︵2024 ᠣᠨ ᠤ 1 ᠰᠠᠷ᠎ᠠ ᠶᠢᠨ 5 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ | ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠳᠣᠯᠣᠳᠤᠭᠠᠷ ᠬᠤᠷᠠᠯ ᠠᠴᠠ ᠪᠠᠲᠤᠯᠠᠪᠠ︶ | | | | | 1 ᠰᠠᠷ᠎ᠠ ᠶᠢᠨ 5 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠠ | ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠠᠩᠬᠠᠳᠤᠭᠠᠷ ᠣᠳᠠᠭᠠᠨ ᠤ ᠪᠦᠬᠦᠳᠠ | ᠬᠤᠷᠠᠯ ᠢ ᠡᠷᠭᠢᠯᠡᠨ ᠬᠤᠷᠠᠯᠳᠣᠭᠤᠯᠵᠣ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠠᠵᠢᠯ ᠤᠨ ᠢᠯᠡᠳᠭᠡᠯ ᠬᠢᠭᠰᠡᠨ ᠪᠥᠭᠡᠳ ︽ᠦᠬᠠᠢ ᠬᠤᠳᠠ ᠶᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠤᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠬᠤ | ᠠᠵᠢᠯ ᠤᠨ ᠲᠥᠰᠥᠯ︾ ᠢ ᠲᠤᠭᠤᠷᠪᠢᠭᠰᠠᠨ ᠪᠠᠶᠢᠳᠠᠯ ᠤᠨ ᠲᠤᠬᠠᠢ ᠪᠦᠬᠦᠳᠠ ᠬᠤᠷᠠᠯ ᠳᠤ ᠲᠣᠳᠣᠷᠬᠠᠶᠢᠯᠠᠯᠲᠠ ᠬᠢᠪᠡ᠃ | ︵ᠱᠢ ᠯᠢ ᠽᠧᠩ ᠰᠡᠭᠦᠳᠡᠷᠯᠡᠪᠡ︶ | | | | | 1 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ | ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ | ᠠᠵᠢᠯ ᠤᠨ ᠬᠤᠷᠠᠯ ᠬᠠᠶᠢᠷᠤᠪ ᠤᠨ ᠲᠤᠬᠤᠢ ᠳᠤ ᠬᠤᠷᠠᠯᠳᠣᠪᠠ ︵ᠱᠢ ᠯᠢ ᠽᠧᠩ ᠭᠤᠤ ᠿᠦᠢ ᠫᠧᠩ ᠰᠡᠭᠦᠳᠡᠷᠯᠡᠪᠡ︶ | | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ | ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ 2024 | ᠣᠨ ᠤ 1 ᠰᠠᠷ᠎ᠠ ᠶᠢᠨ 5 ᠤ ᠡᠳᠦᠷ ᠬᠠᠶᠢᠷᠤᠪ ᠤᠨ ᠲᠤᠬᠤᠢ ᠳᠤ ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 41 ᠬᠥᠮᠥᠨ᠂ | ᠣᠷᠣᠯᠠᠭᠴᠢ ᠭᠡᠰᠢᠭᠦᠨ 3 ᠬᠥᠮᠥᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠭᠤᠷᠪᠠᠳᠤᠭᠠᠷ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ᠂ ᠳᠡᠳ᠋ | ᠳᠤᠭᠤᠶᠢᠯᠠᠩ ᠤᠨ ᠳᠠᠷᠤᠭ᠎ᠠ ᠰᠦᠨ ᠴᠢᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠲᠠ ᠶᠢᠨ | ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ | ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠠ | ᠬᠡᠰᠡᠭ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠭᠢᠯᠡᠪᠡ᠃ ᠬᠤᠳᠠ ᠶᠢᠨ | ᠨᠠᠮ ᠤᠨ ᠬᠤᠷᠢᠶᠠᠨ ᠤ ᠱᠦᠵᠢ ᠲᠠᠩ ᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ | ᠳᠠᠷᠤᠭ᠎ᠠ ᠼᠦᠢ ᠵᠢᠩ ᠶᠢᠩ ᠲᠤᠰ ᠲᠤᠰ ᠶᠠᠷᠢᠶ᠎ᠠ ᠲᠠᠯᠪᠢᠪᠠ᠃ | ᠪᠦᠭᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠩ ᠢ ᠶᠢᠨ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠭᠡᠯ ᠢ ᠰᠣᠨᠣᠰᠤᠨ | ᠶᠠᠷᠢᠯᠴᠠᠵᠤ᠂ 2023 ᠣᠨ ᠤ ᠠᠵᠢᠯ ᠢᠶᠠᠨ ᠳ᠋ᠦᠩᠨᠡᠵᠦ᠂ 2024 ᠣᠨ ᠤ ᠠᠵᠢᠯ ᠢᠶᠠᠨ ᠪᠠᠶᠢᠷᠢᠯᠠᠭᠤᠯᠵᠤ᠂ | ︽2023 ᠣᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠮ ᠢ ᠪᠥᠬᠦ ᠲᠠᠯ᠎ᠠ ᠪᠠᠷ | ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ | ᠮᠡᠳᠡᠭᠦᠯᠦᠯᠲᠡ︾ ᠪᠠ ︽ᠦᠬᠠᠢ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ ᠭᠤᠤᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠬᠤ ᠠᠵᠢᠯ ᠤᠨ ᠲᠥᠰᠥᠯ︾ ᠢ | ᠬᠢᠨᠠᠨ ᠶᠠᠷᠢᠯᠴᠠᠵᠤ ᠪᠠᠲᠤᠯᠠᠭᠠᠳ᠂ ᠲᠠᠩ ᠢ ︽ᠠᠵᠢᠯ ᠤᠨ ᠲᠥᠰᠥᠯ ︵ᠶᠠᠷᠢᠯᠴᠠᠬᠤ ᠨᠣᠣᠷᠠᠭ︶︾ ᠤᠨ ᠲᠤᠬᠠᠢ ᠪᠥᠬᠦᠳᠡ | ᠬᠤᠷᠠᠯ ᠳᠤ ᠲᠣᠳᠣᠷᠬᠠᠶᠢᠯᠠᠯᠲᠠ ᠬᠢᠪᠡ᠃ | ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠭᠦᠢᠴᠡᠳ ᠨᠣᠳᠠᠯᠠᠪᠠ᠃ ᠰᠠᠨᠠᠯ ᠨᠢᠭᠡᠲᠡᠢ ᠦᠵᠡᠭᠰᠡᠨ ᠨᠢ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠱᠤᠭᠤᠮ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠬᠦᠴᠦᠯᠡᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠪᠦᠬᠦ ᠬᠤᠳᠠ ᠶᠢᠨ ᠨᠠᠮ ᠤᠨ | ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠠᠮᠵᠢᠯᠲᠠ ᠣᠯᠵᠠᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠥᠮᠥᠨ ᠬᠥᠬᠡᠮᠳᠦᠭ ᠠᠭᠤᠯᠠ ᠶᠢ ᠬᠥᠰᠡᠷᠳᠡᠭᠦᠯᠬᠦ ᠦᠭᠡᠢ | ᠪᠣᠯ ᠬᠥᠬᠡᠮᠳᠦᠭ ᠠᠭᠤᠯᠠ ᠯᠠᠪᠲᠠᠢ ᠬᠥᠮᠥᠨ ᠢ ᠬᠥᠰᠡᠷᠳᠡᠭᠦᠯᠬᠦ ᠦᠭᠡᠢ ᠭᠡᠳᠡᠭ ᠢ ᠨᠢᠭᠡ ᠵᠢᠯ ᠤᠨ ᠲᠤᠷᠰᠢᠬᠢ | ᠦᠢᠯᠡᠳᠦᠯᠭᠡ ᠳᠠᠬᠢᠨᠲᠠ ᠮᠠᠷᠭᠤᠰᠢ ᠦᠭᠡᠢ ᠭᠡᠷᠡᠴᠢᠯᠡᠵᠡᠢ᠃ ᠦᠬᠠᠢ ᠶᠢᠨ ᠶᠠᠪᠤᠳᠠᠯ ᠢ ᠰᠠᠶᠢᠲᠤᠷ ᠬᠢᠬᠦ ᠳᠤ ᠡᠷᠬᠡᠪᠰᠢ | ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠪᠠᠷ | ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ | ᠤᠷᠤᠭᠰᠢᠯᠠᠬᠤ ᠬᠡᠷᠡᠭᠲᠡᠢ︔ ᠡᠷᠬᠡᠪᠰᠢ ᠦᠵᠡᠯ ᠰᠠᠨᠠᠭ᠎ᠠ ᠵᠣᠷᠢᠭ ᠰᠠᠨᠠᠭᠠᠨ ᠤ ᠪᠦᠯᠬᠦᠮᠳᠡᠯ ᠨᠢᠭᠡᠳᠦᠯ ᠢ ᠪᠠᠷᠢᠮᠲᠠᠯᠠᠵᠤ᠂ | ᠡᠯ᠎ᠡ ᠲᠠᠯ᠎ᠠ ᠶᠢᠨ ᠬᠢᠨ ᠤ ᠡᠷᠡᠯᠬᠡᠭᠯᠡᠨ ᠤᠷᠤᠭᠰᠢᠯᠠᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ | ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠰᠡᠳᠬᠢᠯ ᠨᠢᠭᠡᠳᠦᠨ | ᠠᠷᠭᠠᠴᠠᠭᠠᠬᠤ ᠬᠡᠷᠡᠭᠲᠡᠢ︔ ᠢᠮᠠᠭᠲᠠ ᠬᠠᠳᠠ ᠴᠢᠯᠠᠭᠤ ᠮᠡᠲᠦ ᠪᠠᠲᠤ ᠪᠠᠬᠢ ᠬᠥᠭᠵᠢᠯᠲᠡ ᠶᠢᠨ ᠢᠲᠡᠭᠡᠯ ᠵᠣᠷᠢᠭ ᠢᠶᠠᠨ | ᠬᠥᠪᠴᠢᠯᠡᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠴᠢᠩᠭᠠᠳᠬᠠᠵᠤ᠂ ᠠᠯᠬᠤᠮ ᠠᠯᠬᠤᠮ ᠢᠶᠠᠷ ᠬᠠᠷᠠᠯᠲᠠ ᠪᠠᠨ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ | ᠬᠡᠷᠡᠭᠲᠡᠢ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ | ᠪᠣᠯᠭᠠᠵᠤ᠂ ᠰᠠᠭᠤᠷᠢ ᠲᠠᠯᠪᠢᠵᠤ ᠠᠯᠤᠰ ᠢᠷᠡᠭᠡᠳᠦᠢ ᠳᠤ ᠠᠰᠢᠭᠲᠠᠢ᠂ ᠳᠤᠲᠠᠭᠤᠳᠠᠯ ᠢᠶᠠᠨ ᠨᠥᠬᠦᠪᠦᠷᠢᠯᠡᠬᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ ᠠᠷᠠᠳ ᠤᠨ ᠰᠡᠳᠬᠢᠯ ᠢ ᠣᠯᠬᠤ ᠶᠠᠪᠤᠳᠠᠯ ᠢ ᠢᠯᠡᠭᠦᠬᠡᠨ ᠬᠢᠵᠦ᠂ ᠦᠨᠡᠨ | ᠰᠡᠳᠬᠢᠯᠭᠡ ᠪᠠ ᠪᠣᠳᠠᠲᠤ ᠠᠮᠵᠢᠯᠲᠠ ᠪᠠᠷ ᠢᠶᠠᠨ ᠤᠯᠠᠨ ᠲᠦᠮᠡᠨ ᠤ ᠢᠲᠡᠭᠡᠯ ᠪᠠ ᠳᠡᠮᠵᠢᠯᠭᠡ ᠶᠢ ᠣᠯᠬᠤ ᠬᠡᠷᠡᠭᠲᠡᠢ︔ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ | ᠪᠣᠯᠣᠨ ᠰᠢᠨᠲᠠᠷᠠᠰᠢ ᠦᠭᠡᠢ ᠬᠠᠳᠠᠨ ᠵᠣᠷᠢᠭ ᠢ ᠪᠠᠷᠢᠮᠲᠠᠯᠠᠵᠤ᠂ ᠰᠢᠨ᠎ᠡ ᠦᠢᠯᠡᠰ ᠢ ᠴᠢᠷᠮᠠᠶᠢᠨ ᠪᠦᠲᠦᠭᠡᠵᠦ᠂ ᠰᠢᠨ᠎ᠡ | ᠶᠢᠷᠲᠢᠨᠴᠦ ᠶᠢ ᠴᠣᠭᠴᠠᠯᠠᠨ ᠪᠠᠶᠢᠭᠤᠯᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠦᠬᠦ ᠬᠤᠲᠠ ᠶᠢᠨ ᠠᠵᠤ ᠠᠬᠤᠢ ᠶᠢᠨ | ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ | ᠠᠵᠢᠯ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ | ᠠᠬᠤᠢ ᠶᠢᠨ ᠠᠵᠢᠯᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯᠤᠨ | ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠳᠤᠮᠳᠠᠳᠤᠶᠢᠨ ᠦᠨᠳᠦᠰᠦᠲᠡᠨ ᠤ ᠬᠠᠮᠲᠤ ᠶᠢᠨ ᠴᠣᠭᠴᠠᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠣᠭᠤᠮ ᠢ | ᠪᠦᠬᠦ ᠲᠠᠯ᠎ᠠ ᠪᠠᠷ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂ ᠳᠤᠮᠳᠠ ᠳᠥᠪᠰᠢᠨ ᠳᠤ ᠤᠷᠤᠬᠤ︾ ᠬᠠᠷᠠᠯᠲᠠ ᠶᠢ | ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭᠤᠨ | ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠡᠯ᠎ᠡ ᠲᠣᠭᠤᠷᠢᠭ ᠡᠯ᠎ᠡ ᠰᠠᠯᠠᠭ᠎ᠠ | ᠮᠥᠴᠢᠷᠦᠨ ᠬᠢᠨ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠤᠨᠢᠨ ᠳᠡᠭᠡᠷ᠎ᠡ ᠨᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠡᠯ᠎ᠡ ᠵᠦᠢᠯ ᠤᠨ ᠠᠵᠢᠯᠤᠨ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠪᠣᠳᠠᠲᠠᠢ ᠳᠤ | ᠨᠠᠶᠢᠳᠠᠪᠤᠷᠢᠵᠢᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠱᠤᠭᠤᠮ ᠤᠨ | ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ᠂ ᠲᠡᠷᠡ ᠴᠢᠭ ᠢᠶᠠᠷ ᠨᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠺᠠᠳ᠋ᠷ ᠪᠣᠯᠣᠨ ᠤᠯᠠᠨ ᠲᠦᠮᠡᠨ ᠤ ︽ᠬᠤᠶᠠᠷ ᠵᠠᠩᠭᠢᠯᠠᠭ᠎ᠠ︾ ᠶᠢ ᠬᠦᠴᠦᠯᠡᠨ ᠠᠳᠬᠤᠵᠤ᠂ ᠢᠯᠡ ᠲᠥᠷᠥᠭᠳᠡᠯ ᠲᠠᠢ | ᠪᠥᠭᠡᠳ ᠪᠦᠲᠦᠮᠵᠢᠲᠡᠢ ᠪᠠᠶᠢᠬᠤ ᠶᠢ ᠲᠤᠪᠤᠶᠢᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠵᠤ᠂ ᠡᠳᠦᠷ ᠳᠤᠳᠤᠮ ᠤᠨ | ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠢ | ᠨᠢᠭᠲᠠᠷᠠᠭᠤᠯᠵᠤ᠂ ᠤᠶᠤᠨ ᠰᠠᠨᠠᠭᠠᠨ ᠤ ᠲᠠᠯ᠎ᠠ ᠪᠠᠷ ᠲᠦᠰᠢᠭᠯᠡᠯᠴᠡᠬᠦ ᠶᠢ ᠠᠬᠢᠭᠤᠯᠬᠤ ᠬᠡᠷᠡᠭᠲᠡᠢ᠃ ᠠᠯᠢᠪᠠ ᠠᠵᠢᠯ ᠢᠶᠠᠨ | ᠴᠥᠮ ᠭᠤᠣᠯ ᠱᠤᠭᠤᠮ ᠳᠤ ᠲᠥᠪᠯᠡᠷᠡᠭᠦᠯᠵᠦ᠂ ᠭᠤᠣᠯ ᠱᠣᠭᠤᠮ ᠳᠤ ᠦᠢᠯᠡᠴᠢᠯᠡᠭᠦᠯᠵᠤ᠂᠂ ᠪᠦᠬᠦ ᠬᠤᠲᠠ ᠶᠢᠨ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠶᠢ ᠨᠡᠩ ᠰᠠᠶᠢᠲᠤᠷ ᠨᠢᠭᠡᠳᠬᠡᠬᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ | ᠨᠠᠮ ᠤᠨ ᠬᠤᠷᠢᠶ᠎ᠠ ᠠᠴᠠ ᠬᠤᠲᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠲᠣᠭᠲᠠᠭᠠᠭᠰᠠᠨ ᠭᠠᠵᠠᠷ ᠣᠷᠣᠨ ᠤ ᠬᠥᠭᠵᠢᠯᠲᠡ ᠶᠢᠨ ᠰᠡᠳᠬᠢᠴᠡ ᠶᠢ ᠳᠣᠣᠷᠠᠬᠢ ᠮᠡᠲᠦ | ᠲᠡᠭᠦᠯᠳᠡᠷᠵᠢᠭᠦᠯᠬᠦ ᠬᠡᠷᠡᠭᠳᠡᠢ ᠬᠡᠬᠦ ᠰᠢᠢᠳᠪᠦᠷᠢ ᠭᠠᠷᠭᠠᠪᠠ᠂ ᠳᠠᠷᠤᠢ ︽ᠨᠢᠭᠡ ᠭᠤᠣᠯ ᠱᠤᠭᠤᠮ ᠢ ᠲᠤᠤᠱᠯᠠᠭᠤᠯᠵᠤ | ︵ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠬᠤ ᠭᠤᠣᠯ | ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠬᠤ ᠬᠡᠷᠡᠭᠳᠡᠢ︶᠂ ᠨᠢᠭᠡ ᠵᠢᠷᠤᠮᠯᠠᠯ ᠢ ᠪᠠᠷᠢᠮᠲᠠᠯᠠᠵᠤ ︵ᠦᠬᠠᠢ ᠵᠢᠴᠢ ᠡᠷᠭᠢᠨ | ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠳᠡᠢ︶᠂ ᠨᠢᠭᠡ ᠵᠤᠷᠪᠤᠰ ᠰᠢᠨ᠎ᠡ ᠵᠠᠮ ᠢᠶᠠᠷ | ᠰᠠᠶᠢᠲᠤᠷ ᠵᠠᠮᠨᠠᠵᠤ ︵ᠠᠮᠢ ᠠᠬᠤᠢ ᠶᠢ ᠤᠷᠢᠳᠡᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠳᠡᠢ︶ | ᠂ ᠬᠤᠶᠠᠷ ᠶᠡᠭᠡ ᠡᠭᠦᠷᠭᠡ ︵ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ | ᠬᠤᠪᠢᠷᠠᠭᠤᠯᠬᠤ ᠶᠢ ᠯᠠᠪᠳᠠᠭᠤᠨ ᠪᠠᠲᠤᠳᠠᠢ ᠠᠬᠢᠭᠤᠯᠬᠤ ᠬᠡᠷᠡᠭᠳᠡᠢ︶ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ | ᠬᠠᠷᠠᠯᠲᠠ ︵ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ ᠵᠠᠰᠠᠯᠲᠠ ᠶᠢ | ᠪᠡᠶᠡᠯᠡᠭᠦᠯᠬᠦ ᠶᠢ ᠠᠬᠢᠭᠤᠯᠬᠤ ᠬᠡᠷᠡᠭᠳᠡᠢ︶ ᠶᠢ ᠪᠡᠶᠡᠯᠡᠭᠦᠯᠬᠦ ᠬᠡᠷᠡᠭᠳᠡᠢ︾᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ | ᠨᠢᠭᠡᠴᠡ ᠨᠦᠭᠦᠳ ᠲᠡᠭᠦᠯᠳᠡᠷᠵᠢᠭᠦᠯᠦᠭᠰᠡᠨ ᠤ ᠳᠠᠷᠠᠭᠠᠬᠢ ᠭᠠᠵᠠᠷ ᠣᠷᠣᠨ ᠤ ᠬᠥᠭᠵᠢᠯᠲᠡ ᠶᠢᠨ ᠰᠡᠳᠬᠢᠴᠡ ᠳᠤ | ᠠᠩᠬᠠᠷᠤᠯ ᠢᠶᠠᠨ ᠲᠥᠪᠯᠡᠷᠡᠭᠦᠯᠵᠦ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠡᠯ᠎ᠡ ᠵᠦᠢᠯ ᠤᠨ | ᠠᠵᠢᠯ ᠢᠶᠠᠨ ᠢᠳᠡᠪᠬᠢᠲᠡᠢ ᠰᠦᠪᠡᠭᠴᠢᠯᠡᠨ ᠠᠬᠢᠭᠤᠯᠵᠤ᠂ ᠬᠡᠯᠪᠡᠶᠢᠬᠦ ᠦᠭᠡᠢ᠂ ᠥᠭᠡᠷᠡᠲᠦᠭᠦᠯᠬᠦ ᠦᠭᠡᠢ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ ᠭᠡᠵᠡᠢ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠶᠢᠨ ᠲᠤᠰᠢᠶᠠᠭᠰᠠᠨ ︽ᠲᠠᠪᠤᠨ ᠶᠡᠭᠡ | ᠡᠭᠦᠷᠭᠡ︾ ᠶᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ | ︽ᠵᠢᠷᠭᠤᠭᠠᠨ ᠢᠨᠵᠧᠨᠧᠷᠢᠩ︾ ᠢ ᠰᠠᠶᠢᠲᠤᠷ ᠨᠠᠶᠢᠳᠠᠪᠤᠷᠢᠵᠢᠭᠤᠯᠵᠤ᠂ ︽ᠲᠣᠭᠲᠠᠭᠤᠨ︾ ᠪᠠ ︽ᠤᠷᠤᠭᠰᠢᠯᠠᠬᠤ︾ | ︽ᠪᠠᠶᠢᠭᠤᠯᠬᠤ︾ ᠪᠠ ︽ᠡᠪᠳᠡᠬᠦ︾ ᠶᠢᠨ ᠬᠤᠪᠢᠰᠤᠩᠭᠤᠢ ᠬᠠᠷᠢᠴᠠᠭ᠎ᠠ ᠶᠢ ᠣᠨᠣᠪᠴᠢᠲᠠᠢ ᠡᠵᠡᠮᠳᠡᠵᠦ᠂ ᠠᠯᠢᠪᠠ ᠠᠰᠢᠭᠲᠠᠢ | ᠴᠠᠭ ᠲᠣᠬᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠴᠢᠨᠠᠷ ᠰᠠᠶᠢᠲᠠᠢ ᠬᠥᠭᠵᠢᠯᠲᠡ ᠳᠤ | ᠬᠤᠯᠪᠣᠭᠳᠠᠬᠤ 12 ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ | ᠬᠡᠷᠡᠭᠲᠡᠢ᠃ ᠨᠢᠭᠡ ᠳᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ | ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠳᠡᠢ᠃ ︽ᠳᠣᠯᠤᠭ᠎ᠠ ᠶᠢ ᠵᠠᠰᠠᠭᠰᠠᠨ︾ ᠦᠷ᠎ᠡ | ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢᠨ ᠵᠠᠰᠠᠯᠲᠠ ᠶᠢ ᠬᠦᠴᠦ ᠪᠠᠨ ᠲᠥᠪᠯᠡᠷᠡᠭᠦᠯᠦᠨ | ᠪᠣᠳᠠᠲᠠᠢ ᠠᠳᠬᠤᠵᠤ᠂ ᠬᠠᠲᠤᠨ ᠭᠤᠣᠯ ᠤᠨ ︽︿几﹀ ᠦᠰᠦᠭᠲᠤ ᠲᠤᠬᠤᠢ︾ ᠶᠢᠨ ᠰᠢᠪᠲᠤᠯᠤᠯᠲᠠ ᠶᠢᠨ | ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠪᠢᠯᠠᠨ ᠭᠠᠮᠨᠠᠵᠤ ᠡᠷᠴᠢᠮᠵᠢᠭᠦᠯᠬᠦ ᠶᠢ ᠬᠦᠴᠦᠲᠡᠢ | ᠲᠦᠯᠬᠢᠨ ᠠᠬᠢᠭᠤᠯᠵᠤ᠂ ᠠᠮᠢ ᠠᠬᠤᠢ ᠣᠷᠴᠢᠨ ᠲᠤᠭᠤᠷᠢᠨ ᠤ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠦᠨᠡᠨ ᠬᠦ | ᠰᠠᠶᠢᠲᠤᠷ ᠪᠠᠲᠤᠯᠠᠬᠤ ᠬᠡᠷᠡᠭᠲᠡᠢ᠃ ᠬᠤᠶᠠᠷ ᠲᠤ᠂ ᠬᠦᠴᠦᠨ ᠢᠶᠠᠨ ᠲᠥᠪᠯᠡᠷᠡᠭᠦᠯᠦᠨ ᠪᠦᠬᠦ ᠪᠥᠮᠪᠥᠷᠴᠡᠭ ᠤᠨ ᠬᠠᠮᠤᠭ ᠤᠨ | ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠬᠡᠷᠡᠭᠳᠡᠢ᠃ | BDO ᠲᠥᠷᠥᠯ ᠵᠦᠢᠯ ᠤᠨ ᠠᠯᠢ ᠲᠦᠷᠭᠡᠨ ᠢᠶᠠᠷ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠪᠥᠬᠦ | ᠬᠦᠴᠦᠨ ᠢᠶᠠᠷ ᠢᠶᠠᠨ ᠳᠡᠮᠵᠢᠵᠦ᠂ ᠨᠠᠩ ᠣᠯᠠᠨ ᠵᠠᠬ᠎ᠠ ᠳᠡᠯᠭᠡᠭᠦᠷ ᠤᠨ ᠬᠤᠪᠢ ᠶᠢ ᠵᠠᠪᠳᠤᠨ ᠡᠵᠡᠯᠡᠵᠦ᠂ ᠠᠵᠤ | ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠪᠠᠨ ᠲᠦᠷᠭᠡᠳᠬᠡᠨ᠂ ᠠᠵᠤ ᠦᠢᠯᠡᠰ ᠤᠨ ᠠᠮᠢ ᠠᠬᠤᠢ ᠶᠢ ᠦᠷᠭᠦᠯᠵᠢᠯᠡᠨ | ᠰᠢᠯᠢᠳᠡᠭᠵᠢᠭᠦᠯᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠤᠭᠰᠠᠨ | ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠬᠦᠴᠦᠯᠡᠨ ᠪᠣᠶ ᠪᠣᠯᠭᠠᠵᠤ᠂ | BDO ᠠᠵᠤ ᠦᠢᠯᠡᠰ ᠤᠨ ᠪᠥᠬᠦ ᠤᠯᠤᠰ᠂ ᠠᠵᠢᠯ ᠲᠥᠷᠥᠯ ᠤᠨ ᠳᠣᠲᠣᠭᠠᠳᠤ ᠳᠠᠬᠢ ᠦᠢᠯᠡᠳᠬᠦᠨ ᠢ | ᠲᠣᠳᠣᠷᠬᠠᠶᠢᠯᠠᠬᠤ ᠡᠷᠬᠡ᠂ ᠦᠨ᠎ᠡ ᠲᠣᠭᠲᠠᠭᠠᠬᠤ ᠡᠷᠬᠡ ᠶᠢ ᠲᠣᠭᠲᠠᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠪᠣᠶ ᠪᠤᠯᠭᠠᠬᠤ ᠬᠡᠷᠡᠭᠳᠡᠢ᠃ ᠭᠤᠷᠪᠠ ᠳᠤ᠂ ᠪᠣᠬᠢᠷᠲᠤᠯ ᠦᠭᠡᠢ ᠡᠨᠧᠷᠭᠢ ᠶᠢ ᠰᠢᠩᠭᠡᠬᠡᠨ ᠠᠪᠬᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠳᠡᠢ᠃ ᠪᠦᠬᠦ ᠲᠠᠯ᠎ᠠ ᠠᠴᠠ | ᠨᠢᠭᠡ ᠣᠷᠣᠨ ᠪᠦᠰᠡ ᠶᠢ ᠲᠥᠯᠥᠪᠵᠢᠭᠦᠯᠵᠦ᠂ ᠨᠢᠭᠡ ᠣᠷᠣᠨ ᠪᠦᠰᠡ ᠪᠠᠷ ᠪᠦᠬᠦ ᠲᠠᠯ᠎ᠠ ᠳᠤ ᠦᠢᠯᠡᠴᠢᠯᠡᠬᠦ ᠶᠢ | ᠪᠠᠷᠢᠮᠲᠠᠯᠠᠵᠤ᠂ ᠪᠣᠬᠢᠷᠲᠤᠯ ᠦᠭᠡᠢ ᠡᠨᠧᠷᠭᠢ ᠶᠢ ᠰᠢᠩᠭᠡᠬᠡᠨ ᠠᠪᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ | ᠶᠡᠷᠦᠩᠬᠡᠢ ᠲᠥᠯᠦᠪᠵᠢᠭᠦᠯᠭᠡ ᠶᠢ ᠰᠢᠰᠲ᠋ᠧᠮ ᠲᠠᠢ ᠨᠠᠶᠢᠷᠠᠭᠤᠯᠤᠨ ᠵᠣᠬᠢᠶᠠᠵᠤ᠂ ᠣᠷᠣᠨ ᠪᠦᠰᠡ ᠶᠢᠨ ᠳᠣᠲᠣᠷᠠᠬᠢ ᠰᠢᠨ᠎ᠡ | ᠡᠨᠧᠷᠭᠢ ᠶᠢᠨ ᠲᠦᠷᠦᠯ ᠵᠦᠢᠯ᠂ ᠪᠣᠬᠢᠷᠲᠤᠯ ᠦᠭᠡᠢ ᠴᠠᠬᠢᠯᠭᠠᠨ ᠢ ᠳᠠᠮᠵᠢᠭᠤᠯᠬᠤ ᠵᠠᠮ ᠤᠨ ᠪᠦᠲᠦᠭᠡᠨ | ᠪᠠᠶᠢᠭᠤᠯᠤᠯᠲᠠ ᠶᠢ ᠬᠤᠯᠪᠤᠭᠠᠯᠠᠨ ᠰᠠᠶᠢᠲᠤᠷ ᠠᠳᠬᠤᠵᠤ᠂ ᠡᠨᠡ ᠬᠦ ᠬᠠᠷᠢᠯᠴᠠᠨ ᠠᠰᠢᠭᠲᠠᠢ ᠬᠠᠮᠲᠤᠪᠠᠷ ᠠᠰᠢᠭ | ᠬᠦᠷᠲᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠳᠥᠷᠪᠡ ᠳᠤ᠂ ︽ᠭᠤᠷᠪᠠ ᠶᠢ ᠡᠮᠬᠢᠯᠡᠨ | ᠨᠡᠶᠢᠯᠡᠭᠦᠯᠬᠦ︾ ᠶᠢ ᠲᠦᠷᠭᠡᠪᠴᠢᠯᠡᠨ ᠲᠦᠯᠬᠢᠨ ᠠᠬᠢᠭᠤᠯᠬᠤ ᠬᠡᠷᠡᠭᠳᠡᠢ᠃ ᠠᠭᠤᠷᠬᠠᠢ ᠶᠢᠨ ᠡᠷᠬᠡ ᠶᠢ ᠡᠮᠬᠢᠯᠡᠨ | ᠨᠡᠶᠢᠯᠡᠭᠦᠯᠬᠦ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠨᠡᠭᠦᠷᠡᠰᠦ ᠶᠢ | ᠤᠬᠢᠶᠠᠨ ᠰᠢᠯᠢᠵᠦ ᠡᠳ᠋ᠰᠢᠭᠦᠯᠬᠦ ᠠᠵᠢᠯ ᠲᠥᠷᠥᠯ ᠢ ᠡᠭᠴᠡ ᠨᠢᠭᠡ ᠴᠣᠭᠴᠠᠵᠢᠭᠤᠯᠤᠨ ᠡᠮᠬᠢᠯᠡᠨ ᠨᠡᠶᠢᠯᠡᠭᠦᠯᠬᠦ ᠪᠡᠷᠬᠡ | ᠰᠡᠳᠦᠪ ᠢ ᠲᠥᠪᠯᠡᠷᠡᠭᠦᠯᠦᠨ ᠰᠢᠢᠳᠪᠦᠷᠢᠯᠡᠵᠦ᠂ ᠮᠠᠨ ᠤ ᠬᠤᠲᠠ ᠶᠢᠨ ᠤᠯᠠᠮᠵᠢᠯᠠᠯᠲᠤ ᠠᠵᠤ ᠦᠢᠯᠡᠰ ᠢ | ᠳᠠᠪᠬᠤᠴᠠᠭᠤᠯᠤᠨ ᠲᠠᠰ ᠳᠡᠪᠰᠢᠭᠦᠯᠬᠦ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢ ᠵᠠᠯᠭᠠᠯᠳᠤᠭᠤᠯᠤᠨ | ᠬᠤᠪᠢᠷᠠᠭᠤᠯᠬᠤ ᠶᠢ ᠲᠦᠷᠭᠡᠳᠭᠡᠨ ᠠᠬᠢᠭᠤᠯᠬᠤ ᠬᠡᠷᠡᠭᠳᠡᠢ᠃ ᠲᠠᠪᠤ ᠳᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠢᠶᠠᠨ ᠰᠠᠶᠢᠲᠤᠷ ᠠᠳᠬᠤᠬᠤ ᠬᠡᠷᠡᠭᠳᠡᠢ᠃ ︽ᠬᠤᠳᠠᠯᠳᠤᠭᠠᠴᠢᠨ ᠤᠷᠢᠬᠤ ᠶᠢ ᠲᠡᠷᠢᠭᠦᠨ ᠳᠤ | ᠲᠠᠯᠪᠢᠵᠤ᠂ ᠲᠥᠷᠥᠯ ᠵᠦᠢᠯ ᠢᠶᠠᠷ ᠮᠠᠩᠯᠠᠶᠢᠯᠠᠭᠤᠯᠬᠤ︾ ᠢᠯᠡ ᠲᠣᠳᠣ ᠤᠳᠤᠷᠢᠳᠤᠮᠵᠢ ᠶᠢ ᠦᠷᠭᠦᠯᠵᠢᠯᠡᠨ | ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠵᠠᠩᠭᠢᠯᠠᠭ᠎ᠠ ᠶᠢᠨ | ᠭᠤᠭᠴᠤᠭ᠎ᠠ᠂ ᠠᠵᠢᠯ ᠲᠥᠷᠥᠯ ᠤᠨ ᠳᠠᠭᠠᠭᠤᠯᠤᠭᠴᠢ ᠪᠠ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ | ᠴᠢᠩᠭ᠎ᠠ ᠠᠩᠬᠠᠷᠴᠤ᠂ ᠠᠶᠢᠵᠠᠮ ᠢᠶᠠᠨ ᠲᠦᠷᠭᠡᠳᠬᠡᠨ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠵᠤ᠂ ᠪᠣᠳᠠᠲᠤ | ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ | ᠰᠢᠪᠲᠤᠯᠤᠯᠲᠠ ᠲᠠᠢ ᠪᠣᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠳᠡᠢ᠃ ᠵᠢᠷᠭᠤᠭ᠎ᠠ ᠳᠤ᠂ ᠲᠠᠷᠢᠶᠠᠯᠠᠩ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠬᠤ ᠬᠡᠷᠡᠭᠳᠡᠢ᠃ ᠪᠦᠬᠦᠯᠢ ᠴᠣᠭᠴᠠ ᠪᠠᠷ | ᠲᠥᠯᠥᠪᠵᠢᠭᠦᠯᠬᠦ ᠶᠢ ᠪᠠᠷᠢᠮᠲᠠᠯᠠᠵᠤ᠂ ᠤᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠰᠣᠶᠣᠯ | ᠵᠢᠭᠤᠯᠴᠢᠯᠠᠯ ᠢ ᠠᠭᠤᠰᠤᠯᠴᠠᠭᠤᠯᠬᠤ ᠬᠡᠯᠪᠡᠷᠢ ᠶᠢᠨ ᠵᠢᠱᠢᠶ᠎ᠡ ᠦᠵᠡᠭᠦᠯᠬᠦ ᠣᠷᠣᠨ ᠢ ᠰᠢᠰᠲ᠋ᠧᠮ ᠲᠠᠢ ᠪᠠᠶᠢᠭᠤᠯᠵᠤ᠂ | ᠤᠯᠠᠨ ᠡᠰᠢᠲᠦ ᠬᠡᠷᠡᠭᠯᠡᠭᠡᠨ ᠤ ᠲᠠᠯᠠᠪᠤᠷ ᠢ ᠪᠣᠶᠢᠵᠢᠭᠤᠯᠤᠨ ᠪᠤᠢ ᠪᠣᠯᠭᠠᠵᠤ᠂ ᠣᠷᠣᠨ ᠪᠦᠰᠡ ᠶᠢᠨ ᠬᠡᠷᠡᠭᠯᠡᠭᠡᠨ ᠤ ᠶᠠᠰᠤ | ᠴᠢᠨᠠᠷ ᠤᠨ ᠣᠷᠣᠨ ᠪᠠᠶᠢᠷᠢ ᠪᠠᠨ ᠨᠠᠷᠢᠯᠢᠭᠵᠢᠭᠤᠯᠤᠨ ᠳᠡᠭᠡᠭᠰᠢᠯᠡᠭᠦᠯᠵᠦ᠂ ᠲᠤᠰ ᠭᠠᠵᠠᠷ ᠣᠷᠣᠨ ᠳᠠᠭᠠᠨ ᠨᠡᠩ ᠰᠠᠶᠢᠨ | ᠦᠢᠯᠡᠴᠢᠯᠡᠵᠦ᠂ ᠡᠷᠬᠢᠨ ᠲᠣᠭᠤᠷᠢᠨ ᠢᠶᠠᠨ ᠨᠡᠩ ᠰᠠᠶᠢᠨ ᠨᠥᠯᠥᠭᠡᠯᠡᠬᠦ ᠬᠡᠷᠡᠭᠳᠡᠢ᠃ ᠲᠤᠯᠤᠭ᠎ᠠ ᠳᠤ᠂ BDO ᠠᠵᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠦᠨᠳᠦᠷ ᠪᠡᠷᠢᠮᠵᠢᠶ᠎ᠡ ᠪᠠᠷ ᠪᠠᠶᠢᠭᠤᠯᠬᠤ ᠬᠡᠷᠡᠭᠳᠡᠢ᠃ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ | ᠲᠣᠭᠲᠠᠴᠠ ᠪᠠᠨ ᠲᠠᠰᠤᠷᠠᠯᠲᠠ ᠦᠭᠡᠢ ᠪᠦᠷᠢᠨᠰᠢᠭᠦᠯᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ | ᠬᠦᠴᠦᠨ ᠢ ᠢᠳᠡᠪᠬᠢᠲᠡᠢ ᠪᠠᠷ ᠨᠢᠭᠲᠠᠷᠠᠭᠤᠯᠤᠨ᠂ BDO ᠠᠵᠤ ᠦᠢᠯᠡᠰ ᠤᠨ ᠰᠤᠳᠤᠯᠤᠨ ᠨᠡᠭᠡᠭᠡᠬᠦ᠂ ᠪᠠᠶᠢᠴᠠᠭᠠᠨ | ᠰᠢᠯᠭᠠᠬᠤ᠂ ᠭᠡᠷᠡᠴᠢᠯᠡᠬᠦ ᠶᠢ ᠨᠢᠭᠡ ᠴᠣᠭᠴᠠᠵᠢᠭᠤᠯᠤᠭᠰᠠᠨ ᠣᠯᠠᠨ ᠴᠢᠳᠠᠮᠵᠢᠲᠤ ᠲᠠᠪᠴᠠᠩ ᠢ ᠬᠦᠴᠦᠨ ᠢᠶᠠᠨ | ᠲᠥᠪᠯᠡᠷᠡᠭᠦᠯᠦᠨ ᠪᠠᠶᠢᠭᠤᠯᠵᠤ᠂ ᠮᠠᠨ ᠤ ᠬᠤᠲᠠ ᠶᠢᠨ BDO ᠦᠢᠯᠡᠳᠬᠦᠨ ᠤ ᠠᠷᠠᠯᠵᠢᠶᠠᠨ ᠤ ᠲᠠᠪᠴᠠᠩ᠂ | ᠪᠠᠷᠢᠮᠵᠢᠶ᠎ᠠ ᠶᠢᠨ ᠰᠤᠳᠤᠯᠭᠠᠨ ᠤ ᠲᠥᠪ᠂ ᠶᠠᠰᠤ ᠴᠢᠨᠠᠷ ᠤᠨ ᠪᠠᠶᠢᠴᠠᠭᠠᠨ ᠰᠢᠯᠭᠠᠬᠤ ᠲᠥᠪ ᠪᠣᠯᠬᠤ ᠶᠢ ᠲᠦᠯᠬᠢᠨ | ᠠᠬᠢᠭᠤᠯᠵᠤ᠂ ᠭᠠᠵᠠᠷ ᠣᠷᠣᠨ ᠤ ᠠᠵᠢᠯ ᠲᠥᠷᠥᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠦᠨᠡᠨᠬᠦ | ᠴᠢᠩᠭᠠᠷᠠᠭᠤᠯᠬᠤ ᠬᠡᠷᠡᠭᠳᠡᠢ᠃ ᠨᠠᠢᠮᠠ ᠳᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠣᠶᠢᠵᠢᠭᠤᠯᠬᠤ | ᠦᠢᠯᠡᠴᠢᠯᠡᠭᠡᠨ ᠤ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ︽ᠲᠢᠶᠠᠨ ᠵᠢᠶᠦ᠋ᠨ ᠦᠢᠯᠡᠴᠢᠯᠡᠭᠡᠨ ᠤ ᠲᠥᠯᠥᠪᠯᠡᠭᠡ︾ ᠶᠢ | ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠬᠤᠯᠪᠤᠭᠳᠠᠯ ᠪᠦᠬᠦᠢ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ | ᠨᠡᠶᠢᠲᠡᠯᠡᠵᠦ᠂ ᠪᠣᠶᠢᠵᠢᠭᠤᠯᠤᠨ ᠦᠢᠯᠡᠴᠢᠯᠡᠬᠦ ᠪᠠ ᠤᠬᠠᠭᠤᠯᠤᠨ ᠬᠥᠲᠥᠯᠥᠨ ᠵᠢᠯᠤᠭᠤᠳᠬᠤ ᠠᠵᠢᠯ ᠢᠶᠠᠨ ᠢᠳᠡᠪᠬᠢᠲᠡᠢ | ᠥᠷᠨᠢᠭᠦᠯᠵᠤ᠂ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠶᠢ | ᠪᠠᠶᠢᠭᠤᠯᠤᠨ ᠬᠦᠴᠦᠷᠬᠡᠭᠵᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠱᠠᠲᠤᠯᠠᠨ ᠠᠬᠢᠭᠤᠯᠬᠤ | ᠪᠠᠶᠢᠷᠢᠰᠢᠯ ᠢ ᠲᠦᠷᠭᠡᠳᠬᠡᠨ ᠪᠣᠶ ᠪᠤᠯᠭᠠᠬᠤ ᠬᠡᠷᠡᠭᠳᠡᠢ᠃ ᠶᠢᠰᠦ ᠳᠤ᠂ ᠤᠮᠠᠷᠠᠰᠢ ᠨᠡᠭᠡᠭᠡᠯᠲᠡ ᠬᠢᠬᠦ ᠥᠷᠥᠴᠡ ᠭᠠᠵᠠᠷ ᠤᠨ | ᠲᠤᠯᠭᠠᠭᠤᠷᠢᠯᠠᠯ ᠢᠶᠠᠨ ᠴᠢᠩᠭᠠᠳᠬᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠴᠢᠯᠦᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠠᠰᠢᠭᠲᠠᠢ ᠠᠵᠠ ᠲᠣᠬᠢᠶᠠᠯ ᠢ ᠠᠮᠵᠢᠵᠤ᠂ | ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠢ ᠰᠠᠭᠠᠳ ᠦᠭᠡᠢ ᠨᠠᠪᠲᠠᠷᠡᠭᠦᠯᠵᠦ᠂ ︽ᠨᠢᠭᠡ ᠪᠦᠰᠡ ᠨᠢᠭᠡ ᠵᠠᠮ︾᠂ | ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ | ᠠᠴᠠ ᠪᠠᠨ ᠠᠭᠤᠰᠤᠯᠴᠠᠵᠤ᠂ ︽ᠪᠣᠭᠤᠮᠲᠠ+ ᠥᠷᠥᠴᠡ ᠭᠠᠵᠠᠷ ᠤᠨ ᠠᠵᠤ ᠠᠬᠤᠢ︾ ᠶᠢᠨ ᠬᠤᠯᠪᠤᠭᠠᠯᠠᠨ | ᠬᠥᠳᠡᠯᠦᠯᠴᠡᠬᠦ ᠵᠠᠭᠪᠤᠷ ᠢ ᠰᠦᠪᠡᠭᠴᠢᠯᠡᠨ ᠠᠬᠢᠭᠤᠯᠵᠤ᠂ ᠬᠥᠷᠰᠢ ᠵᠡᠷᠭᠡᠯᠡᠳᠡᠭᠡ ᠮᠤᠵᠢ ᠬᠤᠲᠠ ᠪᠠ ᠡᠷᠬᠢᠨ | ᠲᠣᠭᠤᠷᠢᠨ ᠤ ᠠᠶᠢᠮᠠᠭ ᠬᠤᠲᠠ ᠯᠤᠭ᠎ᠠ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠴᠢᠩᠭᠠᠳᠬᠠᠨ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠣᠯᠠᠨ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠠᠷ | ᠴᠢᠷᠮᠠᠶᠢᠬᠤ ᠬᠡᠷᠡᠭᠳᠡᠢ᠃ ᠠᠷᠪᠠ ᠳᠤ᠂ ︽ᠨᠢᠭᠡ ᠮᠦᠴᠡᠲᠤ ᠠᠮᠢᠳᠤᠷᠠᠯ ᠤᠨ ᠬᠦᠷᠢᠶ᠎ᠡ︾ ᠶᠢ ᠰᠠᠶᠢᠲᠤᠷ ᠪᠠᠶᠢᠭᠤᠯᠬᠤ | ᠬᠡᠷᠡᠭᠳᠡᠢ᠃ ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠡᠬᠢ ᠪᠠᠶᠠᠯᠢᠭ ᠤᠨ ᠡᠯᠧᠮᠧᠨ᠋ᠲ ᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠦᠢᠯᠡᠴᠢᠯᠡᠭᠡᠨ ᠤ ᠳᠤᠲᠠᠭᠤᠳᠠᠯ | ᠢᠶᠠᠨ ᠬᠦᠴᠦᠯᠡᠨ ᠨᠥᠬᠦᠪᠦᠷᠢᠯᠡᠵᠦ᠂ ᠣᠨᠴᠠᠯᠢᠭᠲᠤ ᠲᠦᠷᠦᠯ ᠲᠡᠮᠳᠡᠭ ᠤᠨ ᠪᠠᠶᠢᠭᠤᠯᠤᠯᠲᠠ ᠪᠠᠨ ᠲᠤᠪᠤᠶᠢᠯᠭᠠᠵᠤ᠂ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠳᠡᠢ᠃ ᠠᠷᠪᠠᠨ | ᠨᠢᠭᠡ ᠳᠤ᠂ ᠬᠤᠳᠠ ᠶᠢᠨ ᠴᠢᠳᠠᠮᠵᠢ ᠪᠠᠨ ᠲᠡᠭᠦᠯᠳᠡᠷᠵᠢᠭᠦᠯᠬᠦ ᠬᠡᠷᠡᠭᠳᠡᠢ᠃ ᠬᠠᠭᠤᠴᠢᠨ ᠬᠤᠳᠠ ᠰᠢᠨ᠎ᠡ ᠲᠣᠭᠤᠷᠢᠭ ᠢ | ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠤᠳᠠ ᠶᠢᠨ ᠴᠢᠳᠠᠮᠵᠢ | ᠪᠣᠯᠣᠨ ᠶᠠᠰᠤ ᠴᠢᠨᠠᠷ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ᠃ ᠠᠷᠪᠠᠨ ᠬᠤᠶᠠᠷ ᠲᠤ᠂ ᠬᠥᠭᠵᠢᠯᠲᠡ ᠪᠠ | ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠦᠯᠦᠪᠵᠢᠬᠦᠯᠬᠦ ᠬᠡᠷᠡᠭᠳᠡᠢ᠃ ᠬᠦᠴᠦᠨ ᠢᠶᠠᠨ ᠲᠥᠪᠯᠡᠷᠡᠭᠦᠯᠦᠨ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠮᠤᠷ ᠠᠮᠤᠭᠤᠯᠠᠩ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠ ᠪᠥᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠡᠭᠦᠳᠦᠨ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠠᠶᠤᠯ ᠲᠦᠭᠰᠢᠭᠦᠷᠢ ᠶᠢ ᠢᠳᠡᠪᠬᠢᠲᠡᠢ ᠪᠠᠷ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ | ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠨᠥᠬᠦᠴᠡᠯᠳᠦᠯ ᠢ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠳᠡᠢ ᠭᠡᠵᠡᠢ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ | ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠬᠦ ᠬᠤᠳᠠ ᠶᠢᠨ ᠳᠡᠭᠡᠳᠦ | ᠳᠣᠣᠷᠠᠳᠤ ᠱᠠᠲᠤ ᠪᠠᠷ ᠢᠶᠠᠨ ᠨᠢᠭᠡ ᠰᠡᠳᠬᠢᠯ ᠨᠢᠭᠡ ᠴᠢᠭᠯᠡᠯ ᠢᠶᠠᠷ ᠬᠠᠲᠠᠭᠤᠵᠢᠯᠲᠠᠢ ᠰᠢᠷᠭᠠᠭᠤ ᠠᠵᠢᠯᠯᠠᠬᠤ ᠠᠴᠠ | ᠰᠠᠯᠵᠤ ᠴᠢᠳᠠᠬᠤ ᠦᠭᠡᠢ᠂ ᠨᠡᠩ ᠴᠤ ᠰᠤᠷᠲᠠᠯ ᠴᠢᠬᠡᠴᠢ ᠣᠪᠣᠷ ᠲᠥᠪ ᠠᠵᠢᠯᠯᠠᠬᠤ ᠣᠷᠴᠢᠨ ᠲᠣᠭᠤᠷᠢᠨ ᠠᠴᠠ | ᠰᠠᠯᠵᠤ ᠴᠢᠳᠠᠬᠤ ᠦᠭᠡᠢ ᠶᠤᠮ᠃ ᠭᠠᠵᠠᠷ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠪᠦᠬᠦ | ᠲᠠᠯ᠎ᠠ ᠪᠠᠷ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠬᠢ ᠪᠠᠨ ᠦᠷᠭᠦᠯᠵᠢᠯᠡᠨ | ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠢᠳᠡᠪᠬᠢᠵᠢᠯ ᠢ ᠪᠦᠬᠦ ᠬᠦᠴᠦᠨ ᠢᠶᠠᠷ ᠳᠠᠶᠢᠴᠢᠯᠠᠬᠤ ᠬᠡᠷᠡᠭᠲᠡᠢ᠃ ᠺᠠᠳ᠋ᠷᠴᠤᠳ ᠤᠨ | ᠠᠵᠢᠯ ᠶᠠᠪᠤᠳᠠᠯ ᠬᠢᠬᠦ ᠬᠠᠯᠠᠭᠤᠨ ᠰᠡᠳᠬᠢᠯᠭᠡ ᠶᠢ ᠨᠢ ᠲᠠᠰᠤᠷᠠᠯᠲᠠ ᠦᠭᠡᠢ ᠬᠥᠭᠵᠢᠭᠡᠵᠦ᠂ ᠭᠤᠣᠯ ᠰᠡᠳᠦᠪᠲᠦ | ᠬᠥᠮᠦᠵᠢᠯ ᠪᠣᠯᠣᠨ ︽ᠬᠤᠶᠠᠷ ᠢ ᠢᠯᠠ ᠪᠣᠯᠭᠠᠬᠤ︾ ᠦᠷ᠎ᠡ ᠪᠦᠲᠦᠭᠡᠯ ᠢᠶᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ | ᠰᠠᠨᠠᠭ᠎ᠠ ᠠᠮᠤᠷ ᠠᠵᠢᠯ ᠬᠢᠬᠦ᠂ ᠬᠦᠯᠢᠶᠡᠰᠦᠯ ᠦᠭᠡᠢ ᠪᠠᠷ ᠠᠵᠢᠯ ᠬᠢᠬᠦ᠂ ᠵᠣᠷᠢᠭᠲᠠᠢ ᠪᠠᠷ ᠠᠵᠢᠯ ᠬᠢᠬᠦ ᠠᠵᠢᠯ ᠤᠨ | ᠣᠷᠴᠢᠨ ᠲᠣᠭᠤᠷᠢᠨ ᠢ ᠶᠡᠬᠡᠪᠡᠷ ᠪᠤᠢ ᠪᠣᠯᠭᠠᠵᠤ᠂ ᠳᠠᠷᠤᠭᠠᠰᠤ ᠬᠥᠩᠭᠡᠯᠡᠵᠦ ᠬᠦᠯᠢᠶᠡᠰᠦ ᠰᠤᠯᠠᠷᠠᠭᠤᠯᠬᠤ ᠠᠵᠢᠯ ᠢᠶᠠᠨ | ᠪᠣᠳᠠᠲᠠᠢ ᠪᠥᠭᠡᠳ ᠨᠠᠷᠢᠯᠢᠭ ᠬᠢᠵᠦ᠂ ᠡᠯ᠎ᠡ ᠱᠠᠲᠤᠨ ᠤ ᠺᠠᠳ᠋ᠷᠴᠤᠳ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠡᠩ | ᠰᠠᠶᠢᠲᠤᠷ ᠠᠳᠬᠤᠵᠤ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ ᠲᠠᠳᠬᠠᠯ ᠢ ᠪᠤᠢ ᠪᠤᠯᠭᠠᠬᠤ ᠬᠡᠷᠡᠭᠲᠡᠢ᠃ | ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠵᠦ᠂ ᠬᠥᠭᠵᠢᠯᠲᠡ ᠶᠢᠨ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠡᠯ᠎ᠡ ᠲᠦᠷᠦᠯ ᠤᠨ ᠬᠢᠨᠠᠯᠲᠠ | ᠲᠠᠯᠪᠢᠯᠲᠠ ᠶᠢᠨ ᠨᠡᠪᠳᠡᠷᠡᠯᠴᠡᠭᠡ ᠬᠠᠮᠵᠢᠯᠴᠠᠭ᠎ᠠ ᠶᠢ ᠶᠡᠬᠡᠪᠡᠷ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠪᠣᠯᠣᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠢᠯᠴᠠᠨ ᠠᠭᠤᠰᠤᠯᠴᠠᠵᠤ ᠬᠠᠷᠢᠯᠴᠠᠨ ᠠᠬᠢᠭᠤᠯᠬᠤ᠂ ᠬᠠᠷᠢᠯᠴᠠᠨ | ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ | ᠳᠤ᠂ ᠬᠤᠳᠠ ᠶᠢᠨ ᠨᠠᠮ ᠤᠨ ᠬᠤᠷᠢᠶᠠᠨ ᠤ ᠲᠣᠳᠣᠷᠬᠠᠶᠢᠯᠠᠭᠰᠠᠨ 12 ᠵᠦᠢᠯ ᠤᠨ ᠭᠤᠣᠯᠳᠠᠯᠭ᠎ᠠ ᠲᠠᠢ ᠠᠵᠢᠯ ᠤᠨ | ᠲᠣᠭᠤᠷᠢᠨ ᠳᠤ ᠠᠯᠬᠤᠮ ᠠᠯᠬᠤᠮ ᠢᠶᠠᠷ ᠤᠷᠤᠭᠰᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ | ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠬᠦᠴᠦᠯᠡᠨ ᠪᠠᠬᠢᠵᠢᠭᠦᠯᠦᠨ ᠴᠢᠩᠭᠠᠳᠬᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ | ᠬᠥᠲᠥᠯᠥᠨ ᠳᠠᠭᠠᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠬᠤᠳᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ | ᠲᠦᠪᠰᠢᠨ ᠢᠶᠠᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ | ᠲᠤᠭ᠎ᠠ ᠶᠢ ᠳᠡᠭᠡᠭᠰᠢᠯᠡᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ | ᠭᠡᠵᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠳᠠᠯ ᠬᠡᠳᠦᠢ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ | ᠪᠣᠯᠬᠤ ᠲᠤᠳᠤᠮ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ | ᠢᠲᠡᠭᠡᠯ ᠵᠣᠷᠢᠭ᠂ ᠲᠣᠭᠲᠠᠯ ᠬᠦᠴᠦᠨ᠂ ᠡᠷᠴᠢ ᠵᠣᠷᠢᠭ ᠢᠶᠠᠨ ᠪᠠᠲᠤᠯᠠᠵᠤ᠂ ᠡᠷᠡᠰ ᠰᠢᠭᠤᠷᠬᠠᠢ ᠪᠠᠷ ᠡᠷᠬᠡ ᠴᠢᠯᠦᠭᠡ ᠪᠠᠨ | ᠣᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠮ ᠬᠦᠴᠦᠨ ᠢᠶᠠᠷ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠬᠤ ᠬᠡᠷᠡᠭᠲᠡᠢ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠶᠢᠳᠠᠪᠤᠷᠢᠵᠢᠭᠤᠯᠤᠯᠲᠠ ᠶᠢ ᠠᠳᠬᠤᠬᠤ ᠤᠬᠠᠮᠰᠠᠷ ᠢᠶᠠᠨ | ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠳᠠᠨ ᠴᠢᠨᠠᠷ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠡᠷᠴᠢ ᠵᠣᠷᠢᠭ ᠢᠶᠠᠨ ᠪᠠᠲᠤᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠲᠡᠷᠢᠭᠦᠨ ᠤ ᠬᠢ ᠶᠢ ᠡᠭᠦᠳᠬᠦ᠂ ᠲᠡᠷᠢᠭᠦᠨ ᠤ ᠬᠢ ᠶᠢ ᠲᠡᠮᠡᠴᠡᠨ ᠣᠯᠬᠤ᠂ | ᠵᠢᠱᠢᠶ᠎ᠡ ᠦᠵᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ | ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠤ ᠨᠠᠩ ᠣᠯᠠᠨ | ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠳᠡᠢ ᠬᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠵᠢᠯ ᠤᠨ ᠡᠴᠦᠰ ᠣᠨ ᠤ ᠡᠬᠢᠨ ᠳᠤ | ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠨᠢᠭᠡᠳᠦᠯᠲᠡᠢ ᠲᠦᠯᠦᠪᠵᠢᠬᠦᠯᠬᠦ ᠪᠠᠨ | ᠴᠢᠩᠭᠠᠳᠬᠠᠵᠤ᠂ ᠳᠤᠯᠠᠭᠠᠯᠠᠭ᠎ᠠ ᠶᠢᠨ ᠪᠠᠲᠤᠯᠠᠭ᠎ᠠ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ | ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ ᠪᠠᠶᠢᠳᠠᠯ᠂ ᠬᠥᠯᠥᠰᠦᠨ ᠠᠵᠢᠯᠴᠢᠨ ᠤ ᠴᠠᠯᠢᠩ ᠢ ᠥᠭᠬᠦ᠂ | ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠠᠮᠢᠰᠬᠤᠯ ᠤᠨ ᠵᠠᠮ ᠤᠨ | ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠵᠡᠷᠭᠡ ᠠᠵᠢᠯ ᠢᠶᠠᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠡᠨᠡ ᠵᠢᠯ ᠤᠨ | ᠡᠯ᠎ᠡ ᠵᠦᠢᠯ ᠤᠨ ᠠᠵᠢᠯ ᠢᠶᠠᠨ ᠣᠨᠣᠪᠴᠢᠲᠠᠢ᠂ ᠪᠣᠳᠠᠲᠠᠢ᠂ ᠨᠠᠷᠢᠯᠢᠭ ᠬᠢᠵᠦ᠂ ᠨᠠᠶᠢᠳᠠᠪᠤᠷᠢᠵᠢᠭᠤᠯᠤᠯᠲᠠ ᠶᠢ ᠦᠨᠡᠨ | ᠰᠡᠳᠬᠢᠯ ᠠᠴᠠ ᠪᠠᠨ ᠰᠠᠶᠢᠲᠤᠷ ᠠᠳᠬᠤᠵᠤ᠂ ᠰᠠᠶᠢᠨ ᠡᠬᠢᠯᠡᠯᠲᠡ ᠶᠢ ᠪᠠᠲᠤᠯᠠᠵᠤ᠂ ᠪᠦᠬᠦ ᠵᠢᠯ ᠤᠨ ᠲᠣᠭᠲᠠᠭᠤᠨ ᠢ | ᠪᠡᠶᠡᠯᠡᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠠ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠬᠤᠳᠠ ᠶᠢᠨ ᠨᠠᠮ ᠤᠨ ᠬᠤᠷᠢᠶᠠᠨ ᠤ ᠣᠷᠣᠯᠠᠭᠴᠢ ᠭᠡᠰᠢᠭᠦᠨ ᠸᠠᠩ ᠵᠢᠤᠸᠠᠨ | ᠨᠥᠬᠦᠷ ᠢ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ ᠢᠶᠠᠷ ᠳᠠᠷᠠᠭᠠᠯᠠᠨ ᠨᠥᠬᠦᠪᠦᠷᠢᠯᠡᠵᠦ᠂ ᠵᠠᠩ ᠶᠦᠩ ᠴᠢᠶᠠᠩ᠂ | ᠯᠢᠦ ᠳ᠋ᠧ ᠼᠦᠢ ᠨᠥᠬᠦᠷ ᠤᠨ ᠬᠤᠳᠠ ᠶᠢᠨ ᠨᠠᠮ ᠤᠨ ᠬᠤᠷᠢᠶᠠᠨ ᠤ ᠣᠷᠣᠯᠠᠭᠴᠢ ᠭᠡᠰᠢᠭᠦᠨ ᠤ ᠲᠤᠰᠢᠶᠠᠯ ᠠᠴᠠ ᠪᠠᠨ | ᠪᠠᠭᠤᠬᠤ ᠶᠢ ᠵᠥᠪᠰᠢᠶᠡᠷᠡᠬᠦ ᠪᠠᠷ ᠲᠣᠭᠲᠠᠪᠠ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠱᠤᠭᠤᠮ ᠢ ᠪᠦᠬᠦ ᠲᠠᠯ᠎ᠠ ᠪᠠᠷ | ᠲᠤᠤᠱᠯᠠᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ | ᠵᠣᠷᠢᠭᠲᠠᠢ ᠪᠠᠷ ᠰᠢᠷᠭᠠᠭᠤ ᠲᠡᠮᠡᠴᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ | ᠴᠢᠨᠠᠷ ᠰᠠᠶᠢᠳᠠᠢ ᠵᠠᠰᠠᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ ᠬᠡᠵᠡᠢ᠃ | | | | |