ᠵᠠᠷᠭᠤ ᠶᠢᠨ ᠵᠠᠷᠤᠳᠠᠯ ᠤᠨ ᠡᠭᠦᠷᠭᠡᠯᠡᠯ
ᠨᠡᠶᠢᠲᠡᠯᠡᠭᠰᠡᠨ ᠴᠠᠭ᠄
2024/1/29
     ︵1︶ ᠬᠡᠷᠡᠭ ᠬᠦᠯᠢᠶᠡᠨ ᠰᠢᠢᠳᠪᠦᠷᠢᠯᠡᠬᠦ ᠵᠠᠷᠤᠳᠠᠯ ᠢ ᠵᠠᠷᠭᠤ ᠢᠯᠠᠭᠳᠠᠭᠴᠢ ᠲᠤᠬᠠᠢ ᠶᠢᠨ ᠬᠦᠮᠦᠨ ᠡᠭᠦᠷᠭᠡᠯᠡᠨ᠎ᠡ᠃  ᠬᠤᠶᠠᠷ ᠲᠠᠯ᠎ᠠ ᠪᠠᠷ ᠢᠶᠠᠨ ᠪᠦᠷ ᠬᠠᠷᠢᠭᠤᠴᠠᠯᠭ᠎ᠠ ᠲᠠᠢ ᠪᠤᠯ ᠬᠤᠶᠠᠷ ᠲᠠᠯ᠎ᠠ ᠪᠠᠷ ᠢᠶᠠᠨ ᠬᠤᠪᠢᠶᠠᠨ ᠡᠭᠦᠷᠭᠡᠯᠡᠨ᠎ᠡ᠃ ᠬᠠᠮᠲᠤᠯᠢᠭ ᠵᠠᠷᠭᠤ ᠶᠢᠨ ᠲᠤᠬᠠᠢ ᠶᠢᠨ ᠬᠦᠮᠦᠨ ᠵᠠᠷᠭᠤ ᠢᠯᠠᠭᠳᠠᠪᠠᠯ᠂ ᠠᠷᠠᠳ ᠤᠨ ᠵᠠᠰᠠᠭ ᠤᠨ ᠤᠷᠳᠤᠨ ᠠᠴᠠ ᠳᠡᠳᠡᠨᠤᠰ ᠤᠨ ᠲᠣᠰ ᠲᠤᠰ ᠤᠨ ᠵᠠᠷᠭᠤ ᠶᠢᠨ ᠬᠠᠷᠠᠯᠲᠠ ᠳᠠᠬᠢ ᠠᠰᠢᠭ ᠬᠤᠤᠷ ᠤᠨ ᠬᠠᠷᠢᠴᠠᠭ᠎ᠠ ᠶᠢ ᠦᠨᠳᠦᠰᠦᠯᠡᠵᠤ᠂ ᠲᠤᠰ ᠲᠤᠰ ᠤᠨ ᠡᠭᠦᠷᠭᠡᠯᠡᠬᠦ ᠵᠤᠭᠤᠰᠤᠨ ᠤ ᠲᠤᠭ᠎ᠠ ᠶᠢ ᠲᠤᠭᠲᠠᠭᠠᠨ᠎ᠠ᠃ ᠡᠭᠦᠨ ᠳᠤ ᠲᠤᠰᠬᠠᠶᠢᠯᠠᠨ ᠦᠪᠡᠷ ᠤᠨ ᠠᠰᠢᠭ ᠲᠤᠰᠠ ᠶᠢᠨ ᠲᠦᠯᠦᠭᠡ ᠵᠠᠷᠭᠤ ᠶᠢᠨ ᠦᠢᠯᠡ ᠠᠵᠢᠯᠯᠠᠭ᠎ᠠ ᠶᠠᠪᠤᠭᠳᠠᠭᠤᠯᠤᠭᠰᠠᠨ ᠵᠠᠷᠤᠳᠠᠯ ᠢ ᠲᠤᠬᠠᠢ ᠶᠢᠨ ᠬᠦᠮᠦᠨ ᠡᠭᠦᠷᠭᠡᠯᠡᠨ᠎ᠡ᠃      ︵2︶ ᠬᠤᠶᠠᠳᠤᠭᠠᠷ ᠰᠢᠭᠦᠯᠲᠡ ᠶᠢᠨ ᠠᠷᠠᠳ ᠤᠨ ᠰᠢᠭᠦᠬᠦ ᠬᠤᠷᠢᠶᠠᠨ ᠠᠴᠠ ᠨᠢᠭᠡᠳᠦᠭᠡᠷ ᠰᠢᠭᠦᠯᠲᠡ ᠶᠢᠨ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢ ᠦᠭᠡᠷᠡᠴᠢᠯᠡᠨ ᠲᠠᠰᠤᠯᠠᠭᠰᠠᠨ ᠪᠠᠶᠢᠪᠠᠯ᠂ ᠲᠤᠬᠠᠢ ᠶᠢᠨ ᠬᠦᠮᠦᠨ ᠤ ᠬᠤᠶᠠᠳᠤᠭᠠᠷ ᠰᠢᠭᠦᠯᠲᠡ ᠶᠢᠨ ᠵᠠᠷᠭᠤ ᠶᠢᠨ ᠵᠠᠷᠤᠳᠠᠯ ᠳᠠᠬᠢ ᠡᠭᠦᠷᠭᠡᠯᠡᠯ ᠢ ᠲᠤᠭᠲᠠᠭᠠᠬᠤ ᠠᠴᠠ ᠭᠠᠳᠠᠨ᠎ᠠ ᠪᠠᠰᠠ ᠨᠢᠭᠡᠳᠦᠭᠡᠷ ᠰᠢᠭᠦᠯᠲᠡ ᠶᠢᠨ ᠠᠷᠠᠳ ᠤᠨ ᠰᠢᠭᠦᠬᠦ ᠬᠤᠷᠢᠶᠠᠨ ᠤ ᠵᠠᠷᠭᠤ ᠶᠢᠨ ᠵᠠᠷᠤᠳᠠᠯ ᠤᠨ ᠡᠭᠦᠷᠭᠡᠯᠡᠯ ᠤᠨ ᠲᠤᠬᠠᠢ ᠲᠤᠭᠲᠠᠭᠠᠯ ᠢ ᠬᠤᠪᠢᠷᠠᠭᠤᠯᠤᠨ᠎ᠠ᠃ ᠬᠤᠶᠠᠳᠤᠭᠠᠷ ᠰᠢᠭᠦᠯᠲᠡ ᠶᠢᠨ ᠠᠷᠠᠳ ᠤᠨ ᠰᠢᠭᠦᠬᠦ ᠬᠤᠷᠢᠶᠠᠨ ᠠᠴᠠ ᠲᠡᠭᠡᠭᠰᠢ ᠵᠠᠭᠠᠯᠳᠣᠯᠭ᠎ᠠ ᠶᠢ ᠨᠢᠴᠤᠭᠠᠭᠰᠠᠨ ᠪᠠᠶᠢᠪᠠᠯ᠂ ᠲᠡᠭᠡᠭᠰᠢ ᠵᠠᠭᠠᠯᠳᠤᠭᠰᠠᠨ ᠬᠡᠷᠡᠭ ᠤᠨ ᠬᠦᠯᠢᠶᠡᠨ ᠰᠢᠢᠳᠪᠦᠷᠢᠯᠡᠬᠦ ᠵᠠᠷᠤᠳᠠᠯ ᠢ ᠳᠡᠭᠡᠭᠰᠢ ᠵᠠᠭᠠᠯᠳᠤᠭᠴᠢ ᠡᠭᠦᠷᠭᠡᠯᠡᠨ᠎ᠡ᠃ ᠬᠤᠶᠠᠷ ᠲᠠᠯ᠎ᠠ ᠪᠠᠷ ᠢᠶᠠᠨ ᠴᠦᠮ ᠲᠡᠭᠡᠭᠰᠢ ᠵᠠᠭᠠᠯᠳᠤᠬᠤ ᠶᠢ ᠲᠤᠷᠠᠳᠤᠭᠰᠠᠨ ᠪᠠᠶᠢᠪᠠᠯ᠂ ᠬᠤᠶᠠᠷ ᠲᠠᠯ᠎ᠠ ᠪᠠᠷ ᠢᠶᠠᠨ ᠬᠤᠪᠢᠶᠠᠨ ᠡᠭᠦᠷᠭᠡᠯᠡᠨ᠎ᠡ᠃      ︵3︶ ᠠᠷᠠᠳ ᠤᠨ ᠰᠢᠭᠦᠬᠦ ᠬᠤᠷᠢᠶᠠᠨ ᠤ ᠡᠶᠡᠳᠡᠭᠦᠯᠭᠡ ᠪᠠᠷ ᠬᠡᠯᠡᠯᠴᠡᠨ ᠲᠤᠬᠢᠷᠠᠭᠰᠠᠨ ᠬᠡᠷᠡᠭ ᠤᠨ ᠵᠠᠷᠭᠤ ᠶᠢᠨ ᠵᠠᠷᠤᠳᠠᠯ ᠤᠨ ᠡᠭᠦᠷᠭᠡᠯᠡᠯ ᠢ ᠬᠤᠶᠠᠷ ᠲᠠᠯ᠎ᠠ ᠪᠠᠷ ᠢᠶᠠᠨ ᠵᠦᠪᠯᠡᠨ ᠰᠢᠢᠳᠪᠦᠷᠢᠯᠡᠨ᠎ᠡ᠃ ᠵᠦᠪᠯᠡᠨ ᠰᠢᠢᠳᠪᠦᠷᠢᠯᠡᠭᠡᠳ ᠪᠦᠲᠦᠬᠦ ᠦᠭᠡᠢ ᠪᠤᠯ ᠠᠷᠠᠳ ᠤᠨ ᠰᠢᠭᠦᠬᠦ ᠬᠤᠷᠢᠶᠠᠨ ᠠᠴᠠ ᠲᠤᠭᠲᠠᠭᠠᠨ᠎ᠠ᠃      ︵4︶ ᠤᠷᠤᠭ ᠰᠠᠯᠬᠤ ᠬᠡᠷᠡᠭ ᠤᠨ ᠵᠠᠷᠭᠤ ᠶᠢᠨ ᠵᠠᠷᠣᠳᠠᠯ ᠤᠨ ᠡᠭᠦᠷᠭᠡᠯᠡᠯ ᠢ ᠠᠷᠠᠳ ᠤᠨ ᠰᠢᠭᠦᠬᠦ ᠬᠤᠷᠢᠶᠠᠨ ᠠᠴᠠ ᠲᠣᠭᠲᠠᠭᠠᠨ᠎ᠠ᠃      ︵5︶ ᠵᠠᠭᠠᠯᠳᠤᠯᠭ᠎ᠠ ᠪᠠᠨ ᠪᠤᠴᠠᠭᠠᠭᠰᠠᠨ ᠬᠡᠷᠡᠭ ᠤᠨ ᠬᠡᠷᠡᠭ ᠬᠦᠯᠢᠶᠡᠨ ᠰᠢᠢᠳᠪᠦᠷᠢᠯᠡᠬᠦ ᠵᠠᠷᠣᠳᠠᠯ ᠢ ᠵᠠᠭᠠᠯᠳᠤᠭᠴᠢ ᠡᠭᠦᠷᠭᠡᠯᠡᠨ᠎ᠠ᠂ ᠭᠡᠭᠦ ᠳᠡᠭᠡᠨ ᠬᠠᠭᠠᠰ ᠢ ᠨᠢ ᠬᠠᠰᠤᠵᠤ ᠬᠤᠷᠢᠶᠠᠨ᠎ᠠ᠃ ᠪᠤᠰᠤᠳ ᠵᠠᠷᠭᠤ ᠶᠢᠨ ᠵᠠᠷᠤᠳᠠᠯ ᠢ ᠪᠤᠲᠠᠲᠠᠢ ᠵᠠᠷᠤᠳᠠᠯ ᠢ ᠦᠨᠳᠦᠰᠦᠯᠡᠨ ᠬᠤᠷᠢᠶᠠᠨ᠎ᠠ᠃ ᠵᠠᠭᠠᠯᠳᠤᠯᠭ᠎ᠠ ᠨᠢ ᠨᠢᠴᠤᠭᠠᠭᠳᠠᠭᠰᠠᠨ ᠬᠡᠷᠡᠭ ᠤᠨ ᠬᠡᠷᠡᠭ ᠬᠦᠯᠢᠶᠡᠨ ᠰᠢᠢᠳᠪᠦᠷᠢᠯᠡᠬᠦ ᠵᠠᠷᠤᠳᠠᠯ ᠢ ᠵᠠᠭᠠᠯᠳᠤᠭᠰᠠᠨ ᠲᠤᠬᠠᠢ ᠶᠢᠨ ᠬᠦᠮᠦᠨ ᠠᠴᠠ ᠡᠭᠦᠷᠭᠡᠯᠡᠨ᠎ᠡ᠃      ︵6︶ ᠬᠦᠢᠴᠡᠳᠭᠡᠭᠦᠯᠬᠦ ᠭᠤᠶᠤᠴᠢᠯᠠᠯ ᠤᠨ ᠵᠠᠷᠤᠳᠠᠯ ᠪᠠ ᠭᠦᠢᠴᠡᠳᠭᠡᠬᠦ ᠳᠤᠮᠳᠠ ᠪᠤᠲᠠᠲᠠᠢ ᠵᠠᠷᠤᠭᠰᠠᠨ ᠵᠠᠷᠤᠳᠠᠯ ᠢ ᠭᠤᠶᠤᠴᠢᠯᠠᠭᠳᠠᠭᠴᠢ ᠠᠴᠠ ᠡᠭᠦᠷᠭᠡᠯᠡᠨ᠎ᠡ᠃      ︵7︶ ᠲᠤᠬᠠᠢ ᠶᠢᠨ ᠬᠦᠮᠦᠨ ᠤ ᠵᠦᠢ ᠪᠤᠰᠤ ᠵᠠᠷᠭᠤ ᠶᠢᠨ ᠦᠢᠯᠡ ᠠᠵᠢᠯᠯᠠᠭ᠎ᠠ ᠠᠴᠠ ᠪᠤᠯᠵᠤ ᠵᠠᠷᠤᠭᠰᠠᠨ ᠵᠠᠷᠤᠳᠠᠯ ᠢ ᠲᠤᠬᠠᠢ ᠶᠢᠨ ᠬᠦᠮᠦᠨ ᠡᠭᠦᠷᠭᠡᠯᠡᠨ᠎ᠡ᠃      ︵8︶ ᠠᠰᠠᠷᠠᠨ ᠲᠡᠵᠢᠭᠡᠬᠦ ᠵᠠᠷᠤᠳᠠᠯ᠂ ᠦᠰᠭᠡᠨ ᠲᠡᠵᠢᠭᠡᠬᠦ ᠵᠠᠷᠤᠳᠠᠯ᠂ ᠠᠰᠠᠷᠠᠨ ᠬᠦᠮᠦᠵᠢᠭᠦᠯᠬᠦ ᠵᠠᠷᠤᠳᠠᠯ᠂ ᠳᠡᠳᠭᠦᠮᠵᠢ ᠶᠢᠨ ᠮᠦᠩᠭᠦ ᠪᠠ ᠬᠦᠳᠡᠯᠮᠦᠷᠢ ᠶᠢᠨ ᠬᠦᠯᠦᠰᠦ ᠤᠯᠭᠤᠮᠵᠢ ᠶᠢ ᠨᠡᠬᠡᠮᠵᠢᠯᠡᠨ ᠠᠪᠤᠭᠰᠠᠨ ᠬᠡᠷᠡᠭ ᠲᠤ ᠵᠠᠭᠠᠯᠳᠤᠭᠴᠢ ᠠᠴᠠ ᠬᠡᠷᠡᠭ ᠢ ᠬᠦᠯᠢᠶᠡᠨ ᠰᠢᠢᠳᠪᠦᠷᠢᠯᠡᠬᠦ ᠵᠠᠷᠣᠳᠠᠯ ᠢ ᠣᠷᠢᠳᠴᠢᠯᠠᠨ ᠲᠣᠰᠢᠶᠠᠬᠤ ᠦᠭᠡᠢ ᠳᠤ ᠪᠤᠯᠤᠨ᠎ᠠ᠃ ᠬᠡᠷᠡᠭ ᠢ ᠰᠢᠭᠦᠨ ᠲᠠᠭᠤᠰᠬᠠᠬᠤ ᠦᠶᠡᠰ᠂ ᠵᠠᠷᠭᠤ ᠢᠯᠠᠭᠳᠠᠭᠴᠢ ᠠᠴᠠ ᠡᠭᠦᠷᠭᠡᠯᠡᠨ᠎ᠡ᠃      ︵9︶ ᠲᠣᠬᠠᠢ ᠶᠢᠨ ᠬᠦᠮᠦᠨ ᠨᠢ ᠵᠠᠷᠭᠤ ᠶᠢᠨ ᠵᠠᠷᠦᠳᠠᠯ ᠢ ᠲᠣᠰᠢᠶᠠᠬᠤ ᠳᠤ ᠲᠣᠩ ᠬᠦᠴᠢᠷᠲᠡᠢ ᠪᠤᠯ᠂ ᠠᠷᠠᠳ ᠤᠨ ᠰᠢᠬᠦᠬᠦ ᠬᠤᠷᠢᠶᠠᠨ ᠳᠤ ᠵᠠᠷᠭᠤ ᠶᠢᠨ ᠵᠠᠷᠦᠳᠠᠯ ᠲᠣᠰᠢᠶᠠᠬᠤ ᠶᠢ ᠠᠯᠭᠤᠷᠯᠠᠬᠤ᠂ ᠬᠠᠰᠦᠬᠤ᠂ ᠬᠡᠯᠳᠦᠷᠢᠭᠦᠯᠭᠦ  ᠪᠠᠷ ᠭᠤᠶᠣᠴᠢᠯᠠᠵᠤ ᠪᠤᠯᠤᠨ᠎ᠠ᠃ ᠵᠠᠷᠭᠤ ᠶᠢᠨ ᠵᠠᠷᠦᠳᠠᠯ ᠲᠣᠰᠢᠶᠠᠬᠤ ᠶᠢ ᠠᠯᠭᠤᠷᠯᠠᠬᠤ᠂ ᠬᠠᠰᠦᠬᠤ᠂ ᠬᠡᠯᠳᠦᠷᠢᠭᠦᠯᠭᠦ ᠡᠰᠡᠭᠦ ᠶᠢ ᠠᠷᠠᠳ ᠤᠨ ᠰᠢᠭᠦᠭᠦ ᠬᠤᠷᠢᠶᠠᠨ ᠠᠴᠠ ᠲᠣᠭᠳᠠᠭᠠᠨ᠎ᠠ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号