ᠬᠠᠶᠢᠷᠤᠪ ᠤᠨ ᠲᠣᠬᠤᠢ ᠲᠣᠭᠤᠷᠢᠭ ᠤᠨ ᠣᠳᠬ᠎ᠠ ᠣᠷᠠᠯᠢᠭᠴᠢᠳ ᠤᠨ ᠭᠡᠷ ᠪᠦᠯᠢ ᠫᠠᠶᠢᠰᠠ ᠰᠡᠭᠦᠪᠡ
ᠨᠡᠶᠢᠲᠡᠯᠡᠭᠰᠡᠨ ᠴᠠᠭ᠄
2024/10/14
     ᠤᠳᠬ᠎ᠠ ᠣᠷᠠᠯᠢᠭᠴᠢᠳ ᠤᠨ ᠦᠵᠡᠯ ᠰᠠᠨᠠᠭᠠᠨ ᠤ ᠵᠢᠯᠣᠭᠤᠳᠤᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠳᠬ᠎ᠠ ᠤᠷᠠᠯᠢᠭᠴᠢᠳ ᠤᠨ ᠡᠩᠨᠡᠭᠡ ᠪᠣᠯᠤᠨ ᠤᠳᠬ᠎ᠠ ᠤᠷᠠᠯᠢᠭ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 10 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭᠴᠢᠳ ᠤᠨ ᠭᠡᠷ ᠪᠦᠯᠢ ᠶᠢᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃      ᠤᠳᠬ᠎ᠠ ᠤᠷᠠᠯᠢᠭᠴᠢᠳ ᠤᠨ ᠭᠡᠷ ᠪᠦᠯᠢ ᠶᠢᠨ ᠫᠠᠶᠢᠰᠠ ᠡᠯᠭᠦᠨ ᠪᠠᠶᠢᠭᠤᠯᠤᠭᠳᠠᠭᠰᠠᠨ ᠨᠢ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭᠴᠢᠳ ᠤᠨ ᠲᠤᠰᠬᠠᠶ ᠲᠣᠭᠲᠠᠮᠠᠯ ᠬᠥᠳᠡᠯᠭᠡᠭᠡᠨ ᠤ ᠲᠠᠯᠠᠪᠤᠷ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠦᠨᠡᠨᠬᠦ ᠰᠢᠢᠤᠡᠪᠤᠷᠢᠯᠡᠵᠤ᠂ ᠡᠯ᠎ᠡ ᠤᠳᠬ᠎ᠠ ᠤᠷᠠᠯᠢᠭ ᠤᠨ ᠪᠦᠯᠬᠦᠮ ᠪᠣᠯᠤᠨ ᠤᠳᠬ᠎ᠠ ᠤᠷᠠᠯᠢᠭ ᠤᠨ ᠳᠤᠷ᠎ᠠ ᠪᠠᠭ᠋ᠠᠲᠠᠨ ᠢ ᠨᠠᠩ ᠰᠠᠶᠢᠲᠤᠷ ᠪᠦᠯᠬᠦᠮᠳᠡᠭᠦᠯᠵᠦ᠂ ᠬᠠᠷᠢᠯᠴᠠᠨ ᠠᠬᠢᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠴᠡᠴᠡᠭᠯᠡᠨ ᠬᠠᠮᠲᠤᠪᠠᠷ ᠡᠳ᠋ᠯᠡᠬᠦ ᠰᠠᠶᠢᠨ ᠰᠠᠶᠢᠬᠠᠨ ᠬᠥᠭᠵᠢᠯᠲᠡ ᠶᠢᠨ ᠵᠠᠭᠪᠤᠷ ᠢ ᠪᠣᠶ ᠪᠣᠯᠭᠠᠪᠠ᠃ ᠵᠠᠯᠭᠠᠭᠠᠳ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭᠴᠢᠳ ᠤᠨ ᠭᠡᠷ ᠪᠦᠯᠢ ᠥᠷᠭᠡᠨ ᠤᠯᠠᠨ ᠤᠳᠬ᠎ᠠ ᠤᠷᠠᠯᠢᠭᠴᠢᠨ ᠪᠠ ᠤᠳᠬ᠎ᠠ ᠤᠷᠠᠯᠢᠭ ᠤᠨ ᠳᠤᠷ᠎ᠠ ᠪᠠᠭ᠋ᠠᠲᠠᠨ ᠳᠤ ᠢᠳᠡᠪᠬᠢᠲᠡᠢ ᠪᠠᠷ ᠰᠢᠯᠢᠳᠡᠭ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠣᠷᠣᠨ ᠵᠠᠢ ᠪᠠ ᠦᠢᠯᠡᠴᠢᠯᠡᠭᠡ ᠬᠠᠩᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号