10 ᠰᠠᠷ᠎ᠠ ᠶᠢᠨ 15 ᠤ ᠡᠳᠦᠷ᠂ ︽ᠲᠥᠪ ᠡᠵᠡᠮᠳᠡᠯ︾ ᠢᠶᠠᠷ ᠦᠬᠠᠶ ᠶᠢᠨ ᠦᠢᠯᠡᠳᠬᠦ ᠦᠢᠯᠡᠰ ᠲᠤ ᠬᠦᠴᠦᠨ | ᠨᠡᠮᠡᠷᠢᠯᠡᠵᠦ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠰᠣᠯᠢᠯᠴᠠᠭᠠᠨ ᠤ ᠬᠤᠷᠠᠯ ᠮᠠᠨ ᠤ ᠬᠤᠲᠠ ᠳᠤ | ᠬᠤᠷᠠᠯᠳᠤᠪᠠ᠃ | ᠲᠣᠰ ᠤᠳᠠᠭᠠᠨ ᠤ ᠠᠵᠢᠯᠯᠠᠭ᠎ᠠ ᠨᠢ ︽ᠳ᠋ᠢᠵᠢᠲ᠋ᠠᠯ ᠢ ᠰᠢᠨ᠎ᠡ ᠶᠢ ᠡᠭᠦᠳᠬᠦ ᠳᠤ ᠠᠭᠤᠰᠣᠯᠴᠠᠭᠤᠯᠵᠤ | ᠢᠷᠡᠭᠡᠳᠦᠶ ᠶᠢ ᠣᠶᠤᠨᠴᠢ ᠪᠠᠷ ᠬᠦᠲᠦᠯᠦᠨ ᠲᠠᠭᠠᠭᠤᠯᠤᠶᠠ︾ ᠬᠡᠬᠦ ᠪᠠᠷ ᠭᠤᠤᠯ ᠰᠡᠳᠦᠪ ᠪᠣᠯᠭᠠᠵᠤ᠂ ᠵᠠᠰᠠᠭ ᠤᠨ | ᠣᠷᠳᠣᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ | ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠵᠤ ᠣᠯᠤᠭᠰᠠᠨ ᠠᠮᠵᠢᠯᠲᠠ ᠬᠡᠷᠡᠭ ᠤᠨ ᠵᠢᠱᠢᠶ᠎ᠡ ᠶᠢ ᠬᠤᠪᠢᠶᠠᠯᠴᠠᠨ | ᠡᠳ᠋ᠯᠡᠵᠦ᠂ ᠦᠢᠯᠡᠳᠬᠦ ᠦᠢᠯᠡᠰ ᠤᠨ ᠣᠯᠤᠭᠰᠠᠨ ᠬᠡᠯᠪᠡᠷᠢ ᠪᠠᠨ ᠬᠤᠪᠢᠷᠠᠭᠤᠯᠤᠭᠰᠠᠨ ᠦᠢᠯᠡᠳᠦᠯᠭᠡ ᠶᠢᠨ ᠲᠤᠷᠰᠢᠯᠭ᠎ᠠ | ᠪᠣᠯᠤᠨ ᠰᠢᠨ᠎ᠡ ᠶᠢ ᠡᠭᠦᠳᠬᠦ ᠲᠥᠰᠦᠯ ᠢ ᠬᠠᠮᠲᠤ ᠪᠠᠷ ᠰᠦᠪᠡᠭᠴᠢᠯᠡᠨ ᠬᠤᠪᠢᠶᠠᠯᠴᠠᠵᠤ᠂ ᠣᠷᠣᠨ ᠪᠦᠰᠡ ᠶᠢᠨ | ᠳᠣᠲᠣᠷᠠᠬᠢ ᠠᠵᠤ ᠠᠬᠤᠶᠢᠯᠠᠯ ᠤᠨ ᠳ᠋ᠢᠵᠢᠲ᠋ᠠᠯᠴᠢᠯᠠᠭᠰᠠᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠠᠵᠢᠯ | ᠲᠥᠷᠥᠯ ᠤᠨ ᠵᠠᠩᠭᠢᠯᠠᠭ᠎ᠠ ᠶᠢᠨ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠳᠤ | ᠦᠷᠭᠦᠯᠵᠢᠯᠡᠬᠦ᠋ᠢᠴᠡ ᠥᠷᠲᠡᠭ ᠢ ᠡᠭᠦᠳᠴᠦ ᠥᠭᠬᠦ ᠶᠢᠨ ᠲᠥᠯᠥᠭᠡ ᠶᠤᠮ᠃ | ᠬᠤᠷᠠᠯ ᠳᠡᠭᠡᠷ᠎ᠡ᠂ ᠲᠥᠪ ᠡᠵᠡᠮᠳᠡᠯ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | ᠪᠣᠯᠤᠨ ᠥᠪᠥᠷ ᠮᠣᠩᠭᠤᠯ ᠤᠨ ᠳ᠋ᠢᠵᠢᠲ᠋ᠠᠯ ᠤᠨ ᠪᠡᠯᠡ ᠣᠷᠣᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠵᠤ᠂ ᠤᠯᠠᠨ ᠠᠵᠢᠯ | ᠲᠦᠷᠦᠯ ᠤᠨ ᠲᠤᠰᠬᠠᠢ ᠮᠡᠷᠭᠡᠵᠢᠯᠲᠡᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠤᠯᠠᠨ ᠲᠠᠯ᠎ᠠ ᠶᠢᠨ | ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ | ᠦᠢᠯᠡᠳᠦᠯᠭᠡ ᠶᠢᠨ ᠲᠤᠷᠰᠢᠯᠭ᠎ᠠ᠂ ᠰᠢᠨ᠎ᠡ ᠶᠢ ᠡᠭᠦᠳᠬᠦ ᠠᠷᠭ᠎ᠠ ᠵᠠᠮ ᠵᠢᠴᠢ ᠲᠤᠯᠭᠠᠷᠠᠵᠤ ᠪᠠᠶᠢᠭ᠎ᠠ ᠥᠷᠢᠰᠥᠯᠳᠦᠭᠡᠨ | ᠪᠣᠯᠤᠨ ᠠᠵᠠ ᠲᠣᠬᠢᠶᠠᠯ ᠢ ᠬᠤᠪᠢᠶᠠᠯᠴᠠᠵᠤ᠂ ᠬᠤᠷᠠᠯ ᠳᠤ ᠣᠷᠣᠯᠴᠠᠭᠰᠠᠳ ᠲᠤ ᠡᠷᠬᠢᠮ ᠨᠠᠨᠳᠢᠨ ᠰᠡᠳᠬᠢᠴᠡ ᠪᠣᠯᠤᠨ | ᠰᠡᠩᠬᠡᠷᠡᠭᠦᠯᠦᠯ ᠬᠠᠩᠭᠠᠪᠡ᠃ | |