡ ᠨᠢᠭᠡᠨ ᠵᠢᠯ ᠳᠤ᠂ ᠤᠯᠠᠨ ᠢᠶᠠᠷ ᠢᠶᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠴᠢᠨᠠᠭᠰᠢᠳᠠ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾᠂ ᠬᠤᠳᠠ ᠶᠢᠨ ᠨᠠᠮ ᠤᠨ ᠬᠤᠷᠢᠶᠠᠨ ᠤ12 ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠭᠠᠷᠳᠠᠴᠠ᠂ ᠬᠦᠴᠦᠯᠡᠬᠦ‍ ᠴᠢᠭ ᠢᠶᠠᠨ ᠣᠨᠣᠪᠴᠢᠲᠠᠢ ᠣᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠦᠬᠠᠢ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠲᠠᠩ ᠢ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠵᠠᠯᠠᠭᠤ ᠺᠠᠳ᠋ᠷᠴᠤᠳ ᠲᠤ ᠲᠦᠷᠪᠡᠨ ᠲᠠᠯ᠎ᠠ ᠶᠢᠨ ᠪᠣᠳᠠᠲᠠᠢ ᠱᠠᠭᠠᠷᠳᠠᠯᠭ᠎ᠠ ᠳᠤᠷᠠᠳᠪᠡ᠃ ᠨᠢᠭᠡ ᠳᠤ᠂ ᠤᠯᠤᠰ ᠲᠦᠷᠦ ᠶᠢᠨ ᠲᠠᠯ᠎ᠠ ᠪᠠᠷ ᠯᠠᠪᠳᠠᠭᠤᠨ ᠪᠠᠲᠤᠲᠠᠢ᠂ ᠨᠠᠶᠢᠳᠠᠪᠤᠷᠢᠲᠠᠢ ᠪᠠᠶᠢᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠱᠠᠭᠠᠷᠳᠠᠯᠭ᠎ᠠ ᠶᠢ ᠪᠢᠴᠢᠭ ᠮᠠᠲ᠋ᠧᠷᠢᠶᠠᠯ ᠲᠤᠭᠤᠷᠪᠢᠬᠤ ᠬᠤᠷᠠᠯ ᠡᠷᠭᠢᠯᠡᠬᠦ ᠤᠴᠢᠷ ᠶᠠᠪᠤᠳᠠᠯ ᠰᠢᠢᠳᠪᠦᠷᠢᠯᠡᠬᠦ ᠪᠣᠳᠠᠲᠠᠢ ᠠᠵᠢᠯ ᠤᠨ ᠳᠤᠮᠳᠠ ᠪᠠᠨ ᠦᠨᠡᠨᠬᠦ ᠢᠯᠡᠷᠡᠭᠦᠯᠬᠦ ᠬᠡᠷᠡᠭᠲᠡᠢ᠃ ᠬᠤᠶᠠᠷ ᠲᠤ᠂ ᠠᠵᠢᠯ ᠡᠭᠦᠷᠭᠡᠯᠡᠵᠦ ᠳᠡᠶᠢᠯᠬᠦ ᠬᠡᠷᠡᠭᠳᠡᠢ᠂ ᠪᠠᠰᠠ ᠰᠠᠶᠢᠨ ᠬᠢᠬᠦ ᠬᠡᠷᠡᠭᠲᠡᠢ᠃ ᠵᠠᠯᠠᠭᠤᠴᠤᠳ ᠤᠨ ᠡᠷᠴᠢ ᠵᠣᠷᠢᠭ᠂ ᠲᠡᠮᠡᠴᠡᠬᠦ ᠵᠣᠷᠢᠭ᠂ ᠤᠶᠠᠨ ᠬᠠᠳᠠᠨ ᠴᠢᠨᠠᠷ ᠡᠪᠦᠷᠯᠡᠵᠤ᠂ ᠵᠣᠷᠢᠭᠲᠠᠢ ᠰᠡᠳᠬᠢᠵᠦ ᠵᠣᠷᠢᠭᠲᠠᠢ ᠲᠦᠯᠦᠪᠵᠢᠬᠦᠯᠵᠦ᠂ ᠵᠣᠷᠢᠭᠲᠠᠢ ᠬᠢᠵᠦ ᠵᠣᠷᠢᠭᠲᠠᠢ ᠪᠡᠶᠡᠯᠡᠬᠦᠯᠵᠦ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠬᠠᠲᠠᠭᠤ ᠲᠤᠯᠭᠠᠭᠤᠷᠢ᠂ ᠪᠠᠲᠤ ᠮᠥᠷᠥ᠂ ᠵᠢᠩᠬᠢᠨᠢ ᠴᠢᠳᠠᠪᠤᠷᠢ ᠪᠠᠨ ᠪᠣᠯᠪᠠᠰᠤᠷᠠᠭᠤᠯᠵᠤ᠂ ᠯᠠᠪᠳᠠᠭᠤᠨ ᠲᠣᠭᠲᠠᠭᠤᠨ᠂ ᠠᠷᠢᠭᠤᠨ ᠴᠡᠪᠡᠷ ᠢᠶᠠᠷ ᠠᠵᠢᠯᠯᠠᠵᠤ᠂ ᠡᠭᠦᠷᠭᠡᠯᠡᠵᠦ ᠪᠠᠶᠢᠭ᠎ᠠ ᠠᠵᠢᠯ ᠪᠦᠬᠦᠨ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠰᠤᠷᠲᠠᠯ ᠤᠨ ᠲᠠᠯ᠎ᠠ ᠪᠠᠷ ᠴᠢᠩᠭ᠎ᠠ ᠠᠳᠬᠤᠵᠤ᠂ ᠬᠠᠳᠠᠭᠤ ᠪᠠᠶᠢᠬᠤ ᠬᠡᠷᠡᠭᠲᠡᠢ᠃ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠳᠠᠷᠤᠶᠢᠬᠠᠨ ᠭᠦᠢᠴᠡᠳᠬᠡᠬᠦ᠂ ᠦᠨᠡᠨᠬᠦ ᠠᠳᠬᠤᠵᠤ ᠪᠣᠳᠠᠲᠠᠢ ᠪᠠᠷ ᠠᠵᠢᠯᠯᠠᠬᠤ ᠰᠠᠶᠢᠨ ᠳᠠᠳᠬᠠᠯ ᠢ ᠪᠣᠶ ᠪᠣᠯᠭᠠᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠡᠶᠢᠰᠪᠦᠷᠢ︾ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠨᠢᠭᠡᠪᠦᠷᠢ ᠳᠤ ᠴᠥᠮ ᠦᠷ᠎ᠡ ᠳ᠋ᠦᠩ ᠭᠠᠷᠭᠠᠵᠤ᠂ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠥᠷᠪᠡ ᠳᠤ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠴᠢᠩᠭ᠎ᠠ ᠠᠳᠬᠤᠬᠤ ᠬᠡᠷᠡᠭᠲᠡᠢ᠃ ᠪᠡᠶ᠎ᠡ ᠪᠠᠨ ᠪᠠᠷᠢᠬᠤ ᠰᠡᠳᠬᠢᠯᠭᠡ ᠶᠢ ᠦᠷᠭᠦᠯᠵᠢ ᠡᠪᠦᠷᠯᠡᠵᠦ᠂ ᠦᠷᠭᠦᠯᠵᠢ ᠪᠡᠶ᠎ᠡ ᠪᠠᠨ ᠬᠢᠴᠢᠶᠡᠵᠦ᠂ ᠪᠡᠶ᠎ᠡ ᠪᠠᠨ ᠲᠤᠩᠭᠠᠵᠤ᠂ ᠪᠡᠶ᠎ᠡ ᠪᠠᠨ ᠰᠡᠷᠡᠮᠵᠢᠯᠡᠭᠦᠯᠵᠦ᠂ ᠪᠡᠶ᠎ᠡ ᠪᠠᠨ ᠵᠣᠷᠢᠭᠵᠢᠭᠤᠯᠵᠤ᠂ ᠡᠯ᠎ᠡ ᠵᠦᠢᠯ ᠤᠨ ᠥᠳᠥᠭᠡᠯᠭᠡ ᠪᠠ ᠬᠠᠭᠤᠷᠮᠠᠭ ᠦᠵᠡᠭᠳᠡᠯ ᠢ ᠣᠨᠣᠪᠴᠢᠲᠠᠢ ᠢᠯᠭᠠᠨ ᠲᠠᠨᠢᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠨᠢᠭᠤᠴᠠ ᠶᠢ ᠬᠠᠮᠠᠭᠠᠯᠠᠬᠤ ᠲᠣᠭᠲᠠᠭᠠᠯ ᠢ ᠵᠢᠷᠤᠮᠯᠠᠵᠤ᠂ ᠡᠷᠡᠰ ᠪᠠᠲᠤ ᠪᠠᠷᠢᠮᠲᠠᠯᠠᠬᠤ ᠨᠠᠮᠴᠢ ᠴᠢᠨᠠᠷ ᠢᠶᠠᠨ ᠡᠭᠦᠷᠢᠳᠡ ᠪᠠᠲᠤᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ︽ᠠᠩᠬᠠᠨ ᠤ ᠲᠣᠪᠴᠢ︾ ᠶᠢ ᠰᠠᠶᠢᠲᠤᠷ ᠲᠣᠪᠴᠢᠯᠠᠬᠤ ᠬᠡᠷᠡᠭᠲᠡᠢ ᠭᠡᠵᠡᠢ᠃      ᠲᠠᠩ ᠢ ᠬᠠᠮᠤᠭ ᠤᠨ ᠰᠡᠭᠦᠯ ᠳᠤ ᠵᠠᠯᠠᠭᠤ ᠺᠠᠳ᠋ᠷᠴᠤᠳ ᠢ ︽ᠪᠢᠴᠢᠭ ᠲᠤ ᠪᠠᠭ᠋ᠠᠳᠠᠢ ᠦᠰᠦᠭ ᠲᠤ ᠪᠠᠭ᠋ᠠᠳᠠᠢ ᠨᠡᠷ᠎ᠡ ᠠᠯᠳᠠᠷ ᠲᠤ ᠪᠠᠬ᠎ᠠ ᠦᠭᠡᠢ᠂ ᠦᠨᠡᠨ ᠢ ᠡᠷᠢᠵᠦ ᠦᠨᠡᠨ ᠢ ᠡᠷᠬᠢᠮᠯᠡᠵᠤ ᠢᠷᠠᠭᠤ ᠠᠯᠳᠠᠷ ᠢ ᠬᠥᠭᠡᠭᠡᠴᠡᠯᠳᠦᠬᠦ ᠦᠭᠡᠢ᠂ ᠢᠯᠡᠭᠦᠦ ᠰᠡᠳᠬᠢᠵᠦ ᠢᠯᠡᠭᠦᠦ ᠰᠦᠪᠡᠭᠴᠢᠯᠡᠵᠤ ᠭᠤᠮᠤᠳᠠᠯ ᠲᠤᠭᠠᠴᠢᠬᠤ ᠦᠭᠡᠢ᠂ ᠬᠦᠴᠢᠷ ᠢ ᠲᠤᠭᠤᠯᠤᠨ ᠬᠠᠲᠠᠭᠤᠵᠢᠯᠲᠠᠢ ᠲᠡᠮᠡᠴᠡᠵᠤ ᠭᠠᠪᠢᠶ᠎ᠠ ᠵᠢᠳᠬᠦᠯ ᠢ ᠬᠥᠭᠡᠭᠡᠴᠡᠯᠳᠦᠬᠦ ᠦᠭᠡᠢ︾ ᠪᠠᠶᠢᠵᠤ᠂ ᠯᠠᠪᠳᠠᠭᠤᠨ ᠬᠢᠨᠠᠮᠠᠭᠠᠢ ᠠᠵᠢᠯᠯᠠᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠠᠪᠤᠴᠠ ᠳᠤ ᠥᠪᠡᠷ ᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠪᠢᠶ᠎ᠠ ᠵᠢᠳᠭᠦᠯ ᠦᠵᠡᠬᠦᠯᠬᠦ ᠬᠡᠷᠡᠭᠲᠡᠢ ᠭᠡᠵᠦ ᠵᠣᠷᠢᠭᠵᠢᠭᠤᠯᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠣᠣ ᠬᠤᠷᠠᠯ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号