1 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠰᠠᠨᠠᠯ | ᠬᠤᠷᠢᠶᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠶᠢᠭᠡᠮ ᠤᠨ ᠡᠯ᠎ᠡ ᠡᠲᠡᠭᠡᠳ ᠤᠨ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠱᠣ᠋ ᠫᠢᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾ ᠢ ᠲᠤᠭᠤᠷᠪᠢᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ | ᠬᠢᠪᠡ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠢᠯᠡᠳᠬᠡᠯ ᠤᠨ ᠠᠭᠤᠯᠭ᠎ᠠ ᠶᠢ ᠭᠦᠢᠴᠡᠳ ᠨᠤᠲᠠᠯᠠᠵᠤ᠂ ᠨᠢᠭᠡ | ᠵᠢᠯ ᠤᠨ ᠲᠤᠷᠰᠢᠬᠢ ᠵᠠᠰᠠᠭ ᠤᠨ ᠣᠷᠳᠣᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ᠂ ᠬᠤᠲᠠ ᠶᠢᠨ ᠴᠢᠳᠠᠮᠵᠢ ᠪᠠᠨ ᠲᠡᠭᠦᠯᠳᠡᠷᠵᠢᠭᠦᠯᠬᠦ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠲᠠᠷᠢᠶᠠᠯᠠᠩ ᠰᠣᠶᠣᠯ ᠵᠢᠭᠤᠯᠴᠢᠯᠠᠯ ᠢ ᠭᠦᠨᠵᠡᠭᠡᠢ | ᠠᠭᠤᠰᠤᠯᠴᠠᠨ ᠠᠭᠤᠰᠤᠯᠴᠠᠭᠤᠯᠤᠨ ᠬᠦᠭᠵᠢᠬᠦᠯᠬᠦ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠰᠠᠨᠠᠯ ᠪᠠ | ᠰᠠᠨᠠᠭᠤᠯᠭ᠎ᠠ ᠶᠢ ᠳᠤᠷᠠᠳᠤᠨ ᠭᠠᠷᠭᠠᠪᠠ᠃ | ᠵᠢᠶᠠ ᠴᠢᠩ ᠳ᠋ᠦᠩ ᠨᠠᠷᠢᠨ ᠬᠢᠨᠠᠮᠠᠭᠠᠢ ᠰᠣᠨᠣᠰᠬᠤ ᠶᠢᠨ ᠲᠠᠭᠠᠤ ᠲᠡᠮᠳᠡᠭᠯᠡᠯ ᠬᠢᠵᠦ᠂ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ ᠬᠡᠯᠡᠭᠰᠡᠨ ᠨᠢ᠂ ᠣᠯᠠᠨ ᠤ ᠳᠤᠷᠠᠳᠤᠭᠰᠠᠨ | ᠰᠠᠨᠠᠯ ᠰᠠᠨᠠᠭᠤᠯᠭ᠎ᠠ ᠶᠢᠨ ᠵᠣᠭᠰᠣᠯᠲᠠ ᠨᠢ ᠥᠨᠳᠥᠷ᠂ ᠪᠣᠳᠣᠯᠬᠢᠯᠠᠯ ᠨᠢ ᠭᠦᠨᠵᠡᠭᠡᠢ᠂ ᠨᠠᠶᠢᠳᠠᠪᠤᠷᠢᠵᠢᠭᠤᠯᠤᠯᠲᠠ ᠨᠢ | ᠪᠣᠳᠠᠲᠠᠢ ᠪᠠᠶᠢᠵᠤ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠴᠢᠩᠭ᠎ᠠ ᠬᠦᠰᠡᠯ | ᠡᠷᠡᠮᠡᠯᠵᠡᠯ ᠠᠭᠤᠯᠤᠭᠳᠠᠵᠤ ᠪᠠᠶᠢᠨ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠠᠷᠢᠨ ᠬᠢᠨᠠᠮᠠᠭᠠᠢ | ᠰᠤᠳᠤᠯᠤᠨ ᠡᠮᠬᠢᠯᠡᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠢᠳᠡᠪᠬᠢᠲᠡᠢ ᠪᠠᠷ ᠣᠷᠣᠭᠤᠯᠤᠨ᠎ᠠ ᠭᠡᠵᠡᠢ᠃ | |