ᠭᠡᠷ ᠤᠨ ᠠᠬᠠᠮᠠᠳ ᠲᠤ ᠬᠦᠷᠭᠡᠬᠦ 20 ᠵᠤᠷᠪᠤᠰ ᠰᠠᠨᠠᠭᠤᠯᠭ᠎ᠠ
ᠨᠡᠶᠢᠲᠡᠯᠡᠭᠰᠡᠨ ᠴᠠᠭ᠄
2024/1/29
     ⒈ ᠡᠶ᠎ᠡ ᠵᠤᠬᠢᠴᠠᠯᠳᠦ ᠭᠡᠷ ᠪᠦᠯᠢ ᠶᠢᠨ ᠤᠷᠴᠢᠨ ᠢ ᠪᠠᠶᠢᠭᠤᠯᠬᠤ ᠬᠡᠷᠡᠭᠳᠠᠢ      ᠡᠶ᠎ᠡ ᠵᠤᠬᠢᠴᠠᠯᠳᠦ ᠭᠡᠷ ᠪᠦᠯᠢ ᠶᠢᠨ ᠤᠷᠴᠢᠨ ᠨᠢ ᠶᠠᠭ ᠯᠠ ᠨᠠᠬᠢᠶ᠎ᠠ ᠴᠤᠮᠤᠷᠯᠢᠭ ᠲᠤ ᠨᠠᠷᠠᠨ ᠤ ᠭᠡᠷᠡᠯ᠂ ᠠᠭᠠᠷ᠂ ᠤᠰᠤ ᠬᠦᠷᠳᠡᠭᠡᠬᠦ ᠲᠠᠢ ᠠᠳᠠᠯᠢ ᠪᠠᠶᠢᠳᠠᠭ᠃ ᠲᠡᠷᠡ ᠪᠤᠯ ᠬᠡᠥᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠡᠷᠬᠡᠪᠰᠢ ᠬᠡᠷᠡᠭᠰᠡᠬᠦ ᠭᠠᠳᠠᠭᠠᠳᠤ ᠤᠷᠴᠢᠨ ᠮᠦᠨ᠃ ᠬᠡᠬᠦ ᠳᠤ ᠡᠨᠡᠬᠦ ᠰᠠᠶᠢᠨ ᠰᠠᠶᠢᠬᠠᠨ ᠤᠷᠴᠢᠨ ᠨᠢ ᠶᠡᠷᠦ ᠠᠴᠠ ᠡᠵᠢ ᠠᠪᠤ ᠶᠢᠨ ᠴᠢᠷᠮᠠᠶᠢᠯᠭ᠎ᠠ ᠪᠠᠷ ᠲᠠᠮᠵᠢᠨ ᠪᠠᠶᠢᠭᠤᠯᠤᠭᠳᠠᠳᠠᠭ᠃ ᠭᠡᠷ ᠪᠦᠯᠢ ᠶᠢᠨ ᠭᠤᠤᠯ ᠡᠵᠡᠨ ᠪᠤᠯᠤᠭᠰᠠᠨ ᠠᠪᠤ ᠡᠵᠢ  ᠨᠢ ᠦᠪᠡᠷ ᠤᠨ ᠪᠡᠶ᠎ᠡ ᠠᠴᠠ ᠪᠠᠨ ᠡᠬᠢᠯᠡᠵᠦ ᠠᠬᠠᠮᠠᠳ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠵᠤ᠂ ᠬᠠᠷᠢᠯᠴᠠᠨ ᠬᠦᠨᠳᠦᠳᠭᠡᠵᠦ᠂ ᠨᠢᠭᠳᠠᠷᠠᠨ ᠪᠦᠯᠬᠦᠮᠳᠡᠵᠦ᠂ ᠡᠶ᠎ᠡ ᠵᠤᠬᠢᠴᠠᠯᠳᠦ ᠬᠠᠯᠠᠭᠤᠨ ᠲᠤᠯᠠᠭᠠᠨ ᠭᠡᠷ ᠪᠦᠯᠢ ᠶᠢ ᠪᠠᠶᠢᠭᠤᠯᠳᠠᠭ ᠪᠤᠯ ᠬᠤᠶᠢᠴᠢᠰ ᠨᠢ ᠴᠤ ᠲᠠᠭᠠᠯᠠᠮᠵᠢᠳᠠᠢ ᠤᠷᠴᠢᠨ ᠳᠤ ᠠᠮᠢᠳᠤᠷᠠᠬᠤ ᠪᠠᠷ ᠪᠠᠷᠠᠬᠤ ᠦᠭᠡᠢ ᠰᠠᠶᠢᠨ ᠰᠠᠶᠢᠬᠠᠨ ᠵᠦᠢᠯᠡᠰ ᠢ  ᠨᠢ ᠰᠤᠷᠴᠤ ᠠᠪᠤᠨ ᠪᠦᠷᠢᠨ ᠲᠡᠭᠦᠯᠳᠡᠷ ᠬᠦᠮᠦᠨ ᠴᠢᠨᠠᠷ ᠲᠠᠢ ᠪᠤᠯᠵᠤ ᠬᠦᠮᠦᠵᠢᠳᠡᠭ᠃ ᠬᠦᠮᠦᠨ ᠭᠡᠭᠴᠢ ᠠᠮᠢᠳᠠᠨ ᠳᠤ ᠪᠡᠶ᠎ᠡ ᠮᠠᠬᠠᠪᠤᠳ ᠬᠢᠭᠡᠳ ᠡᠷᠡᠭᠦᠯ ᠴᠢᠬᠢᠷᠠᠭ᠂ ᠰᠤᠷᠴᠤ ᠡᠵᠡᠮᠰᠢᠭᠰᠡᠨ ᠮᠡᠳᠡᠯᠭᠡ᠂ ᠰᠠᠳᠤᠨ ᠲᠦᠷᠦᠯ ᠢᠶᠠᠨ ᠬᠡᠬᠦ ᠰᠡᠳᠬᠢᠯᠭᠡ ᠵᠡᠷᠭᠡ ᠯᠠ ᠦᠪᠡᠷ ᠤᠨ ᠬᠢᠨᠢ ᠯᠠ ᠶᠤᠮ᠃ ᠡᠶᠢᠮᠦ ᠠᠴᠠ ᠭᠡᠷ ᠤᠨ ᠠᠬᠠᠮᠠᠳ ᠪᠤᠯᠤᠭᠰᠠᠳ ᠰᠠᠶᠢᠨ ᠰᠠᠶᠢᠬᠠᠨ ᠤᠷᠴᠢᠨ ᠲᠤᠭᠤᠷᠢᠨ ᠠᠴᠠ ᠡᠬᠢᠯᠡᠭᠡᠳ ᠬᠡᠥᠬᠡᠳ ᠤᠨ ᠪᠠᠶᠢᠬᠤ ᠶᠤᠰᠤᠳᠠᠢ ᠶᠠᠭᠤᠮ᠎ᠠ ᠶᠢ ᠬᠡᠥᠬᠡᠳ ᠲᠡᠭᠡᠨ ᠦᠭᠬᠦ ᠶᠢ ᠶᠠᠭᠠᠬᠢᠭᠰᠠᠨ ᠴᠦ ᠪᠤᠤ ᠮᠠᠷᠳᠠᠭᠠᠷᠠᠢ︕      ⒉ ᠡᠴᠢᠭᠡ ᠡᠬᠡ ᠪᠤᠯᠤᠭᠰᠠᠳ ᠬᠦᠩᠭᠡᠨ ᠬᠠᠭᠤᠳᠠᠮ ᠢᠶᠠᠷ ᠤᠷᠤᠭ ᠰᠠᠯᠬᠤ ᠶᠢ ᠬᠢᠴᠢᠶᠡᠬᠦ ᠬᠡᠷᠡᠭᠳᠠᠢ      ᠡᠴᠢᠭᠡ ᠡᠬᠡ ᠨᠢ ᠤᠷᠤᠭ ᠰᠠᠯᠤᠭᠰᠠᠨ ᠬᠡᠥᠬᠡᠳ ᠲᠤ ᠶᠡᠷᠦ ᠨᠢ ᠡᠬᠡ ᠶᠢᠨ ᠬᠠᠶᠢᠷ᠎ᠠ ᠲᠤᠳᠠᠬᠤ ᠪᠤᠶᠤ ᠡᠴᠢᠭᠡ  ᠶᠢᠨ ᠬᠠᠶᠢᠷ᠎ᠠ ᠲᠤᠳᠠᠳᠠᠭ᠃ ᠡᠨᠡ ᠬᠤᠶᠠᠷ ᠲᠠᠯ᠎ᠠ ᠶᠢᠨ ᠬᠠᠶᠢᠷ᠎ᠠ ᠶᠢ ᠬᠦᠷᠳᠡᠵᠦ ᠲᠡᠶᠢᠯᠬᠦ ᠦᠭᠡᠢ ᠬᠡᠥᠬᠡᠳ ᠨᠢ ᠤᠯᠠᠩᠬᠢ ᠳᠠᠭᠠᠨ ᠬᠦᠮᠦᠨ ᠴᠢᠨᠠᠷ ᠤᠨ ᠲᠠᠯ᠎ᠠ ᠪᠠᠷ ᠲᠤᠳᠠᠮᠠᠭ ᠲᠠᠢ ᠪᠤᠯᠵᠤ ᠮᠡᠳᠡᠳᠡᠭ᠃ ᠶᠡᠷᠦᠳᠡ ᠶᠢᠨ ᠪᠠᠶᠢᠳᠠᠯ ᠠᠴᠠ ᠠᠪᠴᠤ ᠦᠵᠡᠪᠡᠯ ᠰᠠᠯᠵᠤ ᠰᠠᠷᠨᠢᠭᠰᠠᠨ ᠭᠡᠷ ᠪᠦᠯᠢ ᠶᠢᠨ ᠬᠡᠥᠬᠡᠳ ᠤᠨ ᠰᠤᠷᠭᠠᠭᠤᠯᠢ ᠶᠢᠨ ᠰᠤᠷᠤᠯᠴᠠᠯᠭ᠎ᠠ ᠳᠤ ᠲᠤᠷ᠎ᠠ ᠮᠠᠭᠤᠳᠠᠬᠤ ᠨᠤᠷᠮ᠎ᠠ ᠨᠢ ᠡᠩ ᠤᠨ ᠬᠡᠥᠬᠡᠳ ᠤᠨ 2 ᠲᠠᠬᠢᠨ ᠪᠠᠶᠢᠵᠤ᠂ ᠰᠡᠳᠬᠢᠯ ᠤᠨ ᠲᠠᠷᠤᠭᠠᠰᠤ ᠨᠢ ᠶᠡᠭᠡᠳᠡᠭᠰᠡᠭᠡᠷ ᠪᠡᠶ᠎ᠡ ᠪᠠᠨ ᠭᠤᠯᠤᠵᠤ᠂ ᠰᠡᠳᠬᠢᠴᠡ ᠶᠢᠨ ᠠᠷᠬᠠᠭ ᠲᠠᠢ ᠪᠤᠯᠳᠠᠭ ᠪᠠ ᠬᠢᠯᠪᠠᠷᠬᠠᠨ ᠶᠠᠯ᠎ᠠ ᠬᠢᠬᠦ ᠵᠠᠮ ᠳᠤ ᠤᠷᠤᠳᠠᠭ᠃ ᠡᠶᠢᠮᠦ ᠠᠴᠠ ᠠᠪᠤ ᠡᠵᠢ ᠪᠤᠯᠤᠭᠰᠠᠳ ᠨᠢ ᠦᠰᠪᠦᠷᠢ ᠶᠢᠨ ᠰᠠᠶᠢᠬᠠᠨ ᠦᠷ᠎ᠡ ᠬᠤᠶᠢᠴᠢᠰ ᠢᠶᠠᠨ ᠪᠤᠳᠤᠵᠤ ᠬᠦᠩᠭᠡᠨ ᠬᠠᠭᠤᠳᠠᠮ ᠢᠶᠠᠷ ᠤᠷᠤᠭ ᠰᠠᠯᠬᠤ ᠶᠢ ᠬᠢᠴᠢᠶᠡᠭᠡᠷᠡᠢ︕      ⒊ ᠬᠡᠥᠬᠡᠳ ᠢᠶᠠᠨ ᠬᠠᠶᠢᠷ᠎ᠠ ᠶᠢ ᠮᠡᠳᠡᠳᠡᠭ ᠬᠦᠮᠦᠨ ᠪᠤᠯᠭᠠᠨ ᠬᠦᠮᠦᠵᠢᠬᠦᠯᠬᠦ ᠬᠡᠷᠡᠭᠳᠠᠢ      ᠠᠪᠤ ᠡᠵᠢ ᠨᠢ ᠬᠡᠥᠬᠡᠳ ᠤᠨ ᠢᠶᠠᠨ ᠬᠠᠮᠤᠭ ᠠᠩᠬᠠᠨ ᠤ ᠪᠠᠭᠰᠢ ᠪᠤᠯᠤᠭᠰᠠᠨ ᠤ ᠬᠤᠪᠢ ᠳᠤ ᠶᠠᠭᠤᠨ ᠤ ᠡᠮᠦᠨ᠎ᠡ ᠬᠦᠮᠦᠨ ᠳᠤ ᠬᠠᠨᠳᠤᠵᠤ᠂ ᠶᠠᠪᠤᠳᠠᠯ ᠰᠢᠢᠳᠪᠦᠷᠢᠯᠡᠬᠦ ᠳᠤ ᠬᠠᠶᠢᠷ᠎ᠠ ᠰᠡᠳᠬᠢᠯᠭᠡ ᠲᠤᠳᠤᠷᠬᠠᠢ ᠪᠠᠶᠢᠵᠤ ᠰᠡᠳᠬᠢᠯᠭᠡ ᠪᠠᠷ ᠢᠶᠠᠨ ᠬᠡᠥᠬᠡᠳ ᠢᠶᠠᠨ ᠨᠦᠯᠦᠭᠡᠯᠡᠬᠦ ᠬᠡᠷᠡᠭᠳᠠᠢ᠃ ᠴᠢ ᠬᠡᠷᠪᠡ ᠠᠪᠤ ᠡᠵᠢ ᠠᠬᠠᠮᠠᠳ ᠨᠠᠰᠤᠳᠠᠨ ᠢᠶᠠᠨ ᠬᠦᠨᠳᠦᠯᠡᠵᠦ ᠠᠴᠢᠯᠠᠨ᠂ ᠭᠡᠷ ᠤᠨ ᠬᠦᠮᠦᠰ ᠲᠡᠭᠡᠨ ᠬᠠᠶᠢᠷ᠎ᠠ ᠲᠠᠢ᠂ ᠠᠶᠢᠯ ᠵᠡᠷᠭᠡᠯᠡᠳᠡᠭᠡ᠂ ᠨᠡᠶᠢᠭᠡᠮ ᠲᠦᠮᠡᠨ ᠳᠡᠭᠡᠨ ᠬᠠᠯᠠᠭᠤᠨ ᠢᠶᠠᠷ ᠬᠠᠨᠳᠤᠵᠤ᠂ ᠬᠡᠥᠬᠡᠳ ᠦᠷ᠎ᠡ ᠳᠡᠭᠡᠨ ᠬᠦᠯᠢᠴᠡᠩᠬᠦᠢ ᠰᠡᠳᠬᠢᠯ ᠲᠠᠢ᠂ ᠨᠡᠶᠢᠵᠠ ᠨᠦᠬᠦᠳ ᠲᠡᠭᠡᠨ ᠨᠠᠶᠢᠷᠰᠠᠭ᠂ ᠦᠨᠡᠨᠴᠢ ᠢᠳᠡᠭᠡᠮᠵᠢ ᠲᠠᠢ ᠶᠠᠪᠤᠬᠤ ᠶᠢ ᠪᠡᠶᠡᠯᠡᠬᠦᠯᠵᠦ ᠪᠠᠶᠢᠳᠠᠭ ᠪᠤᠯ ᠬᠡᠥᠬᠡᠳ ᠴᠢᠨᠢ ᠨᠦᠯᠦᠭᠡᠯᠡᠭᠳᠡᠨ ᠶᠠᠷᠢᠶᠠᠨ ᠦᠭᠡᠢ ᠨᠢᠭᠡ ᠬᠠᠶᠢᠷ᠎ᠠ ᠰᠡᠳᠬᠢᠯᠭᠡ ᠶᠢ ᠮᠡᠳᠡᠳᠡᠭ ᠬᠦᠮᠦᠨ ᠪᠤᠯᠵᠤ ᠬᠦᠮᠦᠵᠢᠭᠳᠡᠬᠦ ᠶᠤᠮ᠃ ᠡᠶᠢᠮᠦ ᠠᠴᠠ ᠦᠭᠡ ᠶᠠᠷᠢᠶ᠎ᠠ ᠪᠠᠷ ᠢᠶᠠᠨ ᠬᠦᠮᠦᠵᠢᠯ ᠬᠢᠬᠦ ᠪᠠᠷ ᠪᠠᠷᠠᠬᠤ ᠦᠭᠡᠢ ᠦᠢᠯᠠ ᠠᠵᠢᠯᠯᠠᠭ᠎ᠠ ᠪᠠᠷ ᠢᠶᠠᠨ ᠬᠡᠥᠬᠡᠳ ᠲᠡᠭᠡᠨ ᠬᠠᠶᠢᠷ᠎ᠠ ᠶᠢ ᠮᠡᠳᠡᠭᠦᠯᠦᠭᠡᠷᠠᠢ︕      ⒋ ᠴᠠᠭ ᠢᠮᠠᠭᠳᠠ ᠪᠡᠶ᠎ᠡ ᠪᠠᠷ ᠢᠶᠠᠨ ᠬᠡᠪ ᠲᠦᠷᠢᠮ ᠪᠤᠯᠵᠤ ᠪᠠᠶᠢᠬᠤ ᠬᠡᠷᠡᠭᠳᠠᠢ      ᠪᠡᠶ᠎ᠡ ᠪᠠᠷ ᠢᠶᠠᠨ ᠨᠦᠯᠦᠭᠡᠯᠡᠨ ᠰᠤᠷᠭᠠᠬᠤ ᠨᠢ ᠠᠷᠪᠢᠨ ᠶᠠᠷᠢᠵᠤ ᠶᠠᠩᠰᠢᠵᠤ ᠰᠤᠷᠭᠠᠬᠤ ᠶᠢ ᠪᠤᠳᠤᠪᠠᠯ ᠲᠠᠭᠤᠷᠢᠶᠠᠯ ᠤᠨ ᠬᠦᠴᠦᠨ ᠲᠠᠢ ᠪᠠᠶᠢᠳᠠᠭ ᠠᠴᠠ ᠬᠦᠮᠦᠵᠢᠯ ᠤᠨ ᠦᠷ᠎ᠡ ᠠᠰᠢᠭ ᠢᠶᠠᠷ ᠰᠠᠶᠢᠨ ᠪᠠᠶᠢᠳᠠᠭ᠃ ᠵᠢᠱᠢᠶᠡᠯᠡᠪᠡᠯ᠂ ᠴᠠᠭ ᠢ ᠬᠠᠶᠢᠷᠠᠯᠠᠵᠤ ᠴᠠᠭ ᠢ ᠪᠠᠷᠢᠮᠳᠠᠯᠠᠨ ᠰᠤᠷᠤᠯᠴᠠᠳᠠᠭ ᠲᠠᠳᠬᠠᠯ ᠲᠠᠢ ᠪᠠᠶᠢᠬᠤ᠃ ᠴᠡᠪᠡᠷ ᠲᠡᠭᠰᠢ ᠡᠮᠬᠢ ᠴᠡᠭᠴᠡ ᠶᠢ ᠡᠷᠬᠢᠮᠯᠡᠳᠡᠭ᠃ ᠪᠤᠰᠤᠳ ᠲᠤ ᠶᠤᠰᠤᠷᠬᠠᠭ᠂ ᠠᠵᠢᠯᠴᠢ ᠬᠦᠳᠡᠯᠮᠦᠷᠢᠴᠢ᠂ ᠲᠡᠰᠪᠦᠷᠢ ᠬᠠᠳᠠᠭᠤᠵᠢᠯᠳᠠᠢ ᠪᠠᠶᠢᠬᠤ᠂ ᠰᠤᠷᠤᠯᠴᠠᠬᠤ ᠲᠤᠷᠠᠳᠠᠢ᠂ ᠪᠠᠭᠰᠢ ᠨᠠᠰᠤᠳᠠᠳ ᠢ ᠬᠦᠨᠳᠦᠯᠡᠳᠡᠭ᠂᠂᠂᠂᠂᠂ ᠵᠡᠷᠭᠡ ᠤᠯᠠᠨ ᠲᠠᠯ᠎ᠠ ᠳᠤ ᠪᠦᠷ ᠦᠢᠯᠡ ᠠᠵᠢᠯᠯᠠᠭ᠎ᠠ ᠪᠠᠷ ᠢᠶᠠᠨ ᠲᠠᠭᠤᠷᠢᠶᠠᠯ ᠪᠤᠯᠵᠤ ᠪᠤᠯᠳᠠᠭ ᠲᠤᠯᠠ ᠬᠡᠯᠡᠵᠦ ᠰᠤᠷᠭᠠᠬᠤ ᠲᠡᠳᠦᠢ ᠯᠠ ᠪᠢᠰᠢ᠂ ᠬᠢᠵᠦ ᠦᠵᠡᠬᠦᠯᠳᠡᠭ ᠲᠠᠭᠠᠭᠤᠯᠤᠭᠴᠢ ᠪᠤᠯᠤᠭᠠᠷᠠᠢ︕      ⒌ ᠭᠡᠷ ᠤᠨ ᠠᠬᠠᠮᠠᠳ ᠤᠨ ᠰᠤᠷᠭᠠᠨ ᠬᠦᠮᠦᠵᠢᠯ ᠢ ᠰᠤᠷᠭᠠᠭᠤᠯᠢ ᠶᠢᠨ ᠰᠤᠷᠭᠠᠨ ᠬᠦᠮᠦᠵᠢᠯ ᠲᠠᠢ ᠨᠢᠭᠡᠳᠦᠯᠳᠠᠢ ᠪᠠᠶᠢᠯᠭᠠᠬᠤ ᠬᠡᠷᠡᠭᠳᠠᠢ      ᠡᠨᠡ ᠠᠰᠠᠭᠤᠳᠠᠯ ᠢ ᠰᠠᠶᠢᠵᠢᠷᠠᠭᠤᠯᠬᠤ ᠳᠤ ᠶᠠᠭᠤᠨ ᠤ ᠡᠮᠦᠨ᠎ᠡ ᠭᠡᠷ ᠪᠦᠯᠢ ᠶᠢᠨ ᠲᠤᠳᠤᠭᠠᠳᠤ ᠳᠠᠬᠢ ᠱᠠᠭᠠᠷᠳᠠᠯᠭ᠎ᠠ ᠪᠠᠨ ᠨᠢᠭᠡᠳᠦᠬᠦᠯᠬᠦ ᠠᠴᠠ ᠡᠬᠢᠯᠡᠬᠦ ᠬᠡᠷᠡᠭᠳᠠᠢ᠃ ᠡᠵᠢ ᠬᠢᠭᠡᠳ ᠠᠪᠤ᠂ ᠡᠵᠢ ᠠᠪᠤ ᠬᠢᠬᠡᠳ ᠡᠪᠦᠭᠡ ᠡᠮᠡᠭᠡ  ᠶᠢᠨ ᠬᠤᠭᠤᠷᠤᠨᠳᠤᠬᠢ ᠬᠡᠥᠬᠡᠳ ᠤᠨ ᠲᠤᠬᠠᠢ ᠰᠤᠷᠭᠠᠨ ᠬᠦᠮᠦᠵᠢᠯ ᠨᠢᠭᠡᠳᠦᠯ ᠦᠭᠡᠢ ᠪᠤᠯᠤᠭᠰᠠᠭᠠᠷ ᠬᠡᠥᠬᠡᠳ ᠲᠤ ᠬᠠᠨᠳᠤᠬᠤ ᠬᠠᠶᠢᠷ᠎ᠠ ᠶᠢᠨ ᠬᠡᠯᠪᠡᠷᠢ ᠠᠳᠠᠯᠢ ᠦᠭᠡᠢ ᠪᠤᠯᠵᠤ᠂ ᠡᠴᠦᠰ ᠲᠡᠭᠡᠨ ᠬᠡᠥᠬᠡᠳ ᠨᠢ ᠬᠤᠶᠠᠷ ᠨᠢᠭᠤᠷᠳᠡᠨ ᠢ ᠰᠤᠷᠴᠢᠬᠠᠳᠠᠭ᠃ ᠵᠢᠱᠢᠶᠡᠯᠡᠪᠡᠯ᠂ ᠠᠪᠤ ᠡᠵᠢ᠂ ᠡᠪᠦᠭᠡ ᠡᠮᠡᠭᠡ ᠡᠰᠡᠬᠦᠯ᠎ᠡ ᠪᠠᠭᠰᠢ ᠶᠢᠨ ᠴᠢᠩᠭ᠎ᠠ ᠱᠠᠭᠠᠷᠳᠠᠭᠰᠠᠨ ᠨᠢᠭᠡ ᠲᠠᠯ᠎ᠠ ᠳᠤ ᠵᠠᠷᠢᠮ ᠨᠢ ᠬᠤᠷᠤᠰᠬᠤ ᠰᠡᠳᠬᠢᠯᠭᠡ ᠲᠠᠢ ᠪᠤᠯᠵᠤ᠂ ᠡᠩᠬᠦᠷᠡᠶᠢᠯᠡᠵᠦ ᠬᠠᠶᠢᠷᠠᠯᠠᠭᠰᠠᠨ ᠲᠠᠯ᠎ᠠ ᠶᠢ ᠨᠢ ᠲᠠᠭᠠᠰᠢᠶᠠᠬᠤ᠂ ᠬᠤᠶᠠᠷ ᠡᠳᠡᠭᠡᠳ ᠤᠨ ᠲᠤᠮᠳᠠ ᠠᠯᠢ ᠶᠢ ᠨᠢ ᠲᠠᠭᠠᠬᠤ ᠪᠠᠨ ᠤᠯᠬᠤ ᠦᠭᠡᠢ ᠪᠤᠯᠬᠤ᠂ ᠶᠠᠪᠤᠳᠠᠯ ᠤᠴᠢᠷ  ᠲᠤ ᠰᠢᠢᠳᠪᠦᠷᠢ ᠭᠠᠷᠭᠠᠵᠤ ᠴᠢᠳᠠᠬᠤ ᠦᠭᠡᠢ᠂ ᠬᠦᠰᠡᠯᠡᠩ ᠲᠤᠳᠤ ᠦᠭᠡᠢ᠂ ᠬᠠᠷᠢᠭᠤᠴᠠᠯᠭᠠᠳᠤ ᠤᠪᠤᠷ ᠲᠤᠳᠠᠮᠠᠭ ᠵᠡᠷᠭᠡ ᠪᠠᠶᠢᠳᠠᠯ ᠳᠤ ᠤᠷᠤᠭᠤᠯᠳᠠᠭ᠃ ᠡᠶᠢᠮᠦ ᠠᠴᠠ ᠵᠦᠪ ᠶᠤᠰᠤ ᠲᠠᠢ ᠵᠦᠭ ᠨᠢ ᠱᠠᠭᠠᠷᠳᠠᠯᠭ᠎ᠠ ᠪᠠᠨ ᠨᠢᠭᠡᠳᠦᠬᠦᠯᠵᠦ ᠪᠠᠶᠢᠬᠤ  ᠶᠢ ᠠᠩᠬᠠᠷᠤᠶ᠎ᠠ︕      ⒍ ᠵᠦᠪ ᠲᠠᠯ᠎ᠠ ᠪᠠᠷ ᠰᠤᠷᠭᠠᠨ ᠬᠦᠮᠦᠵᠢᠬᠦᠯᠵᠦ ᠪᠦᠳᠦᠬᠦᠯᠢᠭ ᠠᠷᠭ᠎ᠠ ᠶᠢ ᠲᠡᠪᠴᠢᠬᠦ ᠬᠡᠷᠡᠭᠳᠠᠢ      ᠬᠡᠥᠬᠡᠳ ᠢᠶᠠᠨ ᠵᠤᠳᠤᠵᠤ ᠴᠤᠬᠢᠵᠤ ᠰᠤᠷᠭᠠᠨ ᠬᠦᠮᠦᠵᠢᠬᠦᠯᠬᠦ ᠪᠤᠯ ᠡᠵᠢ ᠠᠪᠤ ᠪᠤᠯᠤᠭᠰᠠᠳ ᠤᠨ ᠬᠠᠮᠤᠭ ᠨᠠᠵᠠᠭᠠᠢ ᠬᠡᠯᠪᠡᠷᠢ ᠶᠢᠨ ᠰᠤᠷᠭᠠᠨ ᠬᠦᠮᠦᠵᠢᠯ ᠮᠦᠨ᠃ ᠵᠤᠳᠤᠵᠤ ᠴᠤᠬᠢᠭᠠᠳ ᠦᠩᠭᠡᠷᠡᠭᠰᠡᠨ ᠤ ᠬᠤᠶᠢᠨ᠎ᠠ ᠨᠢ ᠬᠡᠥᠬᠡᠳ  ᠤᠨ ᠰᠡᠳᠬᠢᠯ ᠳᠤ ᠰᠢᠷᠬᠠᠳᠤᠯ ᠦᠭᠬᠦ ᠪᠠᠷ ᠪᠠᠷᠠᠬᠤ ᠦᠭᠡᠢ ᠵᠤᠳᠤᠭᠰᠠᠨ ᠠᠪᠤ ᠡᠵᠢ ᠶᠢᠨ ᠬᠢᠨᠢ ᠰᠡᠳᠬᠢᠯ ᠴᠦ ᠡᠮᠵᠡᠭᠯᠡᠯ ᠲᠦᠷᠦᠭᠳᠡᠳᠡᠭ ᠠᠴᠠ ︽ᠬᠦᠴᠦ ᠪᠠᠷ ᠵᠠᠭᠤᠨ ᠵᠢᠩ᠂ ᠠᠷᠭ᠎ᠠ ᠪᠠᠷ ᠮᠢᠩᠭᠠᠨ ᠵᠢᠩ︾ ᠭᠡᠳᠡᠭ ᠠᠷᠠᠳ ᠤᠨ ᠵᠦᠢᠷ ᠦᠭᠡ ᠶᠢ ᠴᠡᠭᠡᠵᠢᠯᠡᠵᠦ ᠶᠤᠰᠤ ᠪᠠᠷ ᠪᠢᠰᠢᠷᠡᠬᠦᠯᠵᠦ ᠡᠪ ᠢᠶᠠᠷ ᠰᠤᠷᠭᠠᠨ ᠬᠦᠮᠦᠵᠢᠬᠦᠯᠦᠭᠡᠷᠠᠢ︕      ⒎ ᠠᠪᠤ ᠡᠵᠢ ᠪᠤᠯᠤᠭᠰᠠᠳ ᠬᠡᠥᠬᠡᠳ ᠲᠡᠭᠡᠨ ᠠᠮᠢᠳᠤᠷᠠᠵᠤ ᠰᠤᠷᠬᠤ᠂ ᠪᠡᠶ᠎ᠡ ᠪᠠᠨ ᠲᠠᠭᠠᠭᠠᠬᠤ ᠶᠢ ᠠᠯᠢ ᠴᠢᠳᠠᠬᠤ ᠪᠠᠷ ᠡᠷᠳᠡ ᠰᠢᠭ ᠵᠢᠭᠠᠵᠤ ᠦᠭᠬᠦ ᠬᠡᠷᠡᠭᠳᠠᠢ      ᠬᠡᠥᠬᠡᠳ ᠪᠡᠶ᠎ᠡ ᠪᠠᠨ ᠲᠠᠭᠠᠭᠠᠬᠤ ᠶᠢ ᠰᠤᠷᠴᠤ ᠴᠢᠳᠠᠪᠠᠯ ᠰᠠᠶ᠋ᠢ ᠪᠡᠶ᠎ᠡ ᠪᠠᠨ ᠮᠠᠨᠳᠤᠭᠤᠯᠬᠤ ᠳᠤ ᠬᠦᠷᠴᠦ ᠴᠢᠳᠠᠵᠤ᠂ ᠤᠴᠢᠷ ᠶᠠᠪᠤᠳᠠᠯ ᠲᠤᠯᠭᠠᠷᠠᠪᠠᠯ ᠪᠡᠶ᠎ᠡ ᠪᠠᠨ ᠲᠠᠭᠠᠭᠠᠵᠤ ᠰᠡᠳᠬᠢᠬᠦ᠂ ᠮᠠᠭᠠᠳᠯᠠᠬᠤ᠂ ᠰᠤᠩᠭᠤᠯᠳᠠ ᠬᠢᠬᠦ᠂ ᠰᠢᠢᠳᠪᠦᠷᠢ ᠭᠠᠷᠭᠠᠬᠤ ᠶᠢ ᠰᠤᠷᠴᠤ ᠵᠢᠩᠬᠢᠨᠢ ᠬᠦᠮᠦᠨ ᠤ ᠬᠡᠪ ᠪᠠᠷᠢᠮᠵᠢᠶ᠎ᠡ ᠶᠢ ᠪᠦᠷᠢᠯᠳᠦᠬᠦᠯᠵᠦ ᠴᠢᠳᠠᠨ᠎ᠠ᠃ ᠤᠳᠤᠬᠢ ᠪᠤᠳᠠᠳᠤ ᠠᠮᠢᠳᠤᠷᠠᠯ ᠤᠨ ᠲᠤᠮᠳᠠ ᠮᠠᠰᠢ ᠤᠯᠠᠨ ᠭᠡᠷ ᠤᠨ ᠠᠬᠠᠮᠠᠳ ᠨᠢ ᠶᠠᠭᠤ ᠪᠤᠯᠭᠠᠨ ᠢ ᠤᠷᠤᠯᠠᠨ ᠬᠢᠵᠦ᠂ ᠬᠡᠥᠬᠡᠳ  ᠲᠡᠭᠡᠨ ᠦᠪᠡᠷᠳᠡᠭᠡᠨ ᠬᠢᠵᠦ ᠦᠪᠡᠷ ᠢ ᠪᠠᠨ ᠲᠠᠪᠳᠠᠨ ᠪᠣᠯᠪᠠᠰᠤᠷᠠᠭᠤᠯᠬᠤ ᠲᠤᠬᠢᠶᠠᠯ ᠲᠠᠮᠠᠢ ᠤᠯᠭᠤᠬᠤ ᠦᠭᠡᠢ ᠪᠠᠶᠢᠳᠠᠭ ᠠᠴᠠ ᠬᠡᠥᠬᠡᠳ ᠨᠢ ᠪᠠᠶ᠎ᠠ ᠪᠠᠨ ᠲᠠᠭᠠᠭᠠᠬᠤ ᠴᠢᠳᠠᠪᠦᠷᠢ ᠪᠠᠷ ᠠᠨᠠᠢ ᠪᠤᠯᠴᠢᠬᠠᠭᠰᠠᠨ ᠪᠠᠶᠢᠳᠠᠭ᠃ ᠡᠨᠡ ᠪᠤᠯ ᠭᠡᠷ ᠪᠦᠯᠢ ᠶᠢᠨ ᠰᠤᠷᠭᠠᠨ ᠬᠦᠮᠦᠵᠢᠯ ᠳᠤ ᠲᠡᠪᠴᠢᠬᠦᠰᠢᠳᠠᠢ ᠵᠦᠢᠯ ᠲᠤᠯᠠ ᠠᠷᠭ᠎ᠠ ᠬᠢᠳᠡᠯ ᠢᠶᠠᠨ ᠠᠩᠬᠠᠷᠤᠭᠠᠷᠠᠢ︕      ⒏ ᠦᠷ᠎ᠡ ᠬᠡᠥᠬᠡᠳ ᠢᠶᠠᠨ ᠰᠠᠶᠢᠳᠤᠷ ᠰᠤᠷᠭᠠᠨ ᠬᠦᠮᠦᠵᠢᠬᠦᠯᠵᠦ ᠨᠡᠶᠢᠭᠡᠮ ᠨᠡᠶᠢᠳᠡ ᠶᠢᠨ ᠶᠤᠰᠤ ᠲᠦᠷᠢᠮ ᠢ ᠵᠢᠷᠤᠮᠯᠠᠳᠠᠭ ᠬᠦᠮᠦᠨ ᠪᠤᠯᠭᠠᠨ ᠬᠦᠮᠦᠵᠢᠬᠦᠯᠬᠦ ᠬᠡᠷᠡᠭᠳᠠᠢ      ᠦᠷ᠎ᠡ ᠬᠡᠥᠬᠡᠳ ᠢᠶᠠᠨ ᠨᠡᠶᠢᠭᠡᠮ ᠨᠡᠶᠢᠳᠡ ᠶᠢᠨ ᠶᠤᠰᠤ ᠲᠦᠷᠢᠮ ᠢ ᠵᠢᠷᠤᠮᠯᠠᠭᠤᠯᠵᠤ ᠰᠤᠷᠭᠠᠬᠤ ᠪᠤᠯ ᠭᠡᠷ ᠤᠨ ᠠᠬᠠᠮᠠᠳ ᠤᠨ ᠵᠠᠶᠢᠯᠠᠭᠤᠯᠵᠤ ᠪᠤᠯᠤᠰᠢ ᠦᠭᠡᠢ ᠡᠬᠦᠷᠭᠡ ᠮᠦᠨ᠃ ᠨᠡᠶᠢᠭᠡᠮ ᠨᠡᠶᠢᠳᠡ ᠶᠢᠨ ᠶᠤᠰᠤ ᠲᠦᠷᠢᠮ ᠭᠡᠪᠡᠯ ᠤᠯᠠᠨ ᠠᠭᠤᠯᠭ᠎ᠠ ᠪᠠᠭᠳᠠᠳᠠᠭ᠃ ᠵᠢᠱᠢᠶᠡᠯᠡᠪᠡᠯ᠄ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ︽ᠲᠦᠷᠢᠮ︾᠂ ︽ᠲᠦᠷᠢᠮᠵᠢᠯ︾ ᠳᠤ ᠱᠠᠭᠠᠷᠳᠠᠭᠰᠠᠨ ᠤᠯᠠᠨ ᠨᠡᠶᠢᠳᠡ ᠶᠢᠨ ᠲᠠᠯᠠᠪᠤᠷ ᠲᠠᠬᠢ ᠡᠳ᠋ ᠬᠤᠭᠰᠢᠯ᠂ ᠴᠡᠴᠡᠭ ᠤᠷᠭᠤᠮᠠᠯ ᠢ ᠬᠠᠶᠢᠷᠠᠯᠠᠬᠤ᠃ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠪᠠᠳᠤᠯᠠᠬᠤ᠃ ᠬᠤᠷᠠᠯ ᠴᠤᠭᠯᠠᠭᠠᠨ ᠤ ᠡᠮᠬᠢ ᠵᠢᠷᠤᠮ ᠨᠠᠮ ᠵᠢᠮ ᠢ ᠠᠩᠬᠠᠷᠬᠤ᠃ ᠪᠤᠰᠤᠳ ᠲᠠᠢ ᠬᠠᠷᠢᠯᠴᠠᠵᠤ ᠶᠠᠪᠤᠳᠠᠯ ᠤᠴᠢᠷ ᠰᠢᠢᠳᠪᠦᠷᠢᠯᠡᠬᠦ ᠦᠶ᠎ᠡ ᠶᠢᠨ ᠵᠢᠷᠤᠮᠵᠢᠯ ᠢ ᠠᠩᠬᠠᠷᠬᠤ ᠭᠡᠬᠦ ᠮᠠᠳᠤ ᠤᠯᠠᠨ ᠵᠦᠢᠯ ᠪᠠᠶᠢᠳᠠᠭ᠃ ᠡᠶᠢᠮᠦ ᠠᠴᠠ ᠠᠪᠤ ᠡᠵᠢ ᠪᠤᠯᠤᠭᠰᠠᠳ ᠨᠢ ᠰᠤᠷᠤᠭᠴᠢ ᠳᠤ ᠪᠠᠶᠢᠳᠠᠭ ︽ᠲᠦᠷᠢᠮ︾ ︽ᠲᠦᠷᠢᠮᠵᠢᠯ︾ ᠨᠢ ᠶᠠᠭᠤ ᠭᠡᠳᠡᠭ ᠢ ᠤᠶᠢᠯᠠᠭᠠᠵᠤ ᠠᠪᠤᠭᠰᠠᠨ ᠤᠷᠢᠳᠠᠯ ᠲᠤᠤᠷ᠎ᠠ ᠨᠡᠶᠢᠭᠡᠮ ᠨᠡᠶᠢᠳᠡ ᠶᠢᠨ ᠪᠤᠰᠤᠳ ᠬᠠᠮᠢᠶ᠎ᠠ ᠪᠦᠬᠦᠢ ᠬᠠᠥᠯᠢ ᠲᠦᠷᠢᠮ ᠲᠠᠢ ᠤᠶᠠᠯᠳᠤᠭᠤᠯᠵᠤ ᠴᠢᠩᠭ᠎ᠠ ᠱᠠᠭᠠᠷᠳᠠᠵᠤ ᠬᠡᠥᠬᠡᠳ  ᠢᠶᠠᠨ ᠨᠡᠶᠢᠭᠡᠮ ᠨᠡᠶᠢᠳᠡ ᠶᠢᠨ ᠬᠠᠥᠯᠢ ᠲᠦᠷᠢᠮ ᠢ ᠰᠠᠬᠢᠳᠠᠭ ᠬᠦᠮᠦᠨ ᠪᠤᠯᠭᠠᠨ ᠬᠦᠮᠦᠵᠢᠬᠦᠯᠬᠦ ᠬᠡᠷᠡᠭᠳᠠᠢ᠃      ⒐ ᠬᠡᠥᠬᠡᠳ ᠲᠡᠭᠡᠨ ᠬᠦᠮᠦᠨ ᠲᠠᠢ ᠶᠠᠪᠤᠯᠴᠠᠬᠤ ᠶᠢ ᠵᠢᠭᠠᠨ ᠦᠭᠴᠤ ᠠᠬ᠎ᠠ ᠲᠡᠬᠦᠦ ᠲᠠᠢ ᠶᠠᠪᠤᠬᠤ ᠶᠢ ᠰᠤᠷᠭᠠᠬᠤ ᠬᠡᠷᠡᠭᠳᠠᠢ      ᠤᠳᠤ ᠶᠢᠨ ᠬᠦᠮᠦᠨ ᠳᠤ ᠬᠦᠮᠦᠨ ᠪᠤᠯᠬᠤ ᠶᠢ ᠰᠤᠷᠬᠤ᠂ ᠦᠢᠯᠡᠰ ᠪᠦᠳᠦᠭᠡᠬᠦ ᠶᠢ ᠰᠤᠷᠬᠤ᠂ ᠮᠡᠳᠡᠯᠭᠡ ᠡᠵᠡᠮᠰᠢᠬᠦ ᠶᠢ ᠰᠤᠷᠬᠤ᠂ ᠬᠦᠮᠦᠨ ᠲᠠᠢ ᠶᠠᠪᠤᠯᠴᠠᠬᠤ ᠶᠢ ᠰᠤᠷᠬᠤ ᠵᠡᠷᠭᠡ ᠤᠯᠠᠨ ᠵᠦᠢᠯ ᠢ ᠪᠠᠭᠳᠠᠭᠠᠭᠰᠠᠨ ᠨᠠᠰᠤᠨ ᠲᠤᠷᠰᠢᠳᠠ ᠶᠢᠨ ᠰᠤᠷᠤᠯᠴᠠᠯᠭ᠎ᠠ ᠱᠠᠭᠠᠷᠳᠠᠭᠳᠠᠨ᠎ᠠ᠃ ᠡᠬᠦᠨ ᠤ ᠲᠤᠳᠤᠷ᠎ᠠ ᠬᠦᠮᠦᠨ ᠲᠠᠢ ᠶᠠᠪᠤᠯᠴᠠᠬᠤ ᠠᠰᠠᠭᠤᠳᠠᠯ ᠪᠤᠯ ᠦᠪᠡᠷ ᠢ ᠪᠠᠨ ᠠᠳᠠᠯᠢ ᠪᠤᠰᠤ ᠶᠢᠨ ᠤᠷᠴᠢᠨ ᠲᠤᠭᠤᠷᠢᠨ ᠳᠤ ᠵᠤᠬᠢᠴᠠᠭᠤᠯᠵᠤ᠂ ᠤᠷᠤᠰᠢᠨ ᠲᠤᠭᠳᠠᠨᠢᠬᠤ ᠲᠠᠢ ᠬᠤᠯᠪᠤᠭᠳᠠᠭᠰᠠᠨ ᠠᠰᠠᠭᠤᠳᠠᠯ ᠪᠤᠯᠬᠤᠷ ᠬᠦᠮᠦᠨ ᠤ ᠠᠮᠢᠳᠤᠷᠠᠯ ᠤᠨ ᠰᠤᠳᠤᠯᠤᠨ ᠰᠤᠷᠤᠯᠴᠠᠭᠤᠰᠢᠳᠠᠢ ᠵᠦᠢᠯ ᠶᠤᠮ᠃ ᠤᠳᠤ ᠶᠢᠨ ᠬᠦᠮᠦᠨ ᠤ ᠭᠠᠭᠴᠠ ᠬᠤᠶᠠᠷ ᠬᠡᠥᠬᠡᠳ ᠤᠨ ᠬᠠᠮᠤᠭ ᠬᠡᠴᠡᠬᠦᠦ ᠭᠤᠨᠢᠭᠯᠠᠯ ᠪᠤᠯ ᠬᠠᠵᠠᠭᠤ ᠲᠡᠷᠭᠡᠳᠡ ᠨᠢ ᠬᠠᠨᠢ ᠨᠠᠶᠢᠵᠠ ᠲᠤᠳᠠᠭᠤ᠂ ᠰᠡᠳᠬᠢᠯ ᠤᠨ ᠦᠭᠡ ᠪᠠᠨ ᠬᠡᠯᠡᠬᠦ ᠬᠦᠮᠦᠨ ᠦᠭᠡᠢ ᠶᠠᠪᠤᠳᠠᠯ ᠪᠤᠯᠤᠨ᠎ᠠ᠃ ᠡᠨᠡ ᠨᠢ ᠨᠡᠶᠢᠭᠡᠮ  ᠤᠨ ᠶᠠᠪᠤᠯᠴᠠᠭ᠎ᠠ᠂ ᠬᠦᠮᠦᠨ ᠤ ᠬᠠᠷᠢᠴᠠᠭ᠎ᠠ ᠶᠢ ᠤᠶᠢᠯᠠᠭᠠᠵᠤ ᠰᠤᠷᠬᠤ ᠳᠤ ᠲᠤᠩ ᠠᠰᠢᠭ ᠦᠭᠡᠢ ᠪᠠᠶᠢᠳᠠᠭ᠃ ᠡᠶᠢᠮᠦ  ᠠᠴᠠ ᠠᠪᠤ ᠡᠵᠢ ᠪᠤᠯᠤᠭᠰᠠᠳ ᠨᠢ ᠬᠡᠥᠬᠡᠳ ᠤᠨ ᠪᠡᠶ᠎ᠡ ᠲᠡᠭᠡᠷ᠎ᠡ ᠢᠯᠡᠷᠡᠬᠦ ᠬᠤᠪᠢᠨᠴᠢᠷ᠂ ᠵᠤᠵᠢᠭ ᠪᠠᠶᠢᠳᠠᠯ ᠢ ᠵᠢᠭᠠᠨ ᠵᠢᠯᠤᠭᠤᠳᠴᠤ᠂ ᠬᠦᠮᠦᠨ ᠲᠠᠢ ᠶᠠᠪᠤᠯᠴᠠᠵᠤ᠂ ᠨᠡᠶᠢᠭᠡᠮ ᠢ ᠲᠠᠨᠢᠬᠤ ᠶᠢ ᠵᠢᠭᠠᠵᠤ ᠦᠭᠬᠦᠨ ᠬᠡᠥᠬᠡᠳ ᠢᠶᠠᠨ ᠠᠬ᠎ᠠ ᠲᠡᠬᠦᠦ  ᠲᠠᠢ ᠬᠦᠮᠦᠨ ᠪᠤᠯᠭᠠᠨ ᠬᠦᠮᠦᠵᠢᠬᠦᠯᠦᠭᠡᠷᠡᠢ︕      ⒑ ᠬᠡᠥᠬᠡᠳ ᠤᠨ ᠦᠪᠡᠷ ᠤᠨ ᠨᠢᠭᠤᠴᠠ ᠲᠠᠢ ᠪᠠᠶᠢᠬᠤ ᠶᠢ ᠵᠦᠪᠰᠢᠶᠡᠷᠡᠬᠦ ᠬᠡᠷᠡᠭᠳᠠᠢ      ᠡᠵᠢ ᠠᠪᠤ ᠪᠤᠯᠤᠭᠰᠠᠳ ᠬᠡᠥᠬᠡᠳ ᠤᠨ ᠢᠶᠠᠨ ᠨᠢᠭᠤᠴᠠ ᠳᠤ ᠵᠦᠪ ᠬᠠᠨᠳᠤᠵᠤ ᠲᠡᠳᠡᠨ ᠤ ᠵᠠᠬᠢᠳᠠᠯ᠂ ᠡᠳᠦᠷ  ᠤᠨ ᠲᠡᠮᠳᠡᠭᠯᠡᠯ᠂ ᠴᠢᠮᠡᠭᠡ ᠵᠠᠩᠬᠢ ᠵᠡᠷᠭᠡ ᠶᠢ ᠬᠤᠯᠠᠭᠠᠶᠢᠯᠠᠵᠤ ᠦᠵᠡᠬᠦ᠂ ᠤᠳᠠᠰᠤ ᠶᠠᠷᠢᠯᠴᠠᠭ᠎ᠠ ᠶᠢ ᠨᠢ ᠬᠤᠯᠠᠭᠠᠶᠢᠯᠠᠵᠤ ᠰᠤᠨᠤᠰᠬᠤ ᠵᠡᠷᠭᠡ ᠬᠢᠳᠡᠯ ᠢ ᠴᠡᠭᠡᠷᠯᠡᠵᠦ ᠬᠡᠥᠬᠡᠳ ᠲᠤ ᠪᠠᠶᠢᠵᠤ ᠪᠤᠯᠬᠤ ᠡᠷᠭᠡ ᠴᠢᠯᠦᠭᠡ ᠶᠢ ᠬᠠᠮᠠᠭᠠᠯᠠᠬᠤ ᠬᠡᠷᠡᠭᠳᠠᠢ᠃ ᠢᠩᠬᠢᠵᠦ ᠬᠢᠬᠦ ᠨᠢ ᠬᠡᠥᠬᠡᠳ ᠲᠡᠭᠡᠨ ᠢᠳᠡᠭᠡᠯ ᠲᠠᠢ ᠪᠠᠶᠢᠬᠤ ᠭᠡᠰᠡᠨ ᠨᠦᠯᠦᠭᠡ ᠦᠵᠡᠬᠦᠯᠬᠦ ᠮᠦᠷᠳᠡᠭᠡᠨ ᠬᠡᠥᠬᠡᠳ ᠤᠨ  ᠢᠶᠠᠨ ᠦᠪᠡᠷ ᠢ ᠪᠠᠨ ᠬᠦᠨᠳᠦᠳᠭᠡᠬᠦ ᠰᠡᠳᠬᠢᠯᠭᠡ ᠶᠢ ᠨᠢ ᠨᠡᠮᠡᠭᠳᠡᠭᠦᠯᠳᠡᠭ ᠲᠤᠯᠠ ᠡᠵᠢ ᠠᠪᠤ ᠪᠤᠯᠤᠭᠰᠠᠳ ᠬᠡᠳᠦ ᠰᠡᠵᠢᠭᠴᠢ ᠵᠠᠩ ᠢ ᠳᠡᠪᠴᠢᠵᠦ᠂ ᠬᠡᠥᠬᠡᠳ ᠤᠨ ᠦᠪᠡᠷ ᠤᠨ ᠨᠢᠭᠤᠴᠠ ᠲᠠᠢ ᠪᠠᠶᠢᠬᠤ ᠶᠢ ᠵᠦᠪᠰᠢᠶᠡᠷᠡᠬᠦ ᠬᠡᠷᠡᠭᠳᠠᠢ︕      ⒒ ᠬᠡᠥᠬᠡᠳ ᠢᠶᠠᠨ ᠪᠠᠭ᠋ᠠᠳᠤᠨ ᠰᠠᠶᠢᠰᠢᠶᠠᠵᠤ ᠰᠤᠷᠬᠤ ᠬᠡᠷᠡᠭᠳᠠᠢ      ᠮᠠᠭᠳᠠᠭᠠᠯ ᠰᠠᠶᠢᠰᠢᠶᠠᠯ ᠪᠤᠯ ᠶᠠᠭ ᠠᠮᠢᠳᠤᠷᠠᠯ ᠤᠨ ᠲᠤᠮᠳᠠᠬᠢ ᠨᠠᠷᠠᠨ ᠤ ᠭᠡᠷᠡᠯ ᠲᠠᠢ ᠠᠳᠠᠯᠢᠬᠠᠨ ᠬᠦᠮᠦᠰ ᠲᠤ ᠬᠠᠯᠠᠭᠤᠨ ᠲᠤᠯᠠᠭᠠᠨ ᠤ ᠲᠠᠭᠠᠯᠠᠮᠵᠢ ᠬᠦᠷᠳᠡᠭᠡᠵᠦ᠂ ᠤᠯᠠᠮ ᠰᠠᠶᠢᠬᠠᠨ ᠠᠮᠢᠯᠠᠯ ᠤᠨ ᠬᠦᠴᠦᠨ ᠤᠯᠭᠤᠳᠠᠭ᠃ ᠲᠡᠯᠡᠬᠡᠢ  ᠶᠢᠨ ᠠᠯᠢ ᠤᠯᠠᠨ ᠡᠷᠳᠡᠮᠳᠡᠨ ᠴᠢᠳᠠᠪᠦᠷᠢᠳᠠᠨ᠂ ᠠᠭᠤᠤ ᠶᠡᠭᠡ ᠬᠦᠮᠦᠰ ᠤᠨ ᠠᠮᠵᠢᠯᠳᠠ ᠳᠤ ᠬᠦᠷᠦᠭᠰᠡᠨ ᠨᠢ ᠦᠨᠡᠨ  ᠳᠡᠭᠡᠨ ᠬᠦᠮᠦᠰ ᠤᠨ ᠰᠠᠶᠢᠰᠢᠶᠠᠯ ᠪᠠᠭ᠋ᠠᠷᠬᠠᠯ᠂ ᠦᠪᠡᠷ ᠤᠨ ᠠᠮᠵᠢᠯᠳᠠ ᠶᠢᠨ ᠢᠶᠠᠨ ᠠᠮᠳᠠᠷᠬᠠᠯ ᠠᠴᠠ ᠤᠯᠠᠮ ᠵᠤᠷᠢᠭᠵᠢᠯ ᠬᠦᠷᠳᠡᠨ ᠪᠡᠶ᠎ᠡ ᠳᠡᠭᠡᠨ ᠤᠯᠠᠮ ᠢᠳᠡᠭᠡᠯ ᠲᠠᠢ ᠪᠤᠯᠤᠭᠰᠠᠨ ᠤ ᠦᠷ᠎ᠡ ᠳ᠋ᠦᠩ ᠶᠤᠮ᠃ ᠡᠶᠢᠮᠦ ᠠᠴᠠ ᠬᠡᠥᠬᠡᠳ ᠤᠨ ᠢᠶᠠᠨ ᠮᠠᠭᠤ ᠪᠦᠬᠦᠨ ᠢ ᠪᠤᠰᠤᠳ ᠤᠨ ᠰᠠᠶᠢᠨ ᠲᠠᠢ ᠠᠳᠠᠯᠢᠳᠬᠠᠵᠤ ᠮᠠᠭᠤᠯᠠᠬᠤ ᠪᠢᠰᠢ᠂ ᠬᠡᠳᠦ ᠵᠢᠮᠡᠯᠡᠬᠦ ᠪᠢᠰᠢ᠂ ᠬᠠᠷᠢᠨ ᠪᠠᠭ᠎ᠠ ᠴᠦ ᠭᠡᠰᠡᠨ ᠲᠠᠪᠠᠭᠤᠯᠢᠭ ᠲᠠᠯ᠎ᠠ ᠶᠢ ᠨᠢ ᠪᠠᠭ᠋ᠠᠷᠬᠠᠨ ᠰᠠᠶᠢᠰᠢᠶᠠᠵᠤ ᠬᠡᠥᠬᠡᠳ ᠢᠶᠠᠨ ᠵᠤᠷᠢᠭᠵᠢᠭᠤᠯᠤᠯ ᠤᠨ ᠲᠤᠮᠳᠠ ᠦᠰᠦᠨ ᠪᠤᠶᠢᠵᠢᠭᠤᠯᠤᠭᠠᠷᠠᠢ︕      ⒓ ᠬᠡᠥᠬᠡᠳ ᠢᠶᠠᠨ ᠦᠷᠬᠦᠯᠵᠢ ᠶᠡᠭᠡ ᠪᠠᠶᠢᠭᠠᠯᠢ ᠲᠠᠢ ᠤᠶᠢᠷᠠᠳᠤᠭᠤᠯᠵᠤ ᠪᠠᠶᠢᠬᠤ ᠬᠡᠷᠡᠭᠳᠠᠢ      ᠬᠦᠮᠦᠨ ᠶᠡᠷᠦ ᠨᠢ ᠶᠡᠭᠡ ᠪᠠᠶᠢᠭᠠᠯᠢ ᠠᠴᠠ ᠭᠤᠸ᠎ᠠ ᠰᠠᠶᠢᠬᠠᠨ ᠢ ᠤᠯᠵᠤ ᠬᠦᠷᠳᠡᠨ᠎ᠡ᠂ ᠶᠠᠭᠤ ᠨᠢᠭᠡ ᠶᠢ ᠤᠯᠵᠤ ᠰᠡᠳᠬᠢᠨ᠎ᠡ᠂ ᠶᠠᠭᠤ ᠪᠦᠬᠦᠨ ᠢ ᠤᠯᠵᠤ ᠡᠳ᠋ᠯᠡᠨ᠎ᠡ᠃ ᠬᠡᠥᠬᠡᠳ ᠢ ᠪᠠᠭ᠎ᠠ ᠠᠴᠠ ᠨᠢ ᠶᠡᠭᠡ ᠪᠠᠶᠢᠭᠠᠯᠢ ᠲᠠᠢ ᠲᠠᠨᠢᠯᠴᠠᠭᠤᠯᠵᠤ ᠪᠠᠶᠢᠪᠠᠯ ᠲᠡᠷᠡ ᠨᠢ ᠶᠡᠭᠡ ᠪᠠᠶᠢᠭᠠᠯᠢ ᠶᠢ ᠰᠤᠨᠢᠷᠬᠠᠬᠤ ᠲᠤᠮᠳᠠ ᠠᠴᠠ ᠪᠠᠶᠢᠭᠠᠯᠢ ᠶᠢᠨ ᠰᠤᠨᠢᠨ ᠭᠠᠶᠢᠬᠠᠮᠰᠢᠭ ᠢ ᠲᠠᠨᠢᠬᠤ  ᠪᠠᠷ ᠪᠠᠷᠠᠬᠤ ᠦᠭᠡᠢ ᠪᠠᠶᠢᠭᠠᠯᠢ ᠪᠠᠨ ᠬᠠᠶᠢᠷᠠᠯᠠᠬᠤ ᠰᠡᠳᠬᠢᠯ ᠲᠠᠢ ᠪᠤᠯᠵᠤ ᠴᠢᠳᠠᠨ᠎ᠠ᠃ ᠲᠡᠬᠦᠨ ᠢᠶᠠᠷ ᠪᠠᠷᠠᠬᠤ ᠦᠭᠡᠢ ᠲᠡᠭᠷᠢ ᠭᠠᠵᠠᠷ ᠤᠨ ᠲᠤᠮᠳᠠᠬᠢ ᠲᠦᠮᠡᠨ ᠪᠤᠳᠠᠰ ᠨᠢ ᠬᠡᠥᠬᠡᠳ ᠲᠤ ᠬᠦᠮᠦᠨ ᠠᠴᠠ ᠬᠦᠷᠳᠡᠭᠡᠵᠦ ᠲᠡᠶᠢᠯᠦᠰᠢ ᠦᠭᠡᠢ ᠬᠦᠮᠦᠵᠢᠯ ᠢ ᠬᠦᠷᠳᠡᠬᠡᠵᠦ ᠪᠤᠯᠳᠠᠭ ᠲᠤᠯᠠ ᠡᠵᠢ ᠠᠪᠤ ᠪᠤᠯᠤᠭᠰᠠᠳ ᠪᠠᠭᠠᠴᠤᠳ ᠬᠡᠥᠬᠡᠳ ᠢᠶᠠᠨ ᠶᠡᠭᠡ ᠪᠠᠶᠢᠭᠠᠯᠢ ᠲᠠᠢ ᠤᠶᠢᠷᠠᠳᠤᠭᠤᠯᠵᠤ ᠪᠠᠶᠢᠭᠠᠷᠠᠢ︕      ⒔ ᠬᠡᠥᠬᠡᠳ ᠲᠡᠭᠡᠨ ᠦᠪᠡᠷ ᠢ ᠪᠠᠨ ᠬᠠᠮᠠᠭᠠᠯᠠᠬᠤ ᠤᠬᠠᠭᠠᠨ ᠢ ᠢᠯᠡᠬᠦᠴᠡ ᠵᠢᠭᠠᠵᠤ ᠦᠭᠬᠦ ᠬᠡᠷᠡᠭᠳᠠᠢ      ᠬᠦᠮᠦᠨ ᠲᠦᠷᠦᠯᠬᠢᠳᠡᠨ ᠶᠠᠮᠠᠷ ᠴᠦ ᠭᠠᠢ ᠭᠠᠮᠰᠢᠭ ᠲᠤ ᠲᠤᠬᠢᠶᠠᠯᠳᠤᠬᠤ ᠦᠭᠡᠢ ᠬᠡᠵᠦ ᠬᠡᠯᠡᠬᠦ ᠶᠢᠨ ᠠᠷᠭ᠎ᠠ ᠦᠭᠡᠢ᠃ ᠡᠵᠢ ᠠᠪᠤ ᠪᠤᠯᠤᠭᠰᠠᠳ ᠲᠤᠮᠤᠭᠠᠵᠢᠭᠰᠠᠨ ᠬᠦᠮᠦᠨ ᠪᠤᠯᠤᠭᠰᠠᠨ ᠤ ᠬᠤᠪᠢ ᠳᠤ ᠬᠡᠥᠬᠡᠳ ᠲᠡᠭᠡᠨ ᠡᠯ᠎ᠡ ᠵᠦᠢᠯ ᠤᠨ ᠭᠠᠢ ᠭᠠᠮᠰᠢᠭ ᠢ ᠰᠡᠷᠭᠡᠶᠢᠯᠡᠬᠦ᠂ ᠭᠠᠢ ᠭᠠᠮᠰᠢᠭ ᠲᠤᠬᠢᠶᠠᠯᠳᠤᠭᠰᠠᠨ ᠦᠶ᠎ᠡ ᠳᠤ ᠶᠠᠭᠠᠬᠢᠵᠤ ᠠᠷᠭᠠᠴᠠᠭᠠᠬᠤ᠂ ᠦᠪᠡᠷ ᠢ ᠪᠠᠨ ᠬᠠᠮᠠᠭᠠᠯᠠᠬᠤ ᠤᠬᠠᠭᠠᠨ ᠢ ᠵᠢᠭᠠᠵᠤ ᠦᠭᠬᠦ ᠨᠢ ᠲᠡᠳᠡᠨ ᠤ ᠡᠷᠡᠬᠦᠯ ᠮᠡᠨᠳᠦ ᠶᠢᠨ ᠲᠦᠯᠦᠭᠡ᠂ ᠡᠷᠬᠡᠪᠰᠢ ᠶᠠᠷᠢᠬᠤ ᠬᠡᠷᠡᠭᠳᠠᠢ ᠨᠢᠭᠡᠨ ᠬᠢᠴᠢᠶᠡᠯ ᠮᠦᠨ᠃ ᠵᠢᠱᠢᠶᠡᠯᠡᠪᠡᠯ᠄ ᠭᠠᠵᠠᠷ ᠬᠦᠳᠡᠯᠦᠯᠳᠡ᠂ ᠭᠠᠯ ᠤᠰᠤᠨ ᠤ ᠠᠶᠤᠯ ᠲᠤᠬᠢᠶᠠᠯᠳᠤᠬᠤ ᠳᠤ ᠶᠠᠭᠠᠬᠢᠬᠤ᠃ ᠮᠠᠭᠤ ᠬᠦᠮᠦᠨ ᠡᠷᠬᠡ ᠠᠰᠢᠭ ᠲᠤ ᠨᠢ ᠬᠠᠯᠳᠤᠪᠠᠯ ᠶᠠᠭᠠᠬᠢᠬᠤ ᠵᠡᠷᠭᠡ ᠠᠴᠠ ᠭᠠᠳᠠᠨ᠎ᠠ ᠵᠠᠮ ᠬᠠᠷᠢᠯᠴᠠᠭ᠎ᠠ ᠶᠢᠨ ᠡᠷᠡᠬᠦᠯ ᠮᠡᠨᠳᠦ᠂ ᠭᠡᠷ ᠪᠦᠯᠢ ᠶᠢᠨ ᠭᠠᠯ᠂ ᠤᠰᠤ᠂ ᠴᠠᠬᠢᠯᠭᠠᠨ ᠤ ᠠᠶᠤᠯ ᠢ ᠰᠡᠷᠭᠡᠶᠢᠯᠡᠬᠦ ᠵᠡᠷᠭᠡ ᠶᠢ ᠰᠠᠶᠢᠳᠤᠷ ᠵᠢᠭᠠᠵᠤ ᠦᠭᠬᠦᠭᠡᠷᠠᠢ︕      ⒕ ᠬᠡᠥᠬᠡᠳ ᠲᠡᠭᠡᠨ ᠵᠤᠭᠤᠰ ᠮᠦᠩᠬᠦ ᠶᠢ ᠶᠠᠭᠠᠬᠢᠵᠤ ᠵᠠᠷᠤᠬᠤ ᠶᠢ ᠵᠢᠭᠠᠵᠤ ᠦᠭᠬᠦ ᠬᠡᠷᠡᠭᠳᠠᠢ      ᠬᠦᠮᠦᠰ ᠤᠨ ᠬᠡᠷᠡᠭᠯᠡᠭᠡᠨ ᠨᠢ ᠵᠤᠭᠤᠰ ᠢᠶᠠᠷ ᠵᠠᠭᠤᠴᠢᠯᠠᠭᠤᠷ ᠪᠤᠯᠭᠠᠳᠠᠭ ᠠᠴᠠ ᠬᠡᠥᠬᠡᠳ ᠲᠤ ᠵᠦᠪ ᠲᠤᠳᠤ ᠬᠡᠷᠡᠭᠯᠡᠭᠡᠨ ᠤ ᠦᠵᠡᠯᠳᠡ ᠶᠢ ᠬᠦᠮᠦᠵᠢᠬᠦᠯᠵᠦ᠂ ᠵᠤᠭᠤᠰ ᠮᠦᠩᠬᠦ ᠶᠢ ᠵᠦᠢ ᠵᠤᠬᠢᠰᠳᠠᠢ ᠬᠡᠷᠡᠭᠯᠡᠬᠦ ᠬᠡᠰᠡᠨ ᠤᠬᠠᠮᠰᠠᠷ  ᠲᠠᠢ ᠪᠤᠯᠭᠠᠬᠤ ᠬᠡᠷᠡᠭᠳᠠᠢ᠃ ᠬᠡᠥᠬᠡᠳ ᠲᠡᠭᠡᠨ ᠬᠦᠷᠦᠯᠴᠡᠬᠦᠶᠢᠴᠠ ᠰᠤᠯᠠ ᠵᠠᠷᠤᠬᠤ ᠵᠤᠭᠤᠰ ᠦᠭᠬᠦ ᠮᠦᠷᠳᠡᠭᠡᠨ ᠵᠤᠭᠤᠰ ᠮᠦᠩᠬᠦ ᠶᠢᠨ ᠢᠷᠡᠯᠳᠡ ᠶᠢ ᠮᠡᠳᠡᠵᠦ᠂ ᠵᠠᠷᠤᠬᠤ ᠭᠠᠵᠠᠷ ᠲᠤ ᠨᠢ ᠵᠠᠷᠤᠬᠤ᠂ ᠪᠤᠳᠠᠳᠤ ᠪᠠᠶᠢᠳᠠᠯ ᠠᠴᠠ ᠪᠠᠨ ᠡᠬᠦᠰᠴᠤ ᠵᠠᠷᠤᠬᠤ᠂ ᠠᠷᠪᠢᠯᠠᠨ ᠭᠠᠮᠨᠠᠵᠤ ᠴᠢᠳᠠᠬᠤ᠂ ᠵᠤᠭᠤᠰ ᠮᠦᠩᠬᠦᠨ ᠤ ᠵᠢᠩᠬᠢᠨᠢ ᠡᠵᠡᠨ ᠪᠤᠯᠭᠠᠨ ᠬᠦᠮᠦᠵᠢᠬᠦᠯᠦᠭᠡᠷᠠᠢ︕      ⒖ ᠬᠡᠥᠬᠡᠳ ᠢᠶᠠᠨ ᠦᠨᠳᠦᠰᠦᠳᠡᠨ ᠶᠠᠰᠤᠳᠠᠨ᠂ ᠦᠪ ᠰᠤᠶᠤᠯ ᠳᠠᠭᠠᠨ ᠬᠠᠶᠢᠷᠠᠳᠠᠢ ᠬᠦᠮᠦᠨ ᠪᠤᠯᠭᠠᠨ ᠬᠦᠮᠦᠵᠢᠬᠦᠯᠬᠦ ᠬᠡᠷᠡᠭᠳᠠᠢ      ᠶᠠᠮᠠᠷ ᠴᠦ ᠦᠨᠳᠦᠰᠦᠳᠡᠨ ᠭᠡᠳ ᠦᠪᠡᠷ ᠤᠨ ᠡᠪᠦᠭᠡ ᠲᠡᠭᠡᠳᠦᠰ ᠠᠴᠠ ᠨᠢ ᠤᠯᠠᠮᠵᠢᠯᠠᠭᠰᠠᠨ ᠦᠪ ᠰᠤᠶᠤᠯ  ᠢᠶᠠᠨ ᠬᠠᠶᠢᠷᠠᠯᠠᠨ ᠬᠠᠮᠠᠭᠠᠯᠠᠵᠤ᠂ ᠵᠠᠯᠭᠠᠮᠵᠢᠯᠠᠨ ᠬᠦᠭᠵᠢᠬᠦᠯᠳᠡᠭ ᠶᠢᠨ ᠤᠴᠢᠷ ᠠᠪᠤ ᠡᠵᠢ ᠪᠤᠯᠤᠭᠰᠠᠳ ᠬᠡᠥᠬᠡᠳ ᠲᠡᠭᠡᠨ ᠦᠨᠳᠦᠰᠦᠳᠡᠨ ᠢᠶᠠᠨ ᠬᠠᠶᠢᠷᠠᠯᠠᠬᠤ ᠬᠦᠮᠦᠵᠢᠯ ᠢ ᠰᠠᠶᠢᠳᠤᠷ ᠬᠢᠬᠦ ᠬᠡᠷᠡᠭᠳᠠᠢ᠃ ᠪᠢᠳᠡ ᠮᠤᠩᠭᠤᠯ ᠦᠨᠳᠦᠰᠦᠳᠡᠨ ᠪᠤᠯᠤᠭᠰᠠᠨ ᠤ ᠬᠤᠪᠢ ᠳᠤ᠂ ᠦᠷ᠎ᠡ ᠬᠡᠥᠬᠡᠳ ᠲᠡᠭᠡᠨ ᠮᠠᠨ ᠤ ᠦᠨᠳᠦᠰᠦᠳᠡᠨ‌ᠨᠢ ᠲᠡᠯᠡᠬᠡᠢ ᠳ᠋ᠠᠬᠢᠨ ᠤ ᠲᠡᠥᠬᠡᠨ ᠲᠡᠭᠡᠷ᠎ᠡ ᠶᠠᠮᠠᠷ ᠰᠢᠥᠬᠠᠨ ᠦᠨᠳᠦᠰᠦᠳᠡᠨ ᠪᠠᠶᠢᠭᠰᠠᠨ᠂ ᠮᠠᠨ ᠤ ᠦᠪ ᠰᠤᠶᠤᠯ ᠨᠢ ᠶᠠᠭᠤ ᠪᠤᠯᠬᠤ ᠶᠢ ᠮᠡᠳᠡᠬᠦᠯᠬᠦ ᠪᠠᠷ ᠪᠠᠷᠠᠬᠤ ᠦᠭᠡᠢ᠂ ᠨᠡᠩ ᠴᠢᠬᠤᠯᠠ ᠨᠢ ᠦᠪ ᠰᠤᠶᠤᠯ ᠢᠶᠠᠨ ᠬᠠᠶᠢᠷᠠᠯᠠᠬᠤ᠂ ᠬᠠᠮᠠᠭᠠᠯᠠᠬᠤ᠂ ᠬᠦᠭᠵᠢᠬᠦᠯᠬᠦ ᠶᠢᠨ ᠪᠤᠳᠠᠳᠤ ᠦᠢᠯᠡ ᠠᠵᠢᠯᠯᠠᠭ᠎ᠠ ᠲᠠᠢ ᠪᠠᠶᠢᠯᠭᠠᠬᠤ ᠬᠡᠷᠡᠭᠳᠠᠢ᠃ ᠦᠭᠡ ᠬᠡᠯᠡ ᠦᠰᠦᠭ ᠪᠢᠴᠢᠭ ᠤᠨ ᠡᠨᠡᠬᠦ ᠦᠪ ᠰᠤᠶᠤᠯ ᠢᠶᠠᠷ ᠵᠢᠱᠢᠶᠡᠯᠡᠬᠦ  ᠳᠤ᠂ ᠦᠪᠡᠷ ᠤᠨ ᠭᠡᠭᠴᠢ ᠦᠪ ᠶᠤᠮ ᠭᠡᠰᠡᠨ ᠨᠢᠭᠡ ᠵᠦᠢᠯ ᠤᠨ ᠬᠠᠶᠢᠷ᠎ᠠ ᠰᠡᠳᠬᠢᠯᠬᠡ ᠲᠠᠢ ᠪᠠᠶᠢᠯᠭᠠᠵᠤ᠂ ᠮᠤᠩᠭᠤᠯ ᠦᠭᠡ ᠬᠡᠯᠡ᠂ ᠦᠰᠦᠭ ᠪᠢᠴᠢᠭ᠂ ᠵᠠᠩ ᠵᠠᠩᠰᠢᠯ ᠢᠶᠠᠨ ᠰᠤᠷᠬᠤ ᠮᠦᠷᠳᠡᠭᠡᠨ ᠬᠡᠯᠡᠵᠦ ᠬᠡᠷᠡᠭᠯᠡᠬᠦᠯᠬᠦ ᠶᠠᠪᠤᠳᠠᠯ ᠪᠤᠯᠤᠨ᠎ᠠ᠃      ⒗ ᠬᠡᠥᠬᠡᠳ ᠴᠢᠨᠢ ᠦᠷᠬᠦᠯᠵᠢ ᠰᠦᠯᠵᠢᠶᠡᠨ ᠤ ᠪᠠᠭᠠᠷ ᠲᠤ ᠤᠷᠤᠬᠤ ᠦᠵᠡᠭᠳᠡᠯ ᠲᠠᠢ ᠪᠤᠯ ᠠᠩᠬᠠᠷᠤᠯ  ᠳᠠᠭᠠᠨ ᠠᠪᠴᠤ ᠬᠢᠨᠠᠬᠤ ᠪᠠ ᠬᠢᠵᠠᠭᠠᠷᠯᠠᠨ ᠵᠤᠭᠰᠤᠭᠠᠬᠤ ᠬᠡᠷᠡᠭᠳᠠᠢ      ᠬᠠᠮᠢᠶ᠎ᠠ ᠪᠦᠬᠦᠢ ᠪᠠᠶᠢᠴᠠᠭᠠᠯᠳᠠ ᠠᠴᠠ ᠢᠯᠠᠷᠡᠬᠦᠯᠦᠭᠰᠡᠨ ᠢᠶᠠᠷ᠄ 80% ᠶᠢᠨ ᠲᠤᠮᠳᠠᠳᠤ ᠪᠠᠭ᠎ᠠ ᠰᠤᠷᠭᠠᠭᠤᠯᠢ  ᠶᠢᠨ ᠰᠤᠷᠤᠭᠴᠢ ᠶᠢᠨ ᠭᠡᠷ ᠤᠨ ᠠᠬᠠᠮᠠᠳ ᠨᠢ ᠺᠤᠮᠫᠢᠦ᠋ᠲ᠋ᠧᠷ ᠰᠤᠷᠬᠤ ᠪᠠ ᠰᠦᠯᠵᠢᠶᠡᠨ ᠳᠤ ᠭᠠᠷᠬᠤ ᠶᠢ ᠵᠢᠯᠤᠭᠤᠳᠴᠤ ᠴᠢᠳᠠᠬᠤ ᠦᠭᠡᠢ ᠪᠠᠶᠢᠭᠰᠠᠭᠠᠷ᠃ ᠡᠶᠢᠮᠦ ᠠᠴᠠ ᠬᠡᠥᠬᠡᠳ ᠪᠠᠭᠠᠴᠤᠳ ᠨᠢ ᠦᠪᠡᠷ ᠤᠨ ᠲᠤᠷ᠎ᠠ ᠰᠤᠨᠢᠷᠬᠠᠯ ᠢᠶᠠᠷ ᠢᠶᠠᠨ ᠰᠦᠯᠵᠢᠶᠡᠨ ᠤ ᠪᠠᠭᠠᠷ ᠲᠤ ᠤᠴᠢᠳᠠᠭ᠃ ᠰᠦᠯᠵᠢᠶ᠎ᠡ ᠨᠢ ᠲᠡᠭᠡᠳᠦ ᠮᠡᠷᠭᠡᠵᠢᠯ ᠬᠦᠭᠵᠢᠭᠰᠡᠨ ᠰᠢᠨ᠎ᠡ ᠡᠷᠡᠨ ᠤ ᠰᠢᠳᠢᠳᠤ ᠡᠳ᠋ ᠪᠤᠯᠤᠭᠰᠠᠨ ᠤ ᠬᠤᠪᠢ ᠳᠤ ᠰᠠᠶᠢᠬᠠᠨ ᠠᠰᠢᠭᠯᠠᠪᠠᠯ ᠲᠡᠷᠡ ᠨᠢ ᠰᠤᠷᠤᠭᠴᠢᠳ ᠲᠤ ᠤᠯᠠᠨ ᠲᠠᠯ᠎ᠠ ᠶᠢᠨ ᠠᠰᠢᠭᠳᠠᠢ ᠵᠦᠢᠯ ᠢ ᠬᠦᠷᠳᠡᠭᠡᠳᠡᠭ᠃ ᠭᠡᠪᠡᠴᠦ ᠤᠯᠠᠩᠬᠢ ᠬᠡᠥᠬᠡᠳ ᠨᠢ ᠰᠦᠯᠵᠢᠶᠡᠨ ᠲᠤᠭᠯᠠᠭᠠᠮ ᠨᠠᠭᠠᠳᠬᠤ᠂ ᠰᠤᠨᠢᠷᠬᠠᠯᠳᠠᠢ ᠵᠤᠳᠤᠭᠠᠨᠳᠦ ᠵᠦᠢᠯ ᠢ ᠦᠵᠡᠬᠦ ᠲᠤᠷᠠᠳᠠᠢ᠂ ᠢᠯᠭᠠᠨ ᠲᠠᠨᠢᠬᠤ ᠴᠢᠳᠠᠪᠦᠷᠢ ᠲᠤᠳᠠᠮᠠᠭ ᠵᠡᠷᠭᠡ ᠤᠨᠴᠠᠯᠢᠭ ᠪᠠ ᠰᠦᠯᠵᠢᠶᠡᠨ ᠤ ᠬᠠᠮᠢᠶᠠᠷᠤᠯᠳᠠ ᠠᠳᠠᠯᠢ ᠦᠭᠡᠢ ᠠᠴᠠ ᠪᠤᠯᠵᠤ ᠵᠠᠷᠢᠮ ᠰᠦᠯᠵᠢᠶ᠎ᠡ ᠨᠢ ᠱᠠᠯᠢᠭ ᠵᠠᠪᠬᠠᠢ ᠪᠤᠶᠤ ᠬᠦᠴᠦᠷᠬᠡᠭᠯᠡᠯ ᠤᠨ ᠠᠭᠤᠯᠭ᠎ᠠ ᠲᠠᠢ ᠵᠦᠢᠯᠡᠰ ᠢ ᠴᠦ ᠦᠵᠡᠬᠦᠯᠵᠦ ᠬᠡᠥᠬᠡᠳ ᠪᠠᠭᠠᠴᠤᠳ ᠢ ᠬᠤᠤᠷᠳᠠᠭᠤᠯᠵᠤ ᠪᠠᠶᠢᠳᠠᠭ᠃ ᠰᠦᠯᠵᠢᠶᠡᠨ ᠤ ᠬᠤᠤᠷᠳᠠᠬᠳᠠᠯ ᠠᠴᠠ ᠪᠤᠯᠤᠭᠰᠠᠨ ᠬᠠᠷᠠᠰᠠᠯᠳᠤ ᠵᠢᠱᠢᠶ᠎ᠡ ᠮᠠᠨ ᠤ ᠴᠢᠬᠢᠨ ᠳᠤ ᠰᠤᠨᠤᠰᠳᠠᠭᠰᠠᠭᠠᠷ ᠯᠠ ᠪᠠᠶᠢᠨ᠎ᠠ᠃ ᠠᠪᠤ ᠡᠵᠢ ᠪᠤᠯᠤᠭᠰᠠᠳ ᠬᠡᠥᠬᠡᠳ ᠤᠨ ᠢᠶᠠᠨ ᠰᠦᠯᠵᠢᠶᠡᠨ ᠳᠤ ᠤᠷᠤᠬᠤ ᠶᠢ ᠠᠩᠬᠠᠷᠤᠨ ᠰᠡᠷᠡᠮᠵᠢᠯᠡᠭᠡᠷᠡᠢ︕      ⒘ ᠬᠤᠴᠤᠷᠤᠩᠭᠤᠢ ᠰᠤᠷᠤᠭᠴᠢ ᠶᠢ ᠡᠷᠬᠡᠪᠰᠢ ᠬᠠᠶᠢᠷᠠᠯᠠᠨ ᠬᠠᠯᠠᠮᠵᠢᠯᠠᠬᠤ ᠬᠡᠷᠡᠭᠳᠠᠢ      ᠬᠤᠴᠤᠷᠤᠩᠭᠤᠢ ᠰᠤᠷᠤᠭᠴᠢ ︵ᠰᠤᠷᠤᠯᠭ᠎ᠠ ᠠᠨᠠᠢ ᠪᠤᠶᠤ ᠰᠠᠬᠢᠯᠭ᠎ᠠ ᠮᠤᠷᠠᠯ ᠠᠨᠠᠢ ᠰᠤᠷᠤᠭᠴᠢ︶ ᠪᠤᠯ ᠶᠠᠮᠠᠷ ᠴᠦ ᠭᠠᠵᠠᠷ ᠪᠦᠷ ᠤᠷᠤᠰᠢᠳᠠᠭ ᠨᠢᠭᠡ ᠪᠦᠯᠦᠭ ᠬᠦᠭᠡᠷᠦᠬᠦᠶᠢᠯᠡᠯᠳᠠᠢ ᠪᠦᠭᠡᠳ ᠠᠶᠤᠮᠰᠢᠭᠳᠠᠢ ᠲᠤᠭᠠᠳᠠᠨ ᠮᠦᠨ᠃ ᠲᠡᠳᠡᠨᠦᠰ ᠭᠡᠷ ᠲᠡᠭᠡᠨ ᠪᠤᠯ ᠠᠪᠤ ᠡᠵᠢ ᠳᠡᠭᠡᠨ ᠵᠢᠮᠡᠯᠡᠭᠳᠡᠵᠦ ᠰᠢᠬᠦᠮᠵᠢᠯᠡᠭᠳᠡᠵᠦ ᠴᠢᠨᠠᠭᠰᠢᠯᠠᠪᠠᠯ ᠵᠤᠳᠤᠭᠳᠠᠨ᠎ᠠ᠂ ᠰᠤᠷᠭᠠᠭᠤᠯᠢ ᠳᠤ ᠪᠤᠯ ᠪᠠᠭᠰᠢ ᠳᠠᠭᠠᠨ ᠦᠷᠬᠦᠯᠵᠢ ᠬᠡᠯᠡᠭᠳᠡᠨ᠂ ᠠᠩᠭᠢ ᠳᠠᠭᠠᠨ ᠪᠤᠯ ᠰᠠᠶᠢᠨ ᠰᠤᠷᠤᠭᠴᠢᠳ ᠲᠤ ᠲᠤᠤᠷ᠎ᠠ ᠦᠵᠡᠭᠳᠡᠬᠦ ᠪᠠᠶᠢᠳᠠᠯ ᠳᠤ ᠲᠤᠯᠭᠠᠷᠠᠳᠠᠭ᠂ ᠡᠳᠡᠭᠡᠷ ᠬᠡᠥᠬᠡᠳ ᠨᠢ ᠦᠷᠭᠦᠯᠵᠢ ᠠᠳᠠᠯᠠᠭᠳᠠᠬᠤ ᠪᠠᠶᠢᠳᠠᠯ ᠳᠤ ᠤᠴᠠᠷᠠᠬᠤ ᠶᠢᠨ ᠦᠶ᠎ᠡ  ᠳᠤ ᠨᠢᠭᠡ ᠵᠦᠢᠯ ᠤᠨ ᠰᠦᠷᠬᠡᠦ ᠰᠡᠳᠬᠢᠴᠡ᠂ ᠲᠤᠷ᠎ᠠ ᠦᠭᠡᠶᠢᠴᠡᠯᠳᠦ ᠤᠪᠤᠷ ᠢ ᠠᠪᠴᠤ ᠵᠤᠷᠢᠭᠤᠳᠠ ᠡᠶᠢᠮᠦ ᠲᠡᠶᠢᠮᠦ ᠭᠡᠷᠡᠭ ᠲᠡᠳᠡᠬᠤ ᠪᠤᠶᠤ ᠮᠠᠭᠤ ᠶᠢ ᠰᠤᠷᠴᠤ ᠶᠠᠯ᠎ᠠ ᠬᠢᠬᠦ ᠵᠠᠮ ᠢᠶᠠᠷ ᠴᠦ ᠶᠠᠪᠤᠳᠠᠭ᠃ ᠡᠶᠢᠮᠦ ᠠᠴᠠ ᠬᠤᠴᠤᠷᠤᠩᠭᠤᠢ ᠰᠤᠷᠤᠭᠴᠢ ᠳᠤ ᠭᠡᠷ ᠤᠨ ᠠᠬᠠᠮᠠᠳ ᠨᠢ ᠰᠤᠷᠭᠠᠭᠤᠯᠢ ᠶᠢᠨ ᠪᠠᠭᠰᠢ ᠲᠠᠢ ᠨᠢ ᠬᠠᠮᠵᠢᠯᠴᠠᠨ ᠠᠷᠭ᠎ᠠ ᠪᠦᠬᠦᠨ ᠢ ᠰᠦᠪᠡᠭᠴᠢᠯᠡᠨ ᠬᠠᠯᠠᠭᠤᠨ ᠭᠠᠷ ᠢᠶᠠᠨ ᠰᠤᠩᠭᠠᠨ ᠵᠦᠪ ᠲᠠᠯ᠎ᠠ ᠠᠴᠠ ᠬᠦᠮᠦᠵᠢᠬᠦᠯᠵᠦ ᠠᠶᠤᠮᠰᠢᠭᠳᠤ ᠪᠠᠶᠢᠳᠠᠯ ᠠᠴᠠ ᠵᠠᠶᠢᠯᠠᠰᠬᠢᠬᠤ ᠬᠡᠷᠡᠭᠳᠠᠢ᠃ ᠬᠡᠷᠪᠡ ᠬᠦᠮᠦᠵᠢᠯ ᠲᠤᠳᠠᠭᠤᠳᠠᠵᠤ ᠡᠰᠡᠷᠬᠦᠦ ᠲᠠᠯ᠎ᠠ ᠵᠦᠭ ᠬᠦᠭᠵᠢᠪᠡᠯ ᠬᠡᠥᠬᠡᠳ ᠤᠨ ᠬᠤᠪᠢ ᠪᠡᠶ᠎ᠡ᠂ ᠭᠡᠷ ᠪᠦᠯᠢ᠂ ᠰᠤᠷᠭᠠᠭᠤᠯᠢ᠂ ᠨᠡᠶᠢᠭᠡᠮ ᠳᠤ ᠪᠦᠷ ᠮᠠᠭᠤ ᠦᠷ᠎ᠡ ᠳ᠋ᠦᠩ ᠢ ᠠᠪᠴᠢᠷᠠᠨ᠎ᠠ ᠭᠡᠰᠡᠨ ᠢ ᠠᠩᠬᠠᠷᠤᠭᠠᠷᠠᠢ︕      ⒙ ᠬᠡᠥᠬᠡᠳ ᠤᠨ ᠢᠶᠠᠨ ᠦᠷᠯᠦᠭᠡᠨ ᠤ ᠬᠤᠭᠤᠯᠠ ᠶᠢ ᠰᠠᠶᠢᠨ ᠢᠳᠡᠬᠦᠯᠬᠦ ᠬᠡᠷᠡᠭᠳᠠᠢ      ᠤᠳᠤᠬᠠᠨ ᠤ ᠬᠡᠥᠬᠡᠳ ᠪᠠᠭᠠᠴᠤᠳ ᠤᠨ ᠲᠤᠮᠳᠠ ᠦᠷᠯᠦᠭᠡᠨ ᠤ ᠬᠤᠭᠤᠯᠠ ᠪᠠᠨ ᠰᠠᠶᠢᠨ ᠢᠳᠡᠬᠦ ᠦᠭᠡᠢ ᠦᠵᠡᠭᠳᠡᠯ ᠵᠠᠬ᠎ᠠ ᠠᠴᠠ ᠪᠠᠨ ᠬᠠᠷᠠᠭᠳᠠᠵᠤ ᠪᠠᠶᠢᠨ᠎ᠠ᠃ ᠬᠡᠥᠬᠡᠳ ᠬᠡᠷᠪᠡ ᠦᠷᠬᠦᠯᠵᠢ ᠦᠷᠯᠦᠭᠡᠨ ᠤ ᠬᠤᠭᠤᠯᠠ ᠪᠠᠨ ᠰᠠᠶᠢᠨ ᠢᠳᠡᠬᠦ ᠦᠭᠡᠢ ᠪᠤᠯ ᠪᠡᠶ᠎ᠡ ᠮᠠᠬᠠᠪᠤᠳ ᠤᠨ ᠬᠢᠨᠢ ᠦᠰᠦᠨ ᠪᠤᠶᠢᠵᠢᠯᠳᠠ ᠶᠢ ᠨᠦᠯᠦᠭᠡᠯᠡᠬᠦ ᠪᠠᠷ ᠪᠠᠷᠠᠬᠤ ᠦᠭᠡᠢ ᠶᠡᠭᠡ ᠲᠡᠷᠢᠬᠢᠨ ᠤ ᠬᠢᠨᠢ ᠰᠡᠳᠬᠢᠬᠦ ᠴᠢᠳᠠᠪᠦᠷᠢ ᠶᠢ ᠨᠢ ᠰᠢᠭᠤᠳ ᠨᠦᠯᠦᠭᠡᠯᠡᠳᠡᠭ ᠢ ᠡᠮᠨᠡᠯᠭᠡ ᠶᠢᠨ ᠤᠬᠠᠭᠠᠨᠳᠠᠨ ᠨᠠᠷ ᠮᠡᠨ ᠳᠤ ᠡᠷᠳᠡ ᠬᠡᠯᠡᠵᠦ ᠦᠭᠬᠦᠭᠰᠡᠨ ᠶᠤᠮ᠃ ᠦᠷᠯᠦᠭᠡ ᠶᠢᠨ ᠬᠤᠭᠤᠯᠠ ᠪᠠᠨ ᠰᠠᠶᠢᠨ ᠢᠳᠡᠬᠦ ᠦᠭᠡᠢ ᠪᠠᠶᠢᠳᠠᠯ ᠨᠢ ᠬᠡᠥᠬᠡᠳ ᠤᠨ ᠪᠡᠶ᠎ᠡ ᠰᠡᠳᠬᠢᠴᠡ ᠶᠢᠨ ᠡᠷᠡᠬᠦᠯ ᠮᠡᠨᠳᠦ ᠶᠢ ᠰᠢᠭᠤᠳ ᠨᠦᠯᠦᠭᠡᠯᠡᠳᠡᠭ ᠲᠤᠯᠠ ᠬᠡᠥᠬᠡᠳ ᠤᠨ ᠰᠤᠷᠤᠯᠭ᠎ᠠ  ᠶᠢ ᠴᠦ ᠮᠠᠭᠤᠳᠠᠭᠤᠯᠳᠠᠭ᠃ ᠡᠶᠢᠮᠦ ᠠᠴᠠ ᠭᠡᠷ ᠤᠨ ᠠᠬᠠᠮᠠᠳ ᠠᠩᠬᠠᠷᠤᠯ ᠳᠠᠭᠠᠨ ᠠᠪᠤᠭᠠᠷᠠᠢ︕      ⒚ ᠬᠡᠥᠬᠡᠳ ᠲᠤ ᠦᠪᠡᠷ ᠤᠨ ᠡᠵᠡᠮᠳᠡᠬᠦ ᠵᠤᠬᠢᠬᠤ ᠴᠠᠭ ᠲᠠᠢ ᠪᠠᠶᠢᠯᠭᠠᠬᠤ ᠬᠡᠷᠡᠭᠳᠠᠢ      ᠰᠢᠯᠭᠠᠯᠳᠠ ᠶᠢ ᠠᠷᠭᠠᠴᠠᠭᠠᠬᠤ ᠰᠤᠷᠭᠠᠨ ᠬᠦᠮᠦᠵᠢᠯ ᠤᠨ ᠬᠤᠤᠷ ᠨᠦᠯᠦᠭᠡ ᠪᠠ ᠤᠳᠤ ᠶᠢᠨ ᠬᠦᠮᠦᠨ ᠤ ᠭᠠᠭᠴᠠ ᠬᠤᠶᠠᠷ ᠬᠡᠥᠬᠡᠳ ᠲᠤ ᠪᠠᠨ ᠲᠠᠯᠪᠢᠬᠤ ᠦᠨᠳᠦᠷ ᠬᠦᠰᠡᠯ ᠠᠴᠠ ᠪᠤᠯᠵᠤ ᠨᠢᠭᠡ ᠪᠦᠯᠦᠭ ᠭᠡᠷ ᠤᠨ ᠠᠬᠠᠮᠠᠳ ᠬᠡᠥᠬᠡᠳ ᠤᠨ ᠢᠶᠠᠨ ᠰᠤᠷᠤᠯᠭ᠎ᠠ ᠶᠢᠨ ᠬᠢᠷᠢ ᠬᠡᠮᠵᠢᠶ᠎ᠡ ᠶᠢ ᠦᠷᠦᠭᠡᠰᠦᠯ ᠢᠶᠠᠷ ᠴᠢᠬᠤᠯᠠᠴᠢᠯᠠᠵᠤ᠂ ᠴᠢᠯᠦᠭᠡ ᠵᠠᠪ ᠦᠭᠡᠢ ᠰᠤᠷᠤᠯᠴᠠᠭᠤᠯᠵᠤ᠂ ᠨᠠᠭᠠᠳᠴᠤ᠂ ᠵᠤᠭᠠᠴᠠᠵᠤ᠂ ᠨᠡᠶᠢᠭᠡᠮ ᠲᠠᠢ ᠲᠠᠨᠢᠯᠴᠠᠬᠤ ᠴᠠᠭ ᠲᠤᠬᠢᠶᠠᠯ ᠲᠡᠮᠡᠢ ᠤᠯᠭᠤᠳᠠᠭ ᠦᠭᠡᠢ᠃ ᠡᠨᠡ ᠪᠤᠯ ᠰᠢᠨᠵᠢᠯᠡᠬᠦ ᠤᠬᠠᠭᠠᠨᠴᠢ ᠬᠢᠳᠡᠯ ᠪᠢᠰᠢ ᠶᠤᠮ᠃ ᠡᠶᠢᠮᠦ ᠠᠴᠠ ᠭᠡᠷ ᠤᠨ ᠠᠬᠠᠮᠠᠳ ᠪᠤᠯᠤᠭᠰᠠᠳ ᠬᠡᠥᠬᠡᠳ  ᠲᠡᠭᠡᠨ ᠰᠤᠷᠤᠯᠴᠠᠯᠭ᠎ᠠ ᠠᠴᠠ ᠭᠠᠳᠠᠨ᠎ᠠ ᠵᠤᠬᠢᠬᠤ ᠬᠡᠮᠵᠢᠶᠡᠨ ᠤ ᠴᠠᠭ ᠵᠠᠢ ᠶᠢ ᠭᠠᠷᠭᠠᠨ ᠦᠭᠴᠦ ᠲᠡᠳᠡᠨ ᠤ ᠲᠤᠷ᠎ᠠ ᠠᠪᠢᠶᠠᠰ ᠢᠶᠠᠨ ᠬᠦᠭᠵᠢᠬᠦᠯᠬᠦ᠂ ᠤᠶᠢᠳᠬᠠᠷᠠᠯ ᠪᠤᠬᠢᠨᠢᠳᠤᠯ ᠢᠶᠠᠨ ᠲᠠᠶᠢᠯᠬᠤ ᠳᠤ ᠨᠢ ᠲᠦᠬᠦᠮ ᠦᠵᠡᠬᠦᠯᠦᠭᠡᠷᠠᠢ︕      ⒛ ᠭᠡᠷ ᠪᠦᠯᠢ ᠨᠢ ᠬᠡᠥᠬᠡᠳ ᠤᠨ ᠢᠶᠠᠨ ᠪᠤᠳᠠᠳᠠᠢ ᠠᠴᠠ ᠡᠬᠦᠰᠦᠭᠰᠡᠨ ᠭᠡᠷ ᠤᠨ ᠰᠤᠷᠭᠠᠯ ᠲᠤᠭᠳᠠᠭᠠᠨ ᠬᠡᠷᠡᠭᠵᠢᠬᠦᠯᠬᠦ ᠬᠡᠷᠡᠭᠳᠠᠢ      ᠰᠤᠷᠭᠠᠯ ᠦᠭᠡᠢ ᠠᠶᠢᠯ ᠤᠨ ᠬᠡᠥᠬᠡᠳ ᠨᠢ ᠶᠡᠷᠦ ᠨᠢ ᠰᠤᠯᠠ ᠵᠠᠳᠠᠭᠠᠢ᠂ ᠬᠠᠥᠯᠢ ᠶᠢ ᠵᠢᠷᠤᠮᠯᠠᠵᠤ ᠰᠠᠬᠢᠯᠭ᠎ᠠ ᠶᠢ ᠲᠠᠭᠠᠬᠤ ᠲᠠᠯ᠎ᠠ ᠪᠠᠷ ᠲᠤᠲᠠᠮᠠᠭ᠂ ᠨᠡᠶᠢᠭᠡᠮ ᠳᠤ ᠬᠠᠨᠳᠤᠬᠤ᠂ ᠬᠦᠮᠦᠨ ᠲᠠᠢ ᠶᠠᠪᠤᠯᠴᠠᠬᠤ᠂ ᠤᠴᠢᠷ ᠶᠠᠪᠤᠳᠠᠯ ᠰᠢᠢᠳᠪᠦᠷᠢᠯᠡᠬᠦ᠂ ᠪᠤᠯᠪᠠᠰᠤᠨ ᠰᠤᠷᠳᠠᠯ ᠲᠠᠢ ᠶᠠᠪᠤᠬᠤ ᠵᠡᠷᠭᠡ ᠲᠠᠯ᠎ᠠ ᠪᠠᠷ ᠠᠰᠠᠭᠤᠳᠠᠯ ᠲᠠᠢ ᠪᠠᠶᠢᠳᠠᠭ᠃ ᠮᠠᠨ ᠤ ᠮᠤᠩᠭᠤᠯ ᠦᠨᠳᠦᠰᠦᠳᠡᠨ ᠪᠤᠯ ᠲᠡᠥᠬᠡᠨ ᠠᠴᠠ ᠪᠠᠨ ᠭᠡᠷ ᠤᠨ ᠰᠤᠷᠭᠠᠯ ᠢ ᠮᠠᠰᠢ ᠴᠢᠬᠤᠯᠠᠴᠢᠯᠠᠵᠤ ︽ᠬᠦᠮᠦᠨ ᠪᠤᠯᠭᠠᠬᠤ  ᠶᠢ ᠪᠠᠭ᠎ᠠ ᠠᠴᠠ ᠨᠢ᠂ ᠬᠦᠯᠦᠭ ᠪᠤᠯᠭᠠᠬᠤ ᠶᠢ ᠤᠨᠠᠭᠠᠨ ᠠᠴᠠ ᠨᠢ︾ ᠭᠡᠵᠦ ᠦᠵᠡᠨ ᠭᠡᠷ ᠤᠨ ᠰᠤᠷᠭᠠᠯ ᠢᠶᠠᠷ ᠲᠠᠮᠵᠢᠭᠤᠯᠤᠨ ᠠᠮᠢᠳᠤᠷᠠᠬᠤ ᠪᠠ ᠬᠦᠮᠦᠨ ᠪᠤᠯᠬᠤ ᠶᠢᠨ ᠮᠠᠰᠢ ᠤᠯᠠᠨ ᠶᠤᠰᠤ ᠵᠦᠢ ᠶᠢ ᠮᠡᠳᠡᠬᠦᠯᠳᠡᠭ ᠲᠤᠯᠠ ᠭᠡᠷ ᠤᠨ ᠰᠤᠷᠭᠠᠯ ᠲᠤᠭᠳᠠᠭᠠᠨ ᠬᠡᠷᠡᠭᠵᠢᠬᠦᠯᠦᠭᠡᠷᠠᠢ︕      ᠠᠪᠤ ᠡᠵᠢ ᠪᠤᠯᠤᠭᠰᠠᠳ ᠡ᠂ ᠬᠡᠥᠬᠡᠳ ᠬᠡᠪᠡᠯ ᠲᠡᠷᠡ ᠨᠢ ᠵᠦᠪᠬᠡᠨ ᠠᠪᠤ ᠡᠵᠢ ᠶᠢᠨ ᠠᠮᠢ ᠨᠠᠰᠤᠨ ᠤ ᠦᠷᠬᠦᠯᠵᠢᠯᠡᠯ᠂ ᠠᠶᠢᠯ ᠭᠡᠷ ᠤᠨ ᠬᠦᠰᠡᠯ ᠡᠷᠡᠮᠡᠯᠵᠡᠯ ᠲᠡᠳᠦᠢ ᠯᠠ ᠪᠢᠰᠢ ᠶᠤᠮ᠂ ᠲᠡᠷᠡ ᠨᠢ ᠡᠬᠡ ᠤᠯᠤᠰ ‍ᠤᠨ‌ᠢᠷᠡᠭᠡᠳᠦᠢ᠂ ᠡᠨᠡ ᠨᠡᠶᠢᠭᠡᠮ ᠤᠨ ᠡᠵᠡᠨ ᠢ ᠲᠦᠯᠦᠭᠡᠯᠡᠵᠦ ᠪᠠᠶᠢᠭ᠎ᠠ ᠶᠤᠮ᠃ ᠬᠡᠥᠬᠡᠳ ᠤᠨ ᠠᠪᠤ ᠡᠵᠢ ᠪᠤᠯᠤᠭᠰᠠᠨ ᠤ ᠬᠤᠪᠢ ᠳᠤ ᠪᠢᠳᠠ ᠬᠡᠥᠬᠡᠳ ᠢᠶᠠᠨ ᠡᠬᠡ ᠤᠯᠤᠰ᠂ ᠨᠡᠶᠢᠭᠡᠮ ᠤᠨ ᠬᠡᠷᠡᠭᠴᠡᠭᠡ ᠳᠤ ᠵᠤᠬᠢᠴᠠᠭᠰᠠᠨ᠂ ᠮᠤᠷᠠᠯ ᠴᠢᠳᠠᠪᠦᠷᠢ ᠬᠤᠤᠰᠯᠠᠭᠰᠠᠨ ᠬᠦᠮᠦᠨ ᠪᠤᠯᠭᠠᠬᠤ ᠬᠦᠨᠳᠦ ᠬᠠᠷᠢᠭᠤᠴᠠᠯᠭ᠎ᠠ ᠲᠠᠢ ᠶᠤᠮ᠃ ᠬᠦᠨᠳᠦ ᠬᠠᠷᠢᠭᠤᠴᠠᠯᠭ᠎ᠠ ᠲᠠᠢ ᠬᠦᠮᠦᠨ ᠪᠤᠯᠤᠭᠰᠠᠨ ᠤ ᠬᠤᠪᠢ ᠳᠤ 20 ᠵᠤᠷᠪᠤᠰ ᠰᠠᠨᠠᠭᠤᠯᠭ᠎ᠠ ᠶᠢ ᠠᠩᠬᠠᠷᠤᠯ ᠳᠠᠭᠠᠨ ᠠᠪᠤᠭᠠᠷᠠᠢ︕
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号