ᠬᠠᠶᠢᠨᠠᠨ ᠲᠤᠭᠤᠷᠢᠭ ᠤᠨ ᠡᠪᠯᠡᠯ ᠤᠨ ᠬᠤᠷᠢᠶ᠎ᠠ ᠣᠷᠣᠨ ᠠᠯᠤᠰᠯᠠᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢ ᠠᠬᠢᠭᠤᠯᠬᠤ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/14
     10 ᠰᠠᠷ᠎ᠠ ᠶᠢᠨ 11 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠬᠤᠷᠢᠶ᠎ᠠ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ᠂ ᠬᠠᠶᠢᠨᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠢᠷᠭᠠᠢ ᠬᠤᠳᠠ ᠶᠢᠨ ᠰᠢᠩ ᠴᠢᠩ ᠲᠣᠭᠤᠷᠢᠭ ᠤᠨ ᠬᠤᠷᠢᠶ᠎ᠠ᠂ ᠰᠢᠩ ᠴᠢᠩ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠲᠠᠢ ᠬᠠᠮᠲᠤᠷᠠᠨ ︽ᠠᠨᠠᠷ ᠤᠨ ᠴᠡᠴᠡᠭ ᠪᠠᠳᠠᠷᠠᠨ ᠨᠢᠭᠡ ᠭᠡᠷ ᠪᠦᠯᠢ ᠶᠢᠨ ᠬᠢᠨ ᠮᠡᠲᠤ ᠲᠤᠳᠤᠨᠤ ᠪᠠᠶᠢᠵᠦ   ᠦᠷ᠎ᠡ ᠦᠷ᠎ᠡ  ᠨᠢ ᠬᠠᠮᠲᠤᠷᠠᠨ ᠰᠡᠳᠬᠢᠯ ᠵᠢᠷᠦᠬᠡ ᠪᠠᠨ ᠬᠤᠯᠪᠤᠨᠠᠮ︾ ᠬᠡᠬᠦ ᠬᠠᠶᠢᠨᠠᠨ ᠲᠣᠭᠤᠷᠢᠭ᠂ ᠰᠢᠩ ᠴᠢᠩ ᠲᠣᠭᠤᠷᠢᠭ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠠᠢ ᠭᠠᠷ ᠬᠤᠯᠪᠣᠨ ᠰᠠᠨᠠᠯ ᠢᠶᠠᠨ ᠰᠣᠯᠢᠯᠴᠠᠬᠤ ᠠᠵᠢᠯᠯᠠᠭ᠎ᠠ ᠥᠷᠨᠢᠭᠦᠯᠪᠡ᠃      ᠬᠤᠶᠠᠷ ᠭᠠᠵᠠᠷ ᠠᠴᠠ ᠢᠷᠡᠭᠰᠡᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠨᠢᠭᠡ ᠲᠠᠩᠬᠢᠮ ᠳᠤ ᠴᠤᠭᠯᠠᠷᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ ᠳᠠᠷᠠᠭ᠎ᠠ ᠨᠢ᠂ ᠬᠤᠶᠠᠷ ᠭᠠᠵᠠᠷ ᠤᠨ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠠᠵᠢᠯ ᠤᠨ ᠬᠤᠷᠢᠶ᠎ᠠ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠨᠥᠬᠦᠷᠰᠡᠭ ᠰᠣᠯᠢᠯᠴᠠᠭ᠎ᠠ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠦᠰᠦᠭ ᠵᠢᠷᠤᠵᠤ᠂ ᠬᠠᠮᠲᠤᠷᠠᠨ ᠠᠵᠢᠯᠯᠠᠬᠤ ᠬᠤᠶᠠᠷ ᠲᠠᠯ᠎ᠠ ᠪᠠᠷ ᠢᠶᠠᠨ ᠰᠤᠷᠤᠭᠴᠢᠳ ᠤᠨ ᠦᠢᠯᠡᠳᠦᠯᠭᠡ ᠶᠢᠨ ᠰᠣᠯᠢᠯᠴᠠᠭ᠎ᠠ᠂ ︽ᠡᠭᠦᠯᠡᠨ ᠪᠠᠭᠰᠢ︾ ᠶᠢᠨ ᠰᠣᠯᠢᠯᠴᠠᠭ᠎ᠠ᠂ ᠦᠵᠡᠯ ᠰᠠᠨᠠᠭᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠣᠳᠠᠲᠤ ᠠᠵᠢᠯᠯᠠᠭ᠎ᠠ ᠶᠢᠨ ᠳᠤᠮᠳᠠ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠲᠤᠷᠰᠢᠯᠭ᠎ᠠ ᠬᠤᠷᠠᠮᠳᠤᠭᠤᠯᠬᠤ ᠶᠢ ᠲᠣᠳᠣᠷᠬᠠᠶ ᠲᠣᠭᠲᠠᠭᠠᠪᠠ᠃      ᠬᠠᠶᠢᠨᠠᠨ ᠲᠣᠭᠤᠷᠢᠭ ᠤᠨ ᠡᠪᠯᠡᠯ ᠤᠨ ᠬᠤᠷᠢᠶ᠎ᠠ ᠵᠥᠪᠯᠡᠯᠴᠡᠭᠡᠷ ᠲᠣᠭᠲᠠᠭᠰᠠᠨ ᠠᠭᠤᠯᠭ᠎ᠠ ᠶᠢᠨ ᠲᠤᠬᠠᠶ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠦᠭᠡᠢ ᠠᠬᠢᠭᠤᠯᠬᠤ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠨᠡᠨᠬᠦ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠯᠪᠣᠭᠠᠯᠠᠨ ᠡᠭᠦᠳᠦᠭᠰᠡᠨ ᠰᠢᠨ᠎ᠡ ᠪᠠᠶᠢᠷᠢᠰᠢᠯ ᠢ ᠪᠣᠶ ᠪᠤᠯᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号