10 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ | ᠶᠢᠩ ᠬᠤᠳᠠ ᠶᠢᠨ ᠵᠠᠰᠠᠭ ᠤᠨ ᠣᠷᠳᠣᠨ ᠤ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠳᠤ ᠬᠤᠪᠢᠶᠠᠨ ᠰᠤᠭᠤᠴᠢᠨ | ᠪᠠᠶᠢᠴᠠᠭᠠᠵᠤ ᠬᠠᠷᠢᠭᠤᠴᠠᠯᠭ᠎ᠠ ᠮᠡᠳᠡᠬᠦᠯᠬᠦ+ ᠤᠯᠤᠰ ᠲᠦᠷᠦ ᠶᠢᠨ ᠶᠠᠷᠢᠯᠴᠠᠭ᠎ᠠ︾ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠪᠠᠭ ᠤᠨ ᠬᠡᠰᠡᠭ ᠪᠦᠷᠢᠯᠳᠦᠬᠦᠨ ᠪᠠ ᠬᠠᠶᠢᠨᠠᠨ ᠲᠣᠭᠤᠷᠢᠭ᠂ ᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ | ᠬᠤᠲᠠ ᠶᠢᠨ ᠡᠨᠧᠷᠭᠢ ᠶᠢᠨ ᠲᠤᠪᠴᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠬᠠᠷᠢᠭᠤᠴᠠᠯᠭ᠎ᠠ ᠪᠠᠨ | ᠮᠡᠳᠡᠬᠦᠯᠦᠭᠰᠡᠨ ᠪᠥᠭᠡᠳ ᠤᠯᠤᠰ ᠲᠥᠷᠥ ᠶᠢᠨ ᠶᠠᠷᠢᠯᠴᠠᠭ᠎ᠠ ᠬᠢᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠣᠷᠣᠯᠠᠭᠴᠢ ᠡᠷᠬᠢᠯᠡᠭᠴᠢ ᠸᠠᠩ ᠶᠦᠨ ᠾᠧᠩ ᠬᠤᠷᠠᠯ ᠳᠤ ᠣᠷᠣᠯᠴᠠᠪᠠ᠃ | ᠼᠦᠢ ᠵᠢᠩ ᠶᠢᠩ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ | ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠩᠭᠤ ᠶᠢᠨ ᠴᠢᠨᠠᠷᠲᠠᠢ᠂ | ᠲᠥᠪᠯᠡᠷᠡᠯ ᠤᠨ ᠴᠢᠨᠠᠷᠲᠠᠢ ᠰᠠᠬᠢᠯᠭ᠎ᠠ ᠪᠠᠲᠤ ᠶᠢᠨ ᠪᠣᠯᠪᠠᠰᠤᠷᠠᠯ ᠪᠠ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ | ᠥᠷᠭᠡᠨ ᠤᠯᠠᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ | ᠰᠠᠬᠢᠵᠤ᠂ ᠥᠪᠡᠷ ᠢ ᠪᠠᠨ ᠴᠢᠩᠭ᠎ᠠ ᠬᠢᠵᠠᠭᠠᠷᠯᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠪᠠᠷ | ᠬᠠᠷᠢᠭᠤᠴᠠᠯᠭ᠎ᠠ ᠡᠭᠦᠷᠭᠡᠯᠡᠵᠦ᠂ ᠡᠪ ᠬᠠᠮᠲᠤᠴᠤᠳ ᠤᠨ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ | ᠬᠠᠳᠠᠭᠠᠯᠠᠬᠤ ᠬᠡᠷᠡᠭᠲᠡᠢ᠃ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠡᠷᠡᠰ ᠪᠠᠲᠤ ᠪᠠᠶᠢᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠣᠣᠱᠯᠠᠭᠤᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ | ᠣᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ | ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ | ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ | ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ︽ ᠰᠢᠢᠳᠪᠦᠷᠢ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ︽ᠰᠠᠨᠠᠯ︾ ᠲᠠᠢ ᠬᠠᠷᠢᠴᠠᠭᠤᠯᠤᠨ᠂ ᠠᠵᠢᠯ ᠤᠨ ᠭᠠᠷᠳᠠᠬᠤ ᠴᠢᠭ ᠢᠶᠠᠨ | ᠣᠨᠣᠪᠴᠢᠲᠠᠶ ᠣᠯᠵᠤ᠂ ᠠᠯᠬᠤᠮ ᠠᠯᠬᠤᠮ ᠢᠶᠠᠷ ᠠᠬᠢᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢᠨ | ᠨᠠᠶᠢᠳᠠᠪᠤᠷᠢᠵᠢᠭᠤᠯᠤᠭᠴᠢ᠂ ᠦᠢᠯᠡᠳᠦᠯᠭᠡᠵᠢᠬᠦᠯᠦᠭᠴᠢ᠂ ᠪᠣᠳᠠᠲᠠᠶ ᠠᠵᠢᠯᠯᠠᠭᠴᠢ ᠪᠣᠯᠬᠤ ᠬᠡᠷᠡᠭᠲᠡᠶ᠃ ᠴᠢᠬᠡᠴᠢ ᠵᠠᠰᠠᠭ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠳᠠᠷᠤᠯᠲᠠ ᠪᠠ ᠬᠦᠴᠦ ᠨᠡᠮᠡᠵᠦ᠂ ᠪᠦᠬᠦ ᠲᠠᠯ᠎ᠠ ᠶᠢᠨ | ᠱᠠᠭᠠᠷᠳᠠᠯᠭ᠎ᠠ᠂ ᠲᠥᠪ ᠴᠢᠩᠭ᠎ᠠ ᠦᠨᠳᠦᠰᠦᠨ ᠰᠠᠨᠠᠭ᠎ᠠ᠂ ᠵᠠᠰᠠᠬᠤ ᠣᠶᠢᠯᠠᠭᠠᠭᠳᠠᠬᠤᠨ ᠢ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠵᠤ᠂ ᠡᠯ᠎ᠡ ᠱᠠᠲᠤᠨ ᠤ ᠨᠠᠮ ᠤᠨ ᠬᠤᠷᠢᠶᠠᠨ ︵ᠨᠠᠮ ᠤᠨ | ᠤᠳᠤᠷᠢᠳᠬᠤ ᠳᠤᠭᠤᠶᠢᠯᠠᠩ︶ ᠤ ᠨᠠᠮ ᠤᠨ ᠪᠠᠶᠢᠭᠤᠯᠤᠯᠲᠠ ᠶᠢᠨ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ︽ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠬᠡᠷᠡᠭᠵᠢᠭᠦᠯᠵᠦ᠂ ᠴᠢᠬᠡᠴᠢ ᠵᠠᠰᠠᠭ ᠤᠨ | ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠯ᠎ᠡ ᠲᠦᠷᠦᠯ ᠤᠨ ᠴᠠᠭᠳᠠᠨ ᠪᠠᠶᠢᠴᠠᠭᠠᠯᠳᠠ᠂ ᠬᠢᠨᠠᠨ | ᠪᠠᠶᠢᠴᠠᠭᠠᠯᠳᠠ᠂ ᠬᠢᠨᠠᠨ ᠪᠤᠲᠤᠯᠳᠠ ᠪᠠ ᠬᠢᠨᠠᠯᠲᠠ ᠲᠠᠯᠪᠢᠯᠳᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠤᠨ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ | ᠬᠢᠵᠦ᠂ ᠦᠨᠡᠨᠬᠦ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠠ ᠨᠡᠶᠢᠭᠡᠮ ᠤᠨ ᠬᠡᠪ ᠰᠤᠷᠲᠠᠯ ᠤᠨ | ᠲᠠᠭᠠᠭᠤᠯᠤᠭᠴᠢ᠂ ᠪᠤᠢ ᠪᠤᠯᠭᠠᠭᠴᠢ᠂ ᠬᠠᠮᠠᠭᠠᠯᠠᠭᠴᠢ ᠪᠣᠯᠬᠤ ᠬᠡᠷᠡᠭᠲᠡᠢ᠃ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠲᠠᠯ᠎ᠠ ᠪᠠᠷ ᠴᠢᠩᠭ᠎ᠠ ᠠᠴᠠ ᠴᠢᠩᠭ᠎ᠠ ᠠᠳᠬᠤᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ | ᠥᠷᠨᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠩᠭᠤᠵᠢᠭᠰᠠᠨ ᠬᠢᠨᠠᠯᠲᠠ | ᠬᠠᠮᠢᠶᠠᠷᠤᠯᠲᠠ ᠪᠣᠯᠤᠨ ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠵᠤ᠂ ︽ᠪᠢᠴᠢᠯ ᠢᠯᠵᠠᠷᠠᠯ︾ ︽ᠪᠠᠭ᠎ᠠ ᠨᠣᠶᠠᠨ | ᠯᠤᠲᠤ ᠰᠢᠨᠤᠬᠠᠢ︾ ᠵᠡᠷᠭᠡ ᠠᠰᠠᠭᠤᠳᠠᠯ ᠢ ᠶᠠᠭᠠᠬᠢᠭᠰᠠᠨ ᠴᠤ ᠨᠠᠶᠢᠷ ᠲᠠᠯᠪᠢᠬᠤ ᠦᠭᠡᠢ᠂ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠢ ᠢᠯᠵᠢᠷᠡᠯ ᠢ ᠡᠰᠡᠷᠭᠦᠴᠡᠬᠦ ᠳᠤᠮᠳᠠ ᠠᠴᠠ ᠨᠡᠩ ᠤᠯᠠᠨ | ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠬᠤᠪᠢᠷᠠᠭᠤᠯᠬᠤ ᠲᠠᠯ᠎ᠠ ᠪᠠᠷ | ᠪᠣᠳᠠᠲᠤ ᠦᠷ᠎ᠡ ᠪᠦᠲᠦᠮᠵᠢ ᠣᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ | ᠭᠦᠨᠵᠡᠭᠡᠢ ᠲᠤᠩᠭᠠᠨ ᠪᠣᠳᠣᠯᠬᠢᠯᠠᠵᠤ᠂ ᠪᠠᠶᠢᠴᠠᠭᠠᠨ ᠵᠠᠳᠠᠯᠵᠤ᠂ ︽ᠭᠤᠷᠪᠠᠨ ᠤᠯᠠᠨ ᠭᠤᠷᠪᠠᠨ ᠤᠳᠠᠭᠠᠨ︾ ︽ᠤᠳᠠᠭᠠᠨ᠂ | ᠪᠦᠳᠦᠭᠦᠯᠢᠭ᠂ ᠬᠠᠭᠤᠷᠮᠠᠭ︾ ᠵᠡᠷᠭᠡ ᠲᠤᠪᠤᠶᠢᠮ᠎ᠠ ᠠᠰᠠᠭᠤᠳᠠᠯ ᠲᠡᠰᠢ ᠡᠷᠡᠰ ᠰᠢᠭᠤᠷᠬᠠᠢ ᠠᠵᠢᠯᠯᠠᠵᠤ᠂ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠰᠤᠷᠲᠠᠯ ᠤᠨ ᠠᠷᠬᠠᠭ ᠭᠡᠮ ᠢ ᠠᠷᠢᠯᠭᠠᠵᠤ᠂ ᠰᠤᠷᠲᠠᠯ ᠴᠢᠬᠡᠴᠢ | ᠣᠪᠣᠷ ᠲᠥᠪ ᠪᠠᠶᠢᠬᠤ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠵᠤ᠂ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠠᠮᠢᠵᠢᠷᠠᠯ ᠤᠨ ᠬᠦᠴᠦᠨ ᠢ ᠨᠢ ᠪᠦᠬᠦ ᠲᠠᠯ᠎ᠠ ᠪᠠᠷ | ᠬᠥᠭᠵᠢᠭᠡᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠪᠦᠬᠦ ᠵᠢᠯ ᠤᠨ | ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠳᠠᠩᠰᠠ ᠮᠡᠳᠡᠭᠦᠯᠬᠦ ᠤᠬᠠᠮᠰᠠᠷ᠂ ᠬᠠᠭᠤᠳᠠᠰᠤ ᠲᠤᠰᠢᠶᠠᠬᠤ ᠤᠬᠠᠮᠰᠠᠷ᠂ | ᠦᠷ᠎ᠡ ᠪᠦᠲᠦᠭᠡᠯ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ | ᠨᠥᠬᠦᠪᠥᠷᠢᠯᠡᠵᠤ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠤ᠂ ᠰᠠᠭᠤᠷᠢ ᠪᠠᠨ ᠪᠠᠲᠤᠳᠬᠠᠵᠤ᠂ ᠳᠠᠪᠠᠭᠤᠯᠢᠭ ᠢᠶᠠᠨ | ᠪᠠᠳᠠᠷᠠᠭᠤᠯᠵᠤ᠂ ᠴᠢᠷᠮᠠᠶᠢᠨ ᠲᠡᠮᠡᠴᠡᠬᠦ ᠡᠷᠴᠢ ᠵᠣᠷᠢᠭ ᠢᠶᠠᠷ ᠪᠦᠬᠦ ᠵᠢᠯ ᠤᠨ ᠢᠯᠠᠯᠲᠠ ᠶᠢ ᠲᠡᠮᠡᠴᠡᠨ ᠤᠯᠬᠤ ᠬᠡᠷᠡᠭᠲᠡᠢ᠃ | ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ᠂ | ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ | ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ | ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠂ ᠬᠡᠲᠦᠷᠡᠮᠡᠬᠡᠢ ᠬᠡᠷᠡᠭ ᠭᠠᠷᠭᠠᠵᠤ ᠶᠠᠭᠠᠬᠢᠭᠰᠠᠨ ᠴᠤ ᠪᠣᠯᠬᠤ ᠦᠭᠡᠢ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠭᠠᠷᠭᠠᠵᠤ ᠪᠣᠯᠬᠤ ᠦᠭᠡᠢ ᠭᠡᠵᠡᠢ᠃ |