︽ᠣᠷᠢᠬᠠᠨ ᠬᠠᠪᠤᠷ ᠳᠠᠬᠢ ᠪᠤᠯᠵᠤᠭ᠎ᠠ︾ 2024 ᠣᠨ ᠤ ᠰᠢᠨ᠎ᠡ ᠵᠢᠯ ᠤᠨ ᠰᠢᠯᠦᠭ ᠤᠨ ᠨᠠᠶᠢᠷ ᠶᠠᠪᠤᠭᠳᠠᠪᠠ
ᠨᠡᠶᠢᠲᠡᠯᠡᠭᠰᠡᠨ ᠴᠠᠭ᠄
2024/1/3
     2023 ᠣᠨ ᠤ 12 ᠰᠠᠷ᠎ᠠ ᠶᠢᠨ 30 ᠤ ᠡᠳᠦᠷ᠂ ᠬᠤᠳᠠ ᠶᠢᠨ ᠬᠠᠮ ᠵᠠᠭᠤᠴᠢᠯᠠᠭᠤᠷ ᠤᠨ ᠲᠥᠪ᠂ ᠬᠤᠳᠠ ᠶᠢᠨ ᠰᠢᠯᠦᠭ ᠳᠠᠭᠤᠯᠠᠯ ᠤᠨ ᠰᠢᠨᠵᠢᠯᠡᠭᠡᠨ ᠤ ᠨᠡᠶᠢᠭᠡᠮᠯᠢᠭ ︽ᠣᠷᠢᠬᠠᠨ ᠬᠠᠪᠤᠷ ᠳᠠᠬᠢ ᠪᠤᠯᠵᠤᠭ᠎ᠠ︾ 2024 ᠣᠨ ᠤ ᠰᠢᠨ᠎ᠡ ᠵᠢᠯ ᠤᠨ ᠰᠢᠯᠦᠭ ᠤᠨ ᠨᠠᠶᠢᠷ ᠵᠢᠴᠢ ᠯᠢ ᠵᠢᠶᠠᠨ ᠵᠢᠶᠦ᠋ᠨ᠂ ᠠᠨ ᠲᠠᠢ ᠶᠢᠨ ᠪᠦᠲᠦᠭᠡᠯ ᠢ ᠰᠣᠨᠢᠷᠬᠠᠨ ᠦᠨᠡᠯᠡᠬᠦ ᠬᠤᠷᠠᠯ ᠡᠷᠭᠢᠯᠡᠵᠦ᠂ ᠮᠠᠨ ᠤ ᠬᠤᠳᠠ ᠶᠢᠨ 30 ᠭᠠᠷᠤᠢ ᠤᠳᠬ᠎ᠠ ᠵᠣᠬᠢᠶᠠᠯ ᠤᠨ ᠪᠠᠭ᠋ᠠᠳᠠᠳ ᠣᠷᠣᠯᠴᠠᠪᠠ᠃      ᠲᠤᠰ ᠠᠵᠢᠯᠯᠠᠭ᠎ᠠ ᠶᠢᠨ ᠳᠤᠮᠳᠠ ︽ᠠᠭᠤᠯᠠᠰ ᠭᠡᠭᠡᠨ ᠲᠤᠩᠭᠠᠯᠠᠭ︾ ︽ᠵᠡᠷᠯᠢᠭ ᠠᠯᠢᠮ᠎ᠠ ᠶᠢᠨ ᠮᠤᠲᠤ︾ ᠭᠡᠬᠦ ᠬᠤᠶᠠᠷ ᠪᠦᠲᠦᠭᠡᠯ ᠢ ᠰᠣᠨᠢᠷᠬᠠᠵᠤ᠂ ᠰᠡᠳᠦᠪᠯᠡᠬᠦᠨ ᠰᠣᠩᠭᠤᠭᠰᠠᠨ᠂ ᠵᠣᠬᠢᠶᠠᠨ ᠪᠦᠲᠦᠭᠡᠭᠰᠡᠨ ᠰᠡᠳᠬᠢᠮᠵᠢ᠂ ᠠᠭᠤᠯᠭ᠎ᠠ ᠦᠢᠯᠡ ᠶᠠᠪᠤᠳᠠᠯ᠂ ᠢᠯᠡᠷᠡᠭᠦᠯᠦᠭᠰᠡᠨ ᠬᠡᠯᠪᠡᠷᠢ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠭᠰᠠᠨ ᠪᠥᠭᠡᠳ ᠰᠢᠯᠦᠭ ᠳᠠᠭᠤᠯᠠᠯ ᠤᠶᠠᠩᠭᠠᠯᠠᠪᠠ᠃      ᠣᠶᠢᠯᠠᠭᠠᠭᠰᠠᠨ ᠢᠶᠠᠷ᠂ ᠰᠢᠨ᠎ᠡ ᠵᠢᠯ ᠤᠨ ᠰᠢᠯᠦᠭ ᠤᠨ ᠨᠠᠶᠢᠷ ᠪᠣᠯ ᠬᠤᠲᠠ ᠶᠢᠨ ᠰᠢᠯᠦᠭ ᠳᠠᠭᠤᠯᠠᠯ ᠤᠨ ᠰᠢᠨᠵᠢᠯᠡᠭᠡᠨ ᠤ ᠨᠡᠶᠢᠭᠡᠮᠯᠢᠭ ᠤᠨ ᠵᠢᠯ ᠪᠦᠷᠢ ᠶᠢᠨ ᠵᠤᠷᠰᠢᠯ ᠠᠵᠢᠯᠯᠠᠭ᠎ᠠ ᠮᠥᠨ᠂ ᠡᠨᠡ ᠨᠢ ᠨᠤᠲᠤᠭ ᠤᠨ ᠰᠢᠯᠦᠭᠴᠢᠳ ᠤᠨ ᠰᠢᠯᠦᠭ ᠤᠨ ᠪᠦᠲᠦᠭᠡᠯ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠮᠠᠨ ᠤ ᠬᠤᠲᠠ ᠶᠢᠨ ᠰᠢᠯᠦᠭᠴᠢᠳ ᠤᠨ ᠰᠢᠯᠦᠭ ᠤᠨ ᠤᠷᠠᠯᠢᠭ ᠢ ᠰᠤᠳᠤᠯᠤᠨ ᠶᠠᠷᠢᠯᠴᠠᠬᠤ᠂ ᠨᠤᠲᠤᠭ ᠤᠨ ᠰᠢᠯᠦᠭᠴᠢᠳ ᠤᠨ ᠵᠣᠬᠢᠶᠠᠨ ᠪᠦᠲᠦᠭᠡᠯᠭᠡ ᠶᠢᠨ ᠪᠠᠶᠢᠳᠠᠯ ᠢ ᠣᠶᠢᠯᠠᠭᠠᠬᠤ ᠳᠤ ᠰᠣᠯᠢᠯᠴᠠᠭᠠᠨ ᠤ ᠲᠠᠪᠴᠠᠩ ᠬᠠᠩᠭᠠᠬᠤ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号