ᠪᠦᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/11
     10 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠪᠦᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠵᠡᠷᠭᠡ ᠬᠤᠯᠪᠣᠭᠳᠠᠯ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠶᠠᠷᠢᠯᠴᠠᠬᠤ ᠬᠤᠷᠠᠯ ᠢ ᠡᠷᠭᠢᠯᠡᠪᠡ᠃      ᠶᠠᠷᠢᠯᠴᠠᠬᠤ ᠬᠤᠷᠠᠯ ᠳᠡᠭᠡᠷ᠎ᠡ᠂ 6 ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠲᠠᠩ ᠢ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠷᠺᠰ ᠤᠨ ᠦᠵᠡᠯ ᠤᠨ ᠦᠨᠡᠨ ᠶᠣᠰᠣᠨ ᠤ ᠭᠡᠷᠡᠯ ᠭᠢᠯᠪᠠᠭ᠎ᠠ ᠶᠢ ᠰᠠᠴᠤᠷᠠᠭᠤᠯᠵᠤ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠬᠦ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠢᠳᠡ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠦᠬᠠᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠮᠠᠨ ᠤ ᠬᠤᠳᠠ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠲᠡᠷᠡ ᠬᠡᠪ ᠢᠶᠠᠷ ᠨᠢ ᠠᠬᠢᠭᠤᠯᠬᠤ ᠬᠡᠷᠡᠭᠲᠡᠢ ᠬᠡᠵᠡᠢ᠃      ᠲᠠᠩ ᠢ ᠪᠦᠬᠦ ᠬᠤᠳᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠦᠩᠭᠡᠷᠡᠭᠰᠡᠨ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 40 ᠭᠠᠷᠤᠢ ᠵᠢᠯ ᠤᠨ ᠲᠤᠷᠰᠢᠬᠢ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠲᠡᠷᠡ ᠬᠡᠯᠡᠭᠰᠡᠨ ᠨᠢ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠭᠡᠷᠡᠯ ᠰᠠᠴᠤᠷᠠᠩᠭᠤᠢ ᠲᠡᠮᠡᠴᠡᠯ ᠤᠨ ᠲᠡᠦᠬᠡᠨ ᠶᠠᠪᠤᠴᠠ ᠠᠴᠠ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠢᠶᠠᠨ ᠬᠥᠭᠵᠢᠭᠡᠵᠦ᠂ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠤᠶᠤᠨ ᠤᠬᠠᠭᠠᠨ ᠤ ᠠᠷᠭ᠎ᠠ ᠶᠢ ᠰᠢᠩᠭᠡᠭᠡᠨ ᠠᠪᠴᠤ᠂ ᠬᠠᠤᠯᠢᠵᠢᠯ ᠤᠨ ᠬᠦᠴᠦᠨ ᠢ ᠦᠨᠡᠨ ᠬᠦ ᠬᠡᠷᠡᠭᠯᠡᠵᠦ᠂ ᠲᠦᠷᠢᠮ ᠤᠨ ᠦᠢᠯᠡᠳᠦᠯ ᠢ ᠢᠯᠡᠷᠡᠭᠦᠯᠵᠦ᠂ ᠠᠷᠠᠳᠴᠢᠯᠠᠯ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡᠯᠡᠯ ᠢᠶᠠᠨ ᠨᠡᠩ ᠰᠠᠶᠢᠲᠤᠷ ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠨᠡᠩ ᠰᠠᠶᠢᠲᠤᠷ ᠡᠷᠭᠦᠬᠦ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠦᠵᠡᠯ ᠰᠠᠨᠠᠭᠠᠨ ᠤ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠠᠲᠤ ᠡᠵᠡᠮᠳᠡᠵᠦ᠂ ᠢᠮᠠᠭᠲᠠ ᠵᠢᠷᠤᠮᠯᠠᠵᠤ᠂ ᠪᠠᠶᠢᠭᠤᠯᠤᠯ ᠤᠨ ᠢᠲᠡᠭᠡᠯ ᠢᠶᠠᠨ ᠤᠬᠠᠮᠰᠠᠷ ᠠᠴᠠ ᠪᠠᠨ ᠨᠡᠩ ᠰᠠᠶᠢᠲᠤᠷ ᠪᠠᠲᠤᠳᠬᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠮᠠᠭᠲᠠ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠭᠡᠬᠦ ᠡᠨᠡ ᠬᠦ ᠭᠤᠣᠯ ᠰᠡᠳᠦᠪ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠲᠠᠢ ᠨᠢᠭᠲᠠ ᠤᠶᠠᠯᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠭᠠᠷᠳᠠᠬᠤ ᠴᠢᠭ ᠪᠠ ᠬᠦᠴᠦᠯᠡᠬᠦ‍ ᠴᠢᠭ ᠢᠶᠠᠨ ᠤᠯᠠᠮ ᠨᠢᠭᠡ ᠠᠯᠬᠤᠮ ᠣᠨᠣᠪᠴᠢᠲᠠᠢ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠦᠢᠯᠡᠳᠦᠯᠭᠡ ᠶᠢ ᠠᠬᠢᠭᠤᠯᠬᠤ ᠳᠤ ᠨᠡᠩ ᠤᠯᠠᠨ ᠬᠥᠮᠦᠰ ᠤᠨ ᠰᠡᠳᠬᠢᠯ ᠤᠨ ᠬᠦᠴᠦᠨ ᠢ ᠨᠢᠭᠲᠠᠷᠠᠭᠤᠯᠵᠤ᠂ ᠨᠡᠩ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠲᠠᠯ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠠᠵᠢᠯ ᠤᠨ ᠭᠤᠣᠯ ᠱᠤᠭᠤᠮ ᠪᠤᠯᠭᠠᠬᠤ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠳᠤ ᠪᠦᠬᠦ ᠲᠠᠯ᠎ᠠ ᠪᠠᠷ ᠭᠦᠨᠵᠡᠭᠡᠢ ᠲᠣᠣᠱᠯᠠᠭᠤᠯᠵᠤ᠂ ᠠᠯᠢᠪᠠ ᠠᠵᠢᠯ ᠤᠨ ᠭᠤᠤᠯᠳᠠᠯᠭ᠎ᠠ ᠪᠠᠨ ᠭᠤᠣᠯ ᠰᠢᠵᠢᠮ ᠳᠤ ᠲᠥᠪᠯᠡᠷᠡᠭᠦᠯᠬᠦ᠂ ᠭᠤᠤᠯ ᠰᠢᠵᠢᠮ ᠳᠤ ᠦᠢᠯᠡᠴᠢᠯᠡᠬᠦ ᠶᠢ ᠪᠠᠲᠤᠯᠠᠬᠤ ᠬᠡᠷᠡᠭᠲᠡᠢ︔ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠬᠦᠯᠬᠦ ᠲᠠᠯ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠵᠢᠯ ᠢᠶᠠᠨ ᠤᠬᠠᠮᠰᠠᠷ ᠠᠴᠠ ᠪᠠᠨ ᠡᠨᠡ ᠬᠦ ᠶᠡᠭᠡ ᠲᠠᠯ᠎ᠠ ᠳᠤ ᠲᠠᠯᠪᠢᠵᠤ ᠪᠣᠳᠣᠯᠬᠢᠯᠠᠨ ᠲᠥᠯᠥᠪᠵᠢᠭᠦᠯᠵᠦ᠂ ᠬᠢᠨᠠᠯᠲᠠ ᠲᠠᠯᠪᠢᠬᠤ ᠶᠢ ᠨᠡᠩ ᠣᠨᠣᠪᠴᠢᠲᠠᠢ ᠪᠦᠲᠦᠮᠵᠢᠲᠡᠢ ᠥᠷᠨᠢᠭᠦᠯᠵᠦ᠂ ᠰᠠᠨᠠᠭᠤᠯᠭ᠎ᠠ ᠳᠤᠷᠠᠳᠴᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠮᠠᠨ ᠤ ᠬᠤᠳᠠ ᠳᠤ ᠨᠠᠶᠢᠳᠠᠪᠤᠷᠢᠵᠢᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ︔ ᠭᠠᠵᠠᠷ ᠣᠷᠣᠨ ᠤ ᠬᠥᠭᠵᠢᠯᠲᠡ ᠶᠢᠨ ᠰᠡᠳᠬᠢᠴᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯ  ᠢᠶᠠᠨ ᠰᠠᠶᠢᠲᠤᠷ ᠪᠠᠳᠠᠷᠠᠭᠤᠯᠵᠤ᠂ ︽ᠨᠢᠭᠡ ᠭᠤᠣᠯ ᠱᠤᠭᠤᠮ ᠢ ᠲᠤᠤᠱᠯᠠᠭᠤᠯᠬᠤ᠂ ᠨᠢᠭᠡ ᠵᠢᠷᠣᠮᠯᠡᠯ ᠢ ᠪᠠᠷᠢᠮᠳᠠᠯᠠᠬᠤ᠂ ᠨᠢᠭᠡ ᠰᠢᠨ᠎ᠡ ᠵᠠᠮ ᠢᠶᠠᠷ ᠰᠠᠶᠢᠲᠤᠷ ᠵᠠᠮᠨᠠᠬᠤ᠂ ᠬᠤᠶᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠨ ᠤ ᠠᠵᠢᠯ ᠤᠨ ᠭᠤᠣᠯᠳᠠᠯᠭ᠎ᠠ ᠪᠠ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢᠳ ᠤᠨ ᠠᠵᠢᠯ ᠤᠨ ᠲᠥᠯᠥᠪᠯᠡᠭᠡ ᠳᠤ ᠣᠷᠣᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ᠂ ᠬᠢᠨᠠᠨ ᠵᠥᠪᠯᠡᠵᠦ ᠦᠨᠡᠯᠡᠬᠦ᠂ ᠦᠷ᠎ᠡ ᠪᠦᠲᠦᠮᠵᠢ ᠶᠢ ᠨᠢ ᠮᠥᠷᠳᠡᠨ ᠠᠰᠠᠭᠤᠬᠤ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠵᠡᠷᠭᠡ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠭᠠᠵᠠᠷ ᠣᠷᠣᠨ ᠤ ᠬᠥᠭᠵᠢᠯᠲᠡ ᠶᠢᠨ ᠰᠡᠳᠬᠢᠴᠡ ᠶᠢ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠬᠠᠤᠯᠢ ᠲᠣᠭᠲᠠᠭᠠᠬᠤ ᠶᠢᠨ ᠬᠠᠨᠳᠤᠯᠭᠠᠲᠤ ᠴᠢᠨᠠᠷ᠂ ᠬᠢᠨᠠᠯᠲᠠ ᠲᠠᠯᠪᠢᠬᠤ ᠡᠷᠬᠡ ᠰᠦᠷᠲᠦ ᠴᠢᠨᠠᠷ᠂ ᠪᠠᠶᠢᠴᠠᠭᠠᠨ ᠰᠤᠳᠤᠯᠤᠯᠲᠠ ᠶᠢᠨ ᠪᠣᠳᠠᠲᠤ ᠦᠷ᠎ᠡ ᠪᠦᠲᠦᠮᠵᠢᠲᠦ ᠴᠢᠨᠠᠷ ᠢᠶᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠦᠨ ᠬᠥᠭᠵᠢᠭᠦᠯᠵᠦ᠂ ᠠᠷᠠᠳ ᠤᠨ ᠰᠠᠨᠠᠭ᠎ᠠ ᠶᠢ ᠢᠯᠡᠳᠬᠡᠬᠦ ᠠᠷᠭ᠎ᠠ ᠵᠠᠮ ᠢᠶᠠᠨ ᠥᠷᠭᠡᠳᠬᠡᠵᠦ᠂ ᠦᠨᠳᠦᠰᠦᠨ ᠱᠠᠲᠤᠨ ᠤ ᠠᠷᠠᠳᠴᠢᠯᠠᠯ ᠤᠨ ᠠᠮᠢᠵᠢᠷᠠᠯ ᠤᠨ ᠬᠦᠴᠦᠨ ᠢ ᠨᠢ ᠬᠥᠭᠵᠢᠭᠡᠵᠦ᠂ ᠲᠥᠯᠥᠭᠡᠯᠡᠭᠴᠢᠳ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠠᠪᠤᠳᠠᠯ ᠢ ᠤᠯᠤᠰ ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠦᠨᠡᠨ ᠬᠦ ᠢᠯᠡᠷᠡᠭᠦᠯᠬᠦ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭ᠎ᠠ ᠠᠳᠬᠤᠵᠤ᠂ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠡᠷᠡᠭᠰᠡᠬᠦ ᠡᠯ᠎ᠡ ᠲᠠᠯ᠎ᠠ ᠶᠢᠨ ᠡᠷᠳᠡᠮ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠲᠥᠷᠥ ᠶᠢᠨ ᠲᠠᠯ᠎ᠠ ᠪᠠᠷ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠭᠰᠡᠨ᠂ ᠬᠠᠤᠯᠢᠵᠢᠯ ᠢ ᠡᠷᠬᠢᠮᠯᠡᠭᠰᠡᠨ᠂ ᠠᠷᠠᠳᠴᠢᠯᠠᠯ ᠢ ᠪᠠᠳᠠᠷᠠᠭᠤᠯᠣᠭᠰᠠᠨ᠂ ᠬᠢᠴᠢᠶᠡᠨ ᠴᠢᠷᠮᠠᠶᠢᠵᠤ ᠬᠠᠷᠢᠭᠤᠴᠠᠯᠭ᠎ᠠ ᠬᠦᠢᠴᠡᠳᠭᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号