ᠬᠤᠲᠠ ᠶᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/14
     10 ᠰᠠᠷ᠎ᠠ ᠶᠢᠨ 11 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠬᠤᠷᠠᠯᠳᠤᠵᠤ᠂ ᠪᠥᠬᠦ ᠬᠤᠲᠠ ᠶᠢᠨ ᠠᠭᠤᠷᠬᠠᠶ ᠶᠢᠨ ᠡᠷᠬᠡ ᠶᠢ ᠨᠡᠶᠢᠳᠭᠡᠬᠦ᠂ ᠨᠡᠭᠦᠷᠡᠰᠦ ᠤᠬᠢᠶᠠᠵᠤ ᠰᠢᠯᠢᠬᠦ ᠪᠣᠯᠪᠠᠰᠤᠷᠠᠭᠤᠯᠬᠤ ᠠᠵᠢᠯ ᠲᠥᠷᠥᠯ ᠢ ᠨᠢᠭᠡ ᠴᠤᠭᠴᠠᠵᠢᠭᠤᠯᠤᠨ ᠨᠡᠶᠢᠳᠭᠡᠬᠦ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠤᠳᠤᠷᠢᠳᠤᠯᠭ᠎ᠠ ᠯᠢ ᠳ᠋ᠦᠩ᠂ ᠭᠦᠸᠧ ᠢ ᠵᠢᠶᠧ᠂ ᠭᠤᠤ ᠪᠥᠸᠧ ᠣᠷᠣᠯᠴᠠᠪᠠ᠃      ᠼᠦᠢ ᠵᠢᠩ ᠶᠢᠩ ᠬᠡᠯᠡᠭᠰᠡᠨ ᠨᠢ᠂ ᠠᠭᠤᠷᠬᠠᠢ ᠶᠢᠨ ᠡᠷᠬᠡ ᠶᠢ ᠨᠡᠶᠢᠳᠬᠡᠬᠦ ᠪᠠ ᠨᠡᠭᠦᠷᠡᠰᠦ ᠤᠬᠢᠶᠠᠵᠤ ᠰᠢᠯᠢᠬᠦ ᠪᠣᠯᠪᠠᠰᠤᠷᠠᠭᠤᠯᠬᠤ ᠠᠵᠢᠯ ᠲᠦᠷᠦᠯ ᠢ ᠡᠭᠴᠡ ᠪᠠᠨ ᠨᠢᠭᠡ ᠴᠤᠬᠴᠠᠵᠢᠭᠤᠯᠤᠨ ᠨᠡᠶᠢᠳᠬᠡᠬᠦ ᠶᠢ ᠠᠬᠢᠭᠤᠯᠬᠤ ᠪᠣᠯ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠤᠳᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠣᠯᠤᠨ ᠤᠬᠢᠶᠠᠵᠤ ᠰᠢᠯᠢᠬᠦ ᠠᠵᠤ ᠠᠬᠤᠶᠢᠯᠠᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠢ ᠶᠢᠨ ᠵᠠᠰᠠᠯᠲᠠ᠂ ᠠᠶᠤᠯᠭᠦᠢ ᠦᠢᠯᠡᠳᠪᠦᠷᠢᠯᠡᠯ ᠤᠨ ᠬᠡᠷᠡᠭᠴᠡᠭᠡ ᠲᠠᠢ ᠤᠶᠠᠯᠳᠤᠭᠤᠯᠤᠨ ᠭᠠᠷᠭᠠᠭᠰᠠᠨ ᠴᠢᠬᠤᠯᠠ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠰᠡᠳᠬᠢᠴᠡ ᠪᠠᠨ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠭᠤᠷᠬᠠᠢ ᠶᠢᠨ ᠣᠷᠣᠨ ᠤ ᠡᠬᠢ ᠪᠠᠶᠠᠯᠢᠭ ᠪᠠ ᠤᠬᠢᠶᠠᠵᠤ ᠰᠢᠯᠢᠬᠦ ᠠᠵᠤ ᠠᠬᠤᠶᠢᠯᠠᠯ ᠢ ᠨᠢᠭᠡᠳᠦᠯᠲᠡᠶ ᠲᠥᠯᠥᠪᠵᠢᠭᠦᠯᠬᠦ᠂ ᠵᠠᠯᠭᠠᠯᠳᠤᠭᠤᠯᠤᠨ ᠨᠡᠭᠡᠭᠡᠨ ᠬᠥᠭᠵᠢᠭᠦᠯᠬᠦ᠂ ᠲᠥᠪᠯᠡᠷᠡᠭᠦᠯᠦᠨ ᠵᠠᠰᠠᠬᠤ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ᠂ ᠠᠮᠤᠷ ᠲᠦᠪᠰᠢᠨ ᠤ ᠦᠷ᠎ᠡ ᠠᠰᠢᠭ ᠤᠨ ︽ᠣᠯᠠᠨ ᠠᠮᠵᠢᠯᠳᠠ︾ ᠶᠢ ᠪᠡᠶᠡᠯᠡᠭᠦᠯᠬᠦ ᠬᠡᠷᠡᠭᠲᠡᠢ᠃      ᠼᠦᠢ ᠵᠢᠩ ᠶᠢᠩ ᠬᠡᠯᠡᠭᠰᠡᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠰᠤᠳᠤᠯᠤᠨ ᠱᠠᠯᠠᠪᠳᠠᠨ ᠰᠢᠢᠳᠪᠦᠷᠢᠯᠡᠵᠦ᠂ ᠲᠥᠰᠦᠯ ᠨᠠᠶᠢᠷᠠᠭᠤᠯᠤᠨ ᠵᠣᠬᠢᠶᠠᠬᠤ᠂ ᠭᠠᠷ ᠭᠦᠢᠴᠡᠳᠬᠡᠯ ᠭᠦᠢᠴᠡᠳᠬᠡᠬᠦ ᠵᠡᠷᠭᠡ ᠠᠵᠢᠯ ᠢᠶᠠᠨ ᠰᠠᠶᠢᠲᠤᠷ ᠠᠳᠬᠤᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠬᠥᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠠᠬᠢᠭᠤᠯᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠢᠳᠠᠪᠡᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠵᠠᠷᠴᠢᠮ ᠶᠣᠰᠣᠭᠠᠷ᠂ ᠨᠡᠭᠦᠷᠡᠰᠦ ᠤᠬᠢᠶᠠᠵᠤ ᠰᠢᠯᠢᠬᠦ ᠠᠵᠢᠯ ᠲᠥᠷᠥᠯ ᠢ ᠨᠡᠶᠢᠳᠭᠡᠬᠦ ᠰᠡᠳᠬᠢᠮᠵᠢ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠴᠢᠨᠠᠷᠲᠠᠶ ᠨᠡᠭᠦᠷᠡᠰᠦᠨ ᠤ ᠠᠵᠤ ᠦᠢᠯᠡᠰ ᠤᠨ ᠬᠦᠷᠢᠶᠡᠯᠡᠩ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ ᠬᠠᠤᠯᠢ ᠶᠣᠰᠣᠭᠠᠷ ᠰᠢᠭᠰᠢᠭᠳᠡᠭᠦᠯᠬᠦ᠂ ᠬᠡᠷᠡᠭᠴᠡᠭᠡ ᠠᠴᠠ ᠪᠣᠯᠵᠣ ᠮᠡᠷᠭᠡᠵᠢᠯ ᠤᠨ ᠥᠭᠡᠷᠡᠴᠢᠯᠡᠯᠲᠡ ᠬᠢᠬᠦ᠂ ᠣᠲᠣ ᠶᠢᠨ ᠪᠠᠶᠢᠭ᠎ᠠ ᠨᠡᠭᠦᠷᠡᠰᠦ ᠲᠤᠬᠢᠷᠠᠭᠤᠯᠵᠤ ᠪᠤᠯᠪᠠᠰᠣᠷᠠᠭᠤᠯᠬᠤ ᠴᠢᠳᠠᠪᠤᠷᠢ ᠪᠠᠨ ᠵᠠᠬ᠎ᠠ ᠳᠡᠯᠭᠡᠭᠦᠷᠴᠢᠯᠡᠨ ᠨᠡᠶᠢᠳᠭᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠭᠦᠷᠡᠰᠦ ᠮᠠᠯᠲᠠᠵᠦ ᠤᠬᠢᠶᠠᠵᠤ ᠰᠢᠯᠢᠬᠦ᠂ ᠬᠠᠳᠠᠭᠠᠯᠠᠵᠤ ᠳᠣᠭᠢᠷᠠᠭᠤᠯᠤᠨ ᠲᠡᠭᠡᠭᠡᠪᠦᠷᠢᠯᠡᠬᠦ ᠶᠢ ᠪᠥᠬᠦ ᠶᠠᠪᠤᠴᠠ ᠳᠤ ᠠᠦ᠋ᠲ᠋ᠣᠴᠢᠯᠠᠬᠤ᠂ ᠤᠶᠤᠨᠴᠢᠯᠠᠬᠤ᠂ ᠨᠢᠭᠡ ᠴᠣᠭᠴᠠᠵᠢᠭᠤᠯᠬᠤ ᠶᠢ ᠪᠡᠶᠡᠯᠡᠭᠦᠯᠬᠦ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ᠨᠡᠭᠦᠷᠡᠰᠦᠨ ᠤ ᠢᠷᠡᠯᠲᠡ ᠶᠢ ᠥᠷᠭᠡᠳᠬᠡᠵᠦ᠂ ᠴᠡᠭᠡ᠂ ᠭᠠᠭᠴᠠᠮᠣᠳᠣ ᠵᠡᠷᠭᠡ ᠬᠢᠯᠢ ᠶᠢᠨ ᠪᠣᠭᠤᠮᠲᠠ ᠠᠴᠠ ᠦᠬᠠᠢ ᠳᠤ ᠣᠷᠣᠬᠤ ᠶᠡᠭᠡ ᠬᠡᠮᠵᠢᠶᠡᠨ ᠤ ᠪᠠᠷᠠᠭᠠᠨ ᠤ ᠭᠦᠢᠯᠭᠡᠭᠡᠨ ᠤ ᠵᠠᠮ ᠢ ᠨᠡᠪᠲᠡᠷᠡᠭᠦᠯᠵᠦ᠂ ᠥᠪᠥᠷ ᠮᠣᠩᠭᠤᠯ ᠤᠨ ᠨᠡᠭᠦᠷᠡᠰᠦ᠂ ᠬᠢᠯᠢ ᠬᠢᠵᠠᠭᠠᠷ ᠤᠨ ᠨᠡᠭᠦᠷᠡᠰᠦ ᠵᠡᠷᠭᠡ ᠶᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠣᠣᠭᠠᠨ ᠨᠡᠭᠦᠷᠡᠰᠦᠨ ᠤ ᠬᠠᠩᠭᠠᠯᠭ᠎ᠠ ᠶᠢᠨ ᠬᠡᠷᠡᠭᠴᠡᠭᠡ ᠶᠢ ᠬᠦᠴᠦᠲᠡᠶ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号