ᠼᠦᠢ ᠵᠢᠩ ᠶᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠢᠴᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/10/14
     10 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃      ᠶᠤᠸᠠᠨ ᠲᠦᠩ ᠨᠡᠬᠦᠷᠡᠰᠦᠨ ᠬᠢᠮᠢ ᠶᠢᠨ ᠪᠦᠯᠦᠭᠯᠡᠯ᠂ ᠬᠠᠶᠢᠷᠤᠪ ᠤᠨ ᠲᠤᠬᠤᠢ ᠲᠣᠭᠤᠷᠢᠭ ᠤᠨ ᠬᠤᠭ ᠨᠣᠪᠰᠢ ᠪᠤᠯᠠᠬᠤ ᠲᠠᠯᠠᠪᠠᠢ ᠶᠢᠨ ᠰᠢᠮᠡᠳᠡᠭᠦᠯᠦᠨ ᠱᠦᠬᠦᠵᠦ ᠰᠢᠩᠭᠡᠨ ᠢ ᠰᠢᠢᠳᠪᠦᠷᠢᠯᠡᠬᠦ ᠲᠦᠷᠦᠯ ᠵᠦᠢᠯ᠂ ᠤᠤᠯ ᠤᠨ ᠴᠠᠪᠴᠢᠷ ᠠᠭᠤᠷᠬᠠᠢ ᠶᠢᠨ ᠨᠤᠷᠠᠭᠠᠵᠤ ᠨᠡᠭᠦᠯᠭᠡᠬᠦ ᠲᠣᠭᠤᠷᠢᠭ ᠤᠨ ᠦᠯᠡᠳᠡᠭᠳᠡᠯ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠲᠤᠬᠠᠢ ᠶᠢᠨ ᠲᠠᠯᠠᠪᠠᠢ ᠳᠤ᠂ ᠼᠦᠢ ᠵᠢᠩ ᠶᠢᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ᠂ ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠭᠠᠨᠰᠤ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠪᠠ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠲᠤᠰᠬᠠᠶ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠬᠡᠦᠷᠰᠢᠭᠦᠯᠬᠦ ᠠᠵᠤ ᠠᠬᠤᠶᠢᠯᠠᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠥᠭᠡᠷᠡᠴᠢᠯᠡᠬᠦ᠂ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠵᠡᠷᠭᠡ ᠠᠵᠢᠯ ᠢᠶᠠᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠠᠰᠠᠭᠤᠳᠠᠯ ᠢ ᠲᠤᠤᠱᠲᠠᠶ ᠰᠠᠶᠢᠵᠢᠷᠠᠭᠤᠯᠵᠤ᠂ ᠲᠦᠢᠯᠪᠤᠷᠢᠲᠠᠶ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠠᠮᠢᠳᠤᠷᠠᠯ᠂ ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠬᠤ ᠬᠠᠮᠢᠶᠠᠷᠤᠯᠲᠠ ᠶᠢᠨ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠤᠢ ᠪᠣᠯᠬᠤ ᠠᠴᠠ ᠰᠢᠩᠭᠡᠭᠡᠬᠦ ᠬᠦᠷᠲᠡᠯᠡᠬᠢ ᠪᠥᠬᠦ ᠶᠠᠪᠤᠴᠠ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠤᠭ ᠨᠣᠪᠰᠢ ᠶᠢ ᠬᠠᠤᠯᠢ ᠲᠣᠭᠲᠠᠭᠠᠯ ᠠᠴᠠ ᠵᠥᠷᠢᠴᠡᠨ ᠬᠠᠶᠠᠬᠤ ᠦᠵᠡᠭᠳᠡᠯ ᠢ ᠡᠷᠡᠰ ᠬᠤᠷᠢᠭᠯᠠᠵᠤ᠂ ᠵᠢᠷᠤᠮᠵᠢᠭᠤᠯᠤᠨ ᠴᠡᠪᠡᠷᠯᠡᠨ ᠲᠡᠭᠡᠭᠡᠪᠦᠷᠢᠯᠡᠬᠦ᠂ ᠠᠮᠤᠷ ᠲᠦᠪᠰᠢᠨ ᠢᠶᠠᠷ ᠰᠢᠢᠳᠪᠦᠷᠢᠯᠡᠬᠦ᠂ ᠪᠦᠲᠦᠮᠵᠢᠲᠡᠶ ᠠᠰᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃    ᠶᠤᠸᠠᠢ ᠵᠢᠶᠠ ᠣᠷᠳᠣ ᠴᠠᠭᠠᠨ ᠬᠡᠷᠡᠮ ᠤᠨ 1 ᠳ᠋ᠣᠭᠡᠷ ᠬᠡᠰᠡᠭ ᠲᠤ᠂ ᠼᠦᠢ ᠵᠢᠩ ᠶᠢᠩ ᠣᠷᠳᠣ ᠴᠠᠭᠠᠨ ᠬᠡᠷᠡᠮ ᠤᠨ ᠦᠯᠡᠳᠡᠭᠳᠡᠯ ᠤᠨ ᠣᠳᠣᠬᠢ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠨ᠂ ᠬᠠᠮᠠᠭᠠᠯᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠵᠥᠪ ᠣᠨᠣᠪᠴᠢᠲᠠᠢ ᠰᠢᠢᠳᠪᠦᠷᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠪᠦᠰᠡ ᠶᠢ ᠴᠢᠩᠭ᠎ᠠ ᠵᠠᠭᠠᠭᠯᠠᠨ ᠲᠣᠭᠲᠠᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号