ᠬᠡᠷ ᠤᠨ ᠠᠬᠠᠮᠠᠳ ᠤᠨ ᠭᠤᠷᠪᠠᠨ ᠶᠡᠭᠡ ᠪᠤᠷᠤᠭᠤ ᠲᠠᠨᠢᠯᠳᠠ
ᠨᠡᠶᠢᠲᠡᠯᠡᠭᠰᠡᠨ ᠴᠠᠭ᠄
2024/1/8
     ᠨᠡᠩ ᠤᠯᠠᠨ ᠬᠡᠷ ᠤᠨ ᠠᠬᠠᠮᠠᠳ ᠤᠯᠠᠮ ᠢᠶᠠᠷ ᠬᠠᠷᠮᠠᠨ ᠤ ᠵᠤᠭᠤᠰ ᠢᠶᠠᠨ ᠬᠠᠷᠠᠮᠨᠠᠯ ᠦᠭᠡᠢ ᠪᠠᠷ ᠬᠡᠦᠭᠡᠳ  ᠢᠶᠠᠨ ᠡᠯ᠎ᠡ ᠵᠦᠢᠯ ᠤᠨ ᠪᠤᠯᠪᠠᠰᠤᠷᠠᠯ ᠤᠨ ᠠᠩᠬᠢ ᠳᠤ ᠬᠦᠷᠭᠡᠵᠦ ᠪᠤᠢ᠃ ᠲᠤᠰᠬᠠᠢ ᠮᠡᠷᠭᠡᠵᠢᠯᠳᠡᠨ ᠤ ᠵᠢᠭᠠᠵᠤ ᠭᠠᠷᠭᠠᠭᠰᠠᠨ ᠢᠶᠠᠷ᠂ ᠤᠯᠠᠩᠬᠢ ᠬᠡᠷ ᠤᠨ ᠠᠬᠠᠮᠠᠳ ᠬᠡᠦᠭᠡᠳ ᠤᠨ ᠰᠤᠷᠤᠯᠴᠠᠬᠤ ᠴᠢᠳᠠᠪᠤᠷᠢ ᠶᠢᠨ ᠲᠤᠬᠠᠢ ᠵᠦᠪ ᠤᠨᠤᠪᠴᠢᠳᠠᠢ ᠤᠢᠢᠯᠠᠭᠠᠬᠤ ᠦᠭᠡᠢ ᠠᠴᠠ ᠪᠤᠯᠵᠤ᠂ ᠶᠡᠷᠦᠳᠡᠭᠡᠨ ᠨᠡᠶᠢᠭᠡᠮ ᠲᠡᠭᠡᠷᠡᠬᠢ ᠨᠢᠭᠡᠳᠦᠯᠳᠡᠢ ︽ᠴᠢᠳᠠᠪᠤᠷᠢᠳᠠᠨ ᠤ ᠪᠠᠷᠢᠮᠵᠢᠶ᠎ᠠ︾ ᠪᠠᠷ ᠬᠡᠦᠭᠡᠳ ᠢᠶᠠᠨ ᠠᠯᠪᠠᠳᠠᠨ ᠰᠤᠷᠭᠠᠵᠤ ᠪᠠᠶᠢᠳᠠᠭ᠂ ᠡᠬᠦᠨ ᠤ ᠳ᠋ᠦᠩ ᠳᠤ ᠬᠡᠦᠭᠡᠳ ᠤᠨ ᠦᠰᠦᠨ ᠪᠤᠶᠢᠵᠢᠯᠳᠠ ᠳᠤ ᠤᠯᠠᠨ ᠠᠰᠢᠭ ᠦᠭᠡᠢ ᠬᠢᠳᠡᠯ ᠢ ᠪᠤᠢ ᠪᠤᠯᠭᠠᠵᠤ ᠪᠤᠢ᠃      ᠪᠤᠷᠤᠭᠤ ᠲᠠᠨᠢᠯᠳᠠ ᠨᠢᠭᠡ᠄ ᠬᠡᠦᠭᠡᠳ ᠮᠡᠯᠡᠷᠡᠵᠦ ᠰᠠᠭᠤᠬᠤ ᠨᠢ ᠠᠰᠠᠭᠤᠳᠠᠯ ᠲᠠᠢ ᠭᠡᠬᠦ      ᠤᠯᠠᠩᠬᠢ ᠬᠡᠷ ᠤᠨ ᠠᠬᠠᠮᠠᠳ ᠬᠡᠦᠭᠡᠳ ᠨᠢ ᠬᠡᠷ ᠲᠡᠭᠡᠨ ᠭᠠᠭᠴᠠᠭᠠᠷ ᠰᠠᠭᠤᠵᠤ ᠶᠠᠭᠤ ᠴᠦ ᠬᠢᠬᠦ ᠦᠭᠡᠢ ᠪᠠᠷ ᠵᠦᠪᠬᠡᠨ ᠴᠤᠩᠬᠤᠨ ᠭᠠᠳᠠᠨᠡᠬᠢ ᠤᠭᠳᠠᠷᠭᠤᠢ ᠶᠢ ᠬᠠᠷᠠᠵᠤ ᠮᠡᠯᠡᠷᠡᠵᠦ ᠪᠠᠶᠢᠬᠤ ᠶᠢ ᠬᠠᠷᠠᠪᠠᠯ ᠶᠡᠷᠦᠳᠡᠭᠡᠨ ᠡᠨᠡ ᠬᠡᠦᠭᠡᠳ ᠶᠠᠮᠠᠷ ᠠᠰᠠᠭᠤᠳᠠᠯ ᠲᠠᠢ ᠪᠤᠯᠪᠠᠤ ᠬᠡᠵᠦ ᠪᠤᠳᠤᠳᠠᠭ᠂ ᠡᠰᠡᠬᠦᠯ᠎ᠡ ᠴᠠᠭ ᠭᠠᠷᠤᠵᠠᠳᠠᠭᠤᠯᠵᠤ ᠪᠠᠶᠢᠨ᠎ᠠ ᠬᠡᠵᠦ ᠦᠵᠡᠳᠡᠭ᠃ ᠦᠨᠡᠨ ᠳᠡᠭᠡᠨ ᠬᠡᠦᠭᠡᠳ ᠮᠡᠯᠡᠷᠡᠵᠦ ᠰᠠᠭᠤᠬᠤ ᠨᠢ ᠪᠠᠰᠠ ᠨᠢᠭᠡ ᠵᠦᠢᠯ ᠤᠨ ᠰᠤᠷᠤᠯᠴᠠᠯᠭ᠎ᠠ ᠮᠦᠨ᠃ ᠬᠡᠳᠦ᠋ᠢᠪᠡᠷ ᠦᠪᠡᠷ ᠲᠡᠭᠡᠨ ᠶᠠᠭᠤ ᠬᠢᠵᠦ ᠪᠠᠶᠢᠬᠤ ᠪᠠᠨ ᠮᠡᠳᠡᠬᠦ ᠦᠭᠡᠢ ᠪᠤᠯᠪᠠᠴᠤ ᠲᠡᠷᠡ ᠨᠢ ᠮᠦᠨ ᠨᠢᠭᠡ ᠵᠦᠢᠯ ᠤᠨ ᠰᠤᠷᠤᠯᠴᠠᠯᠭ᠎ᠠ ᠶᠢᠨ ᠪᠠᠶᠢᠳᠠᠯ ᠳᠤ ᠤᠷᠤᠰᠢᠵᠤ ᠪᠠᠶᠢᠳᠠᠭ᠃ ᠰᠤᠷᠤᠯᠴᠠᠯᠭ᠎ᠠ ᠳᠤ ︽ᠢᠯᠡᠷᠡᠬᠦᠢ ᠰᠤᠷᠤᠯᠴᠠᠯᠭ᠎ᠠ︾ ᠬᠢᠭᠡᠳ ︽ᠨᠢᠭᠤᠬᠳᠠᠬᠤᠢ ᠰᠤᠷᠤᠯᠴᠠᠯᠭ᠎ᠠ︾ ᠬᠡᠵᠦ ᠪᠤᠢ᠂ ᠡᠮᠦᠨᠡᠬᠢ ᠨᠢ ᠠᠩᠭ᠍ᠯᠢ ᠬᠡᠯᠡᠨ ᠤ ᠰᠤᠷᠤᠯᠴᠠᠯᠭ᠎ᠠ᠂ ᠮᠡᠷᠭᠡᠵᠢᠯ ᠤᠨ ᠰᠤᠷᠤᠯᠴᠠᠯᠭ᠎ᠠ ᠵᠡᠷᠭᠡ ᠪᠤᠯ᠂ ᠬᠤᠶᠢᠨᠠᠬᠢ ᠨᠢ ᠬᠠᠷᠢᠨ ᠰᠠᠨᠠᠮᠰᠠᠷ ᠦᠭᠡᠢ ᠰᠤᠷᠤᠯᠴᠠᠯᠭ᠎ᠠ ᠪᠤᠯᠤᠨ᠎ᠠ᠃ ᠪᠢᠳᠡᠡ ᠤ ᠦᠵᠡᠬᠦ  ᠪᠠᠷ ᠪᠢᠳᠡ ᠶᠠᠭᠤ ᠴᠦ ᠪᠤᠳᠤᠵᠤ ᠦᠭᠡᠢ ᠰᠢᠭ ᠪᠤᠯᠪᠠᠴᠤ ᠬᠦᠮᠦᠨ ᠤ ᠲᠠᠷᠢᠬᠢ ᠮᠦᠨ ᠬᠦ ᠵᠠᠷᠢᠮ ᠮᠡᠳᠡᠭᠡ ᠵᠠᠩᠬᠢ ᠶᠢ ᠬᠠᠳᠠᠭᠠᠯᠠᠬᠤ᠂ ᠡᠮᠬᠢᠳᠭᠡᠬᠦ ᠪᠠ ᠪᠤᠯᠪᠠᠰᠤᠷᠠᠭᠤᠯᠬᠤ ᠪᠠᠶᠢᠳᠠᠯ ᠳᠤ ᠤᠷᠤᠰᠢᠵᠤ ᠪᠠᠶᠢᠳᠠᠭ᠂ ᠲᠡᠷᠡ ᠨᠢ ᠵᠦᠪᠬᠡᠨ ᠵᠤᠷᠢᠯᠭ᠎ᠠ  ᠲᠠᠢ ᠴᠢᠷᠮᠠᠶᠢᠨ ᠬᠢᠵᠦ ᠪᠠᠶᠢᠭ᠎ᠠ ᠪᠢᠰᠢ ᠲᠡᠳᠦᠢ᠃      ᠪᠤᠷᠤᠭᠤ ᠲᠠᠨᠢᠯᠳᠠ ᠬᠤᠶᠠᠷ᠄ ᠤᠢ ᠪᠢᠯᠢᠭ ᠤᠨ ᠰᠢᠯᠭᠠᠨ ᠬᠡᠮᠵᠢᠯᠳᠡ ᠶᠢ ᠰᠤᠬᠤᠷ ᠪᠠᠯᠠᠢ ᠪᠠᠷ ᠢᠳᠡᠭᠡᠬᠦ      ᠶᠤᠸᠠᠨ ᠶᠤᠸᠠᠨ 3 ᠨᠠᠰᠤᠯᠠᠪᠠ᠂ ᠦᠭᠡ ᠬᠡᠯᠡᠬᠦ᠂ ᠬᠦᠳᠡᠯᠭᠡᠭᠡᠨ ᠬᠢᠬᠦ᠂ ᠬᠡᠦᠭᠡᠳ ᠤᠨ ᠲᠠᠭᠤᠤ ᠰᠢᠯᠦᠭ ᠴᠡᠭᠡᠵᠢᠯᠡᠬᠦ᠂ ᠲᠤᠭ᠎ᠠ ᠲᠤᠭᠠᠯᠠᠬᠤ ᠵᠡᠷᠭᠡ ᠲᠠᠯ᠎ᠠ ᠪᠠᠷ ᠠᠳᠠᠯᠢ ᠨᠠᠰᠤᠨ ᠤ ᠬᠡᠦᠭᠡᠳ ᠲᠤ ᠬᠦᠷᠬᠦ ᠦᠭᠡᠢ ᠰᠢᠭ᠃ ᠡᠵᠢ  ᠨᠢ ᠶᠤᠸᠠᠨ ᠶᠤᠸᠠᠨ ᠢ ᠲᠠᠭᠠᠭᠤᠯᠵᠤ ᠤᠢ ᠪᠢᠯᠢᠭ ᠤᠨ ᠰᠢᠯᠭᠠᠨ ᠬᠡᠮᠵᠢᠯᠳᠡ ᠬᠢᠯᠭᠡᠪᠡ᠃ ᠠᠷᠠᠢ ᠴᠢᠮᠠᠢ ᠤᠯᠤᠭᠰᠠᠨ ᠰᠢᠯᠭᠠᠨ ᠬᠡᠮᠵᠢᠯᠳᠡ ᠶᠢᠨ ᠦᠷ᠎ᠡ ᠳ᠋ᠦᠩ ᠢ ᠬᠠᠷᠠᠭᠠᠳ ᠶᠤᠸᠠᠨ ᠶᠤᠸᠠᠨ ᠤ ᠡᠵᠢ ᠨᠢ ᠲᠤᠩ ᠵᠤᠪᠠᠨᠢᠪᠠ᠃ ᠲᠤᠰᠬᠠᠢ ᠮᠡᠷᠭᠡᠵᠢᠯᠳᠡᠨ ᠤ ᠵᠢᠭᠠᠵᠤ ᠭᠠᠷᠭᠠᠭᠰᠠᠨ ᠢᠶᠠᠷ᠂ ᠤᠢ ᠪᠢᠯᠢᠭ ᠤᠨ ᠰᠢᠯᠭᠠᠨ ᠪᠠᠶᠢᠴᠠᠭᠠᠯᠲᠠ ᠨᠢ ᠵᠦᠪᠬᠡᠨ ᠬᠡᠦᠭᠡᠳ ᠤᠨ ᠵᠠᠷᠢᠮ ᠲᠠᠯ᠎ᠠ ᠶᠢᠨ ᠴᠢᠳᠠᠪᠤᠷᠢ ᠶᠢ ᠬᠡᠮᠵᠢᠵᠦ ᠭᠠᠷᠬᠤ ᠲᠡᠳᠦᠢ᠃ ᠬᠡᠷᠪᠡ ᠡᠨᠡᠬᠦ ᠬᠤᠪᠢ ᠶᠢ ᠦᠨᠳᠦᠰᠦᠯᠡᠵᠦ ᠭᠡᠦᠭᠡᠳ ᠢ ᠪᠢᠳᠠᠭᠤ ᠤᠳᠠᠭᠠᠨ ᠢᠶᠠᠷ ᠦᠵᠡᠬᠦ ᠨᠢ ᠬᠡᠦᠭᠡᠳ ᠤᠨ ᠪᠤᠰᠤᠳ ᠲᠠᠯ᠎ᠠ ᠶᠢᠨ ᠴᠢᠳᠠᠪᠤᠷᠢ ᠶᠢᠨ ᠬᠦᠭᠵᠢᠯᠳᠡ ᠶᠢ ᠨᠦᠯᠦᠭᠡᠯᠡᠵᠦ᠂ ᠬᠡᠦᠭᠡᠳ ᠤᠨ ᠦᠰᠦᠨ ᠪᠤᠶᠢᠵᠢᠯᠳᠠ ᠶᠢ ᠬᠠᠷᠰᠢᠯᠠᠬᠤ ᠪᠤᠯᠤᠨ᠎ᠠ ᠬᠡᠵᠡᠢ᠃ ᠤᠳᠤᠬᠠᠨ ᠤ ᠮᠠᠰᠢ ᠤᠯᠠᠨ ᠤᠢ ᠪᠢᠯᠢᠭ ᠤᠨ ᠰᠢᠯᠭᠠᠨ ᠬᠡᠮᠵᠢᠯᠳᠡ ᠨᠢ ᠰᠡᠳᠬᠢᠴᠡ ᠶᠢᠨ ᠤᠬᠠᠭᠠᠨ ᠤ ᠪᠤᠳᠠᠳᠠᠢ ᠬᠦᠭᠵᠢᠯᠳᠡ ᠠᠴᠠ ᠬᠤᠴᠤᠷᠴᠤ ᠵᠦᠪᠬᠡᠨ ᠬᠡᠦᠭᠡᠳ ᠤᠨ ᠬᠡᠰᠡᠭ ᠴᠢᠳᠠᠪᠤᠷᠢ ᠶᠢ ᠬᠡᠮᠵᠢᠵᠦ ᠲᠡᠶᠢᠯᠬᠦ ᠪᠤᠯᠬᠤᠷ ᠲᠡᠷᠡ ᠨᠢ ᠦᠨᠡᠨ ᠳᠡᠭᠡᠨ ᠬᠡᠦᠭᠡᠳ ᠤᠨ ᠪᠤᠰᠤᠳ ᠲᠠᠯ᠎ᠠ ᠶᠢᠨ ᠴᠢᠳᠠᠪᠤᠷᠢ ᠶᠢᠨ ᠬᠦᠭᠵᠢᠯᠳᠡ ᠶᠢ ᠬᠠᠷᠰᠢᠯᠠᠵᠤ ᠮᠡᠳᠡᠨ᠎ᠡ᠃      ᠪᠤᠷᠤᠭᠤ ᠲᠠᠨᠢᠯᠳᠠ ᠭᠤᠷᠪᠠ᠄ ︽ᠤᠳᠠᠭᠠᠨ ᠬᠡᠦᠭᠡᠳ︾ ᠪᠤᠯ ︽ᠪᠢᠳᠠᠭᠤ ᠬᠡᠦᠭᠡᠳ︾ ᠭᠡᠬᠦ            ︽ᠤᠳᠠᠭᠠᠨ ᠬᠡᠦᠭᠡᠳ︾ ᠶᠠᠭᠤᠮ᠎ᠠ ᠰᠤᠷᠬᠤ ᠳᠤ ᠪᠤᠰᠤᠳ ᠬᠡᠦᠭᠡᠳ ᠠᠴᠠ ᠤᠳᠠᠭᠠᠨ᠂ ᠰᠢᠨ᠎ᠡ ᠤᠷᠴᠢᠨ ᠳᠤ ᠵᠤᠬᠢᠴᠠᠬᠤ ᠳᠤ ᠬᠡᠷᠡᠭᠰᠡᠬᠦ ᠴᠠᠭ ᠨᠢ ᠤᠷᠳᠤ᠃ ᠡᠳᠡᠭᠡᠷ ᠨᠢ ᠪᠦᠷ ᠬᠡᠷ ᠤᠨ ᠠᠬᠠᠮᠠᠳ ᠪᠤᠶᠤ ᠪᠠᠭᠰᠢ ᠳᠤ ︽ᠪᠢᠳᠠᠭᠤ︾ ᠬᠡᠬᠦ ᠲᠦᠷᠦᠭᠳᠡᠯ ᠦᠭᠳᠡᠭ᠃ ᠲᠤᠰᠬᠠᠢ ᠮᠡᠷᠭᠡᠵᠢᠯᠳᠡᠨ ᠤ ᠵᠢᠭᠠᠵᠤ ᠭᠠᠷᠭᠠᠭᠰᠠᠨ ᠢᠶᠠᠷ᠂ ᠡᠳᠡᠭᠡᠷ ᠪᠤᠯ ᠬᠡᠦᠭᠡᠳ ᠤᠨ ᠵᠤᠬᠢᠴᠠᠬᠤ ᠴᠢᠳᠠᠪᠤᠷᠢ ᠲᠤᠤᠷ᠎ᠠ ᠪᠠᠶᠢᠬᠤ ᠶᠢᠨ ᠢᠯᠡᠷᠡᠯ ᠮᠦᠨ᠂ ᠬᠡᠪᠡᠴᠦ ᠲᠡᠷᠡ ᠨᠢ ᠬᠡᠦᠭᠡᠳ ᠤᠨ ᠴᠢᠳᠠᠪᠤᠷᠢ ᠪᠤᠯᠬᠤ ᠦᠭᠡᠢ ᠬᠡᠰᠡᠨ ᠪᠢᠰᠢ᠂ ᠲᠡᠷᠡ ᠨᠢ ᠵᠦᠪᠬᠡᠨ ᠬᠡᠦᠭᠡᠳ ᠤᠨ ᠨᠢᠭᠡ ᠵᠦᠢᠯ ᠤᠨ ᠠᠵᠢᠯᠯᠠᠭᠠᠨ ᠤ ᠬᠡᠯᠪᠡᠷᠢ ᠲᠡᠳᠦᠢ᠃ ︽ᠤᠳᠠᠭᠠᠨ ᠬᠡᠦᠭᠡᠳ︾ ᠨᠢᠭᠡ ᠪᠠᠳᠠᠭ ᠰᠢᠯᠦᠭ ᠰᠤᠷᠬᠤ ᠳᠤ ᠤᠳᠠᠭᠠᠨ ᠰᠢᠭ᠋ ᠪᠤᠯᠪᠠᠴᠤ ᠶᠡᠷᠦᠳᠡᠭᠡᠨ ᠪᠠᠬᠢ᠂ ᠤᠳᠠᠭᠠᠨ ᠴᠡᠭᠡᠵᠢᠯᠡᠳᠡᠭ᠃ ᠡᠨᠡ ᠪᠤᠯ ᠲᠡᠳᠡᠨ ᠤ ᠶᠠᠭᠤᠮ᠎ᠠ ᠰᠤᠷᠬᠤ ᠨᠢᠭᠡ ᠵᠦᠢᠯ ᠤᠨ ᠲᠠᠳᠬᠠᠯ ᠤᠨ ᠬᠡᠯᠪᠡᠷᠢ ᠪᠤᠯᠤᠨ᠎ᠠ ᠬᠡᠵᠡᠢ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号