ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠠᠩᠬᠠᠳᠤᠭᠠᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/9
     1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠠᠩᠬᠠᠳᠤᠭᠠᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠯᠳᠠ ᠬᠠᠤᠯᠢ ᠴᠠᠭᠠᠵᠠ ᠶᠢᠨ ᠡᠪᠯᠡᠯ ᠤᠨ ᠤᠤᠯ ᠤᠨ ᠳᠡᠳ᠋ ᠡᠷᠬᠢᠯᠡᠭᠴᠢ ᠭᠡᠰᠢᠭᠦᠨ ᠬᠠᠨ ᠰᠢᠶᠤᠤ ᠡᠣ ᠲᠤᠰᠬᠠᠢ ᠰᠡᠳᠤᠪᠲᠤ ᠵᠢᠯᠤᠭᠤᠲᠤᠯᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ᠂ ᠬᠤᠲᠠ  ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠸ ᠬᠤᠷᠠᠯ ᠡᠷᠭᠢᠯᠡᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠠᠨ ᠰᠢᠶᠣᠣ ᠦ᠋ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠢ ᠬᠠᠮᠲᠤᠪᠠᠷ ᠰᠠᠶᠢᠲᠤᠷ ᠬᠢᠶ᠎ᠠ︾ ᠭᠡᠬᠦ ᠰᠡᠳᠦᠪ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠤᠨᠤᠯ ᠤᠨ ᠰᠠᠭᠤᠷᠢ ᠪᠠ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠲᠣᠭᠲᠠᠭᠠᠭᠰᠠᠨ ᠬᠢᠨᠠᠯᠲᠠ ᠲᠠᠯᠪᠢᠬᠤ ᠬᠡᠯᠪᠡᠷᠢ ᠪᠠ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠳᠤ ᠵᠢᠷᠤᠮᠯᠠᠬᠤ ᠴᠢᠬᠤᠯᠠᠲᠠᠢ ᠦᠨᠳᠦᠰᠦᠨ ᠵᠠᠷᠴᠢᠮ ᠢ ᠰᠢᠰᠲ᠋ᠧᠮ ᠲᠠᠢ ᠲᠠᠶᠢᠯᠪᠤᠷᠢᠯᠠᠬᠤ ᠶᠢᠨ ᠬᠠᠮᠲᠤ ᠲᠤᠰ ᠪᠡᠶ᠎ᠡ ᠶᠢᠨ ᠲᠥᠷᠥᠭᠳᠡᠯ ᠪᠠ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠢ ᠬᠡᠷᠬᠢᠨ ᠴᠢᠩᠭᠠᠳᠬᠠᠨ ᠰᠠᠶᠢᠵᠢᠷᠠᠭᠤᠯᠬᠤ ᠲᠤᠬᠠᠢ ᠣᠶᠢᠯᠠᠭᠠᠯᠲᠠ ᠪᠠ ᠪᠣᠳᠣᠯᠬᠢᠯᠠᠯ ᠢᠶᠠᠨ ᠬᠤᠪᠢᠶᠠᠯᠴᠠᠪᠠ᠃ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠯ ᠬᠢᠵᠦ᠂ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠮᠠᠰᠢ ᠭᠦᠨ ᠵᠤᠵᠠᠭᠠᠨ ᠪᠤᠯᠭᠠᠪᠠ᠃ ᠪᠦᠬᠦ᠋ᠢᠯᠡ ᠲᠠᠯᠠᠪᠠᠢ ᠶᠢᠨ ᠤᠬᠠᠭᠤᠯᠤᠨ ᠲᠠᠶᠢᠯᠪᠤᠷᠢᠯᠠᠭᠰᠠᠨ ᠨᠢ ᠰᠢᠰᠲ᠋ᠧᠮ ᠲᠠᠢ ᠪᠦᠭᠡᠳ ᠪᠦᠬᠦ ᠲᠠᠯ᠎ᠠ ᠶᠢᠨ ᠪᠠᠶᠢᠵᠤ᠂ ᠠᠭᠤᠯᠤᠭᠳᠠᠬᠤᠨ ᠨᠢ ᠪᠠᠶᠠᠯᠢᠭ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠤᠨᠤᠯ ᠤᠨ ᠲᠠᠯ᠎ᠠ ᠪᠠᠷ ᠭᠦᠨᠵᠡᠭᠡᠢ ᠣᠶᠢᠯᠠᠭᠠᠯᠲᠠ ᠲᠠᠢ ᠪᠥᠭᠡᠳ ᠦᠢᠯᠡᠳᠦᠯᠭᠡ ᠶᠢᠨ ᠳᠤᠮᠳᠠ ᠳᠠᠪᠰᠢᠯᠲᠠ ᠲᠠᠢ ᠪᠠᠶᠢᠵᠤ᠂ ᠬᠤᠷᠠᠯ ᠳᠤ ᠣᠷᠣᠯᠴᠠᠭᠰᠠᠳ ᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠣᠨᠣᠪᠴᠢᠲᠠᠢ ᠡᠵᠡᠮᠰᠢᠬᠦ ᠳᠤ ᠴᠢᠬᠤᠯᠠ ᠶᠡᠭᠡ ᠠᠴᠢ ᠬᠤᠯᠪᠣᠭᠳᠠᠯ ᠪᠠ ᠦᠢᠯᠡᠳᠦᠯᠭᠡ ᠶᠢᠨ ᠱᠠᠭᠠᠷᠳᠠᠯᠭ᠎ᠠ ᠲᠠᠢ ᠪᠠᠶᠢᠵᠤ᠂ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠯᠡᠵᠦ᠂ ᠬᠠᠤᠯᠢ ᠶᠣᠰᠣᠭᠠᠷ ᠲᠦᠷᠤ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ  ᠢᠶᠠᠨ ᠡᠷᠭᠦᠬᠦ ᠬᠡᠷᠡᠭᠲᠡᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠳᠥᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠥᠪ ᠣᠨᠣᠪᠴᠢᠲᠠᠶ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠴᠢᠷᠮᠠᠶᠢᠨ ᠪᠡᠶᠡᠯᠡᠭᠦᠯᠵᠦ᠂ ︽ᠨᠢᠭᠡ ᠵᠠᠰᠠᠭ ᠤᠨ ᠣᠷᠳᠣᠨ ᠨᠢᠭᠡ ᠵᠦᠪᠯᠡᠯ ᠬᠤᠶᠠᠷ ᠬᠤᠷᠢᠶ᠎ᠠ︾ ᠲᠠᠢ ᠬᠦᠴᠦ ᠪᠠᠨ ᠬᠠᠮᠲᠤᠳᠬᠠᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠲᠦᠮᠵᠢᠲᠡᠶ ᠲᠤᠤᠱᠯᠠᠭᠤᠯᠬᠤ ᠶᠢ ᠲᠦᠯᠬᠢᠨ ᠠᠬᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠳᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号