10 ᠰᠠᠷ᠎ᠠ ᠶᠢᠨ 12 ᠤᠨ ᠡᠳᠦᠷ᠂ ᠪᠥᠬᠦ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠪᠦᠬᠦ ᠭᠡᠰᠢᠭᠦᠳ ᠤᠨ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠨ ᠱᠤᠸᠠᠩ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠮᠢᠩ ᠮᠢᠩ | ᠬᠤᠷᠠᠯ ᠡᠷᠭᠢᠯᠡᠪᠡ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠢ ᠮᠡᠳᠡᠭᠳᠡᠵᠦ᠂ | ᠬᠤᠯᠪᠤᠭᠳᠠᠯ ᠪᠦᠬᠦᠢ ᠰᠠᠯᠠᠭ᠎ᠠ ᠮᠥᠴᠢᠷ ᠨᠢᠭᠡᠴᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠭᠦᠳᠦᠨ ᠪᠠᠶᠢᠭᠤᠯᠬᠤ ᠡᠯ᠎ᠡ ᠵᠦᠢᠯ ᠤᠨ | ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠣᠳᠣᠬᠠᠨ ᠳᠤ᠂ ᠮᠠᠨ ᠤ ᠬᠤᠲᠠ ᠶᠢᠨ ᠡᠭᠦᠳᠦᠨ ᠪᠠᠶᠢᠭᠤᠯᠬᠤ ᠠᠵᠢᠯ | ᠨᠢᠭᠡᠨᠲᠡ ᠰᠢᠪᠲᠤᠯᠤᠯᠲᠠ ᠶᠢᠨ ᠱᠠᠲᠤᠨ ᠳᠤ ᠬᠦᠷᠴᠦ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠳᠠᠬᠢᠨ | ᠭᠦᠨᠵᠡᠭᠡᠶᠢᠷᠡᠭᠦᠯᠵᠦ᠂ ᠠᠵᠢᠯ ᠤᠨ ᠡᠷᠴᠢᠮ ᠢᠶᠠᠨ ᠳᠠᠬᠢᠨ ᠴᠢᠩᠭᠠᠷᠠᠭᠤᠯᠵᠤ᠂ ᠠᠵᠢᠯ ᠤᠨ ᠬᠠᠷᠢᠭᠤᠴᠠᠯᠭ᠎ᠠ ᠶᠢᠨ | ᠲᠠᠯ᠎ᠠ ᠪᠠᠷ ᠳᠠᠬᠢᠨ ᠪᠣᠳᠠᠲᠠᠶᠢᠵᠢᠭᠤᠯᠵᠤ᠂ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠪᠥᠬᠦ | ᠲᠠᠯ᠎ᠠ ᠪᠠᠷ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ | ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ᠂ ᠦᠨᠳᠦᠰᠦᠲᠡᠨ ᠤ ᠭᠠᠵᠠᠷ ᠣᠷᠣᠨ ᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠪᠥᠬᠦ ᠲᠠᠯ᠎ᠠ ᠪᠠᠷ ᠠᠭᠤᠰᠣᠯᠴᠠᠬᠤ ᠶᠢ | ᠠᠬᠢᠭᠤᠯᠬᠤ ᠳᠤ ᠠᠩᠬᠠᠷᠣᠯ ᠢᠶᠠᠨ ᠲᠦᠪᠯᠡᠷᠡᠬᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ | ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠡᠯ᠎ᠡ ᠵᠦᠢᠯ ᠤᠨ ᠡᠭᠦᠷᠭᠡ | ᠪᠠᠨ ᠪᠦᠲᠦᠮᠵᠢᠲᠡᠶ ᠨᠠᠷᠢᠯᠢᠭ ᠨᠠᠶᠢᠳᠠᠪᠤᠷᠢᠵᠢᠭᠤᠯᠵᠤ᠂ ᠦᠬᠠᠶ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠶ ᠬᠡᠵᠡᠢ᠃ |