ᠮᠠᠨ ᠤ ᠬᠤᠲᠠ 2024 ᠣᠨ ᠤ ᠣᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/17
     ᠡᠨᠡ ᠵᠢᠯ ᠤᠨ 10 ᠰᠠᠷ᠎ᠠ ᠶᠢᠨ 13 ᠤ ᠡᠳᠦᠷ ᠪᠤᠯ 35 ᠳ᠋ᠣᠭᠠᠷ ᠤᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ ᠮᠦᠨ᠃ ᠲᠤᠬᠠᠶ ᠶᠢᠨ ᠡᠳᠦᠷ᠂ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ ᠠᠯᠪᠠᠨ ᠭᠡᠷ ︽ᠵᠠᠯᠠᠭᠤ ᠨᠢᠭᠡ ᠦᠶ᠎ᠡ ᠳᠤ ᠡᠨᠧᠷᠬᠢ ᠣᠯᠭᠤᠵᠤ᠂ ᠤᠶᠠᠨ ᠬᠠᠳᠠᠨ ᠴᠢᠨᠠᠷᠲᠠᠶ ᠢᠷᠡᠭᠡᠳᠦᠶ ᠶᠢ ᠬᠠᠮᠲᠤ ᠪᠠᠷ ᠪᠠᠶᠢᠭᠤᠯᠤᠶ᠎ᠠ︾ ᠬᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠬᠠᠶᠢᠷᠤᠪ ᠤᠨ ᠲᠤᠬᠤᠢ ᠲᠣᠭᠤᠷᠢᠭ ᠤᠨ ᠴᠢᠶᠠᠨ ᠰᠢ ᠶᠤᠸᠠᠨ ᠰᠠᠭᠤᠭᠠᠯᠢ ᠲᠣᠭᠤᠷᠢᠭ ᠲᠤ᠂ ᠠᠵᠢᠯᠲᠠᠳ ᠰᠠᠭᠤᠭᠠᠯᠢ ᠠᠷᠠᠳ ᠲᠤ ᠤᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ ᠤᠨ ᠢᠷᠡᠯᠲᠡ᠂ ᠠᠴᠢ ᠬᠤᠯᠪᠣᠭᠳᠠᠯ ᠵᠢᠴᠢ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠡᠳᠦᠷ ᠲᠤᠳᠤᠮ ᠤᠨ ᠲᠦᠷᠭᠡᠨ ᠠᠪᠤᠷᠠᠯᠲᠠ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠤᠷ᠎ᠠ ᠴᠢᠳᠠᠪᠤᠷᠢ ᠵᠡᠷᠭᠡ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠪᠦᠬᠦ ᠠᠷᠠᠳ ᠤᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠬᠡᠪ ᠪᠣᠯᠪᠠᠰᠤᠷᠠᠯ ᠢ ᠨᠢ ᠴᠢᠩᠭᠠᠳᠬᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号