ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠸ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠷᠪᠠᠳᠤᠭᠠᠷ ᠬᠢᠨᠠᠨ ᠪᠠᠶᠢᠴᠠᠭᠠᠬᠤ ᠲᠠᠰᠤᠭ ᠤᠨ ᠬᠤᠯᠪᠤᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠳ᠋ᠦᠩ ᠬᠤᠷᠠᠯ ᠡᠷᠭᠢᠯᠡᠪᠡ᠃      ᠲᠠᠩ ᠢ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠨᠢ ᠮᠠᠨ ᠤ ᠨᠠᠮ ᠤᠨ ᠶᠠᠭᠤᠨ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠶᠠᠭᠤᠨ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠳᠡᠶᠢᠯᠬᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠵᠠᠭᠤᠨ ᠵᠢᠯ ᠤᠨ ᠲᠣᠮᠣ ᠨᠠᠮ ᠢ ᠵᠢᠯᠣᠭᠤᠳᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠢᠨ᠎ᠡ ᠠᠬᠤᠢ ᠪᠠᠶᠢᠳᠠᠯ ᠢ ᠨᠡᠭᠡᠭᠡᠪᠡ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠡᠨᠡᠬᠦ ᠴᠢᠬᠤᠯᠠ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠪᠣᠯᠣᠨ ᠭᠤᠣᠯ ᠴᠢᠮᠦᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠳᠣᠲᠣᠭᠰᠢᠯᠠᠭᠤᠯᠤᠨ ᠬᠤᠪᠢᠷᠠᠭᠤᠯᠬᠤ ᠶᠢ ᠭᠦᠨᠵᠡᠭᠡᠶᠢᠷᠡᠭᠦᠯᠬᠦ ᠳᠡᠭᠡᠷ᠎ᠡ ᠴᠥᠬᠦᠷᠡᠰᠢ ᠦᠭᠡᠢ ᠬᠦᠴᠦ ᠲᠠᠯᠪᠢᠵᠤ᠂ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠪᠣᠯᠣᠨ ᠰᠢᠨᠲᠠᠷᠠᠰᠢ ᠦᠭᠡᠢ ᠰᠦᠰᠦ ᠵᠤᠷᠢᠭ ᠢᠶᠠᠷ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠴᠦᠰ  ᠲᠤᠨᠢ ᠲᠤᠯᠲᠠᠯ᠎ᠠ ᠬᠢᠬᠦ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠨᠠᠮ ᠤᠨ ᠬᠤᠷᠢᠶ᠎ᠠ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠲᠤᠤᠱᠯᠠᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠲᠣᠭᠲᠠᠭᠤᠨ ᠢᠶᠠᠷ ᠠᠬᠢᠭᠤᠯᠵᠤ᠂ ᠭᠠᠵᠠᠷ ᠣᠷᠣᠨ ᠤ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠪᠡ᠃ ᠪᠦᠬᠦ ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ ᠭᠡᠵᠡᠢ᠃      ᠲᠠᠩ ᠢ ᠬᠡᠯᠡᠭᠰᠡᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠡᠭᠦᠷᠢᠳᠡ ᠵᠣᠭᠰᠣᠰᠢ ᠦᠭᠡᠢ ᠪᠠᠶᠢᠬᠤ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠲᠤᠭ ᠲᠡᠮᠳᠡᠭ ᠲᠣᠳᠣᠷᠬᠠᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠢᠯᠵᠠᠷᠠᠯ ᠤᠨ ᠡᠭᠦᠰᠬᠦ ᠬᠥᠷᠥᠰᠥ ᠰᠢᠷᠣᠢ ᠪᠠ ᠨᠥᠬᠦᠴᠡᠯ ᠢ ᠡᠷᠡᠰ ᠠᠷᠢᠯᠭᠠᠵᠤ᠂ ︽ᠲᠤᠯᠤᠭᠠᠨ ᠵᠦᠢᠯ︾ ᠤᠨ ᠠᠰᠠᠭᠤᠳᠠᠯ ᠢ ᠴᠢᠩᠭ᠎ᠠ ᠠᠩᠬᠠᠷᠴᠤ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ ᠱᠠᠮᠰᠢᠵᠤ ᠰᠢᠷᠭᠤᠯᠵᠢ ᠢᠯᠵᠠᠷᠠᠬᠤ︾ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠷᠬᠡ ᠶᠢ ᠳᠦᠷᠢᠮ ᠤᠨ ᠰᠢᠩᠭᠡᠯᠢᠭ ᠲᠤ ᠬᠤᠷᠢᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠠᠳᠠᠭᠠᠯᠠᠬᠤ ᠬᠡᠷᠡᠭᠲᠡᠢ᠃ ᠢᠮᠠᠭᠲᠠ ᠴᠢᠩᠭ᠎ᠠ ᠬᠦᠭ ᠠᠶᠠᠰ ᠢᠶᠠᠷ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠬᠤ ᠪᠠ ᠭᠦᠨ ᠬᠠᠶᠢᠷᠠᠯᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠠᠵᠢᠯ ᠦᠢᠯᠡᠰ ᠲᠤ ᠰᠡᠳᠬᠢᠯ ᠰᠢᠭᠤᠳᠤᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠣᠯᠭᠠᠬᠤ ᠬᠡᠷᠡᠭᠲᠡᠢ᠃ ︽ᠲᠦᠷᠪᠡᠨ ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ︽ᠲᠦᠷᠭᠡᠨ︾ ︽ᠪᠣᠳᠠᠲᠠᠢ︾ ︽ᠤᠶᠠᠨ ᠬᠠᠳᠠᠨ︾ ︽ᠪᠠᠭᠠᠰᠬᠠᠬᠤ︾ ︽ᠠᠷᠪᠢᠯᠠᠬᠤ︾ ᠳᠡᠭᠡᠷ᠎ᠡ ᠬᠦᠴᠦ ᠣᠷᠣᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠦᠭ ᠦᠷᠭᠦᠯᠵᠢᠯᠡᠨ ᠬᠦᠴᠦᠨ ᠢᠶᠠᠨ ᠲᠦᠪᠯᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢᠶᠠᠨ ᠲᠠᠰᠤᠷᠠᠯᠳᠠ ᠦᠭᠡᠢ ᠰᠢᠯᠢᠳᠡᠭᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠴᠢᠬᠤᠯᠠ ᠪᠤᠰᠤ ᠵᠠᠷᠤᠯᠭ᠎ᠠ ᠶᠢ ᠡᠷᠡᠰ ᠬᠠᠰᠤᠵᠤ᠂ ᠮᠥᠩᠭᠦ ᠪᠦᠷᠢ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ  ᠪᠠᠷ ᠭᠤᠣᠯ ᠰᠢᠵᠢᠮ ᠪᠤᠯᠭᠠᠬᠤ ᠶᠢ ᠪᠦᠬᠦ ᠲᠠᠯ᠎ᠠ ᠪᠠᠷ ᠲᠤᠤᠱᠯᠠᠭᠤᠯᠬᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠤᠱᠯᠠᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠ ᠬᠤᠳᠠ ᠶᠢᠨ ᠨᠠᠮ ᠤᠨ ᠬᠤᠷᠢᠶᠠᠨ ᠤ12 ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠨ᠂ ᠬᠢᠨᠠᠯᠲᠠ ᠲᠠᠯᠪᠢᠬᠤ ᠰᠢᠰᠲ᠋ᠧᠮ ᠢᠶᠠᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠤᠨ ᠨᠡᠩ ᠶᠡᠭᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠨᠠᠮ ᠢ ᠰᠠᠨᠠᠭ᠎ᠠ ᠠᠮᠤᠷ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃      ᠯᠢ ᠳ᠋ᠦᠩ ᠬᠤᠷᠠᠯ ᠡᠷᠭᠢᠯᠡᠬᠦ ᠳᠡᠭᠡᠨ ᠬᠡᠯᠡᠭᠰᠡᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠪᠣᠯᠣᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠲᠠᠯ᠎ᠠ ᠪᠠᠷ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠨ᠎ᠡ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ 1 ᠰᠠᠷ᠎ᠠ ᠶᠢᠨ 26  ᠤ ᠡᠳᠦᠷ ᠬᠤᠷᠠᠯᠳᠣᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠡᠷᠭᠢᠯᠡᠵᠦ᠂ ᠯᠢ ᠳ᠋ᠦᠩ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠪᠥᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号