| | | | | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠶᠡᠬᠡᠪᠡᠷ | ᠬᠡᠷᠡᠭᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠦᠬᠠᠶ ᠬᠤᠲᠠ ᠶᠢᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠴᠢᠮ ᠱᠠᠭᠠᠷᠳᠠᠭᠳᠠᠵᠤ ᠪᠠᠶᠢᠭ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠪᠤᠶᠢᠵᠢᠭᠤᠯᠵᠤ᠂ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠠᠵᠤ ᠦᠶᠢᠯᠡᠰᠵᠢᠯᠲᠡ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢᠨ ᠭᠦᠨᠵᠡᠭᠡᠶ ᠠᠭᠤᠰᠤᠯᠴᠠᠯ ᠢ ᠪᠡᠶᠡᠯᠡᠭᠦᠯᠬᠦ ᠶᠢᠨ ᠲᠥᠯᠥᠭᠡ᠂ ᠳᠣᠤᠷᠠᠬᠢ ᠠᠷᠭ᠎ᠠ ᠬᠡᠮᠵᠢᠶ᠎ᠡ ᠶᠢ | ᠨᠦᠭᠦᠳ ᠢ ᠲᠣᠭᠲᠠᠭᠠᠪᠠ᠃ | ᠨᠢᠭᠡ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ | ᠬᠤᠶᠠᠷ ᠬᠦᠷᠢᠶᠡᠯᠡᠩ ᠤᠨ ᠠᠺᠠᠳᠧᠮᠢᠴᠢ ᠵᠡᠷᠭᠡ ᠳᠡᠭᠡᠳᠦ ᠲᠠᠰ ᠤᠨ ᠴᠢᠳᠠᠪᠤᠷᠢᠲᠠᠨ ᠦᠬᠠᠶ ᠬᠤᠲᠠ ᠳᠤ | ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠬᠡᠷᠡᠭᠵᠢᠭᠦᠯᠵᠦ᠂ ᠤᠯᠤᠰ ᠤᠨ ᠲᠠᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠭᠤᠤᠯᠳᠠᠯᠭ᠎ᠠ ᠲᠠᠢ | ᠲᠤᠷᠰᠢᠯᠲᠠ ᠶᠢᠨ ᠲᠠᠰᠤᠭ ᠵᠡᠷᠭᠡ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠭᠰᠠᠨ ᠪᠠᠶᠢᠪᠠᠯ᠂ ᠭᠤᠷᠪᠠᠨ ᠵᠢᠯ | ᠳᠠᠷᠠᠭᠠᠯᠠᠨ 200 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ | ᠦᠵᠡᠭᠦᠯᠦᠨ᠎ᠡ︔ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠤᠨᠳᠤᠤᠰᠢᠭᠤᠯᠬᠤ ᠦᠷ᠎ᠡ ᠪᠦᠲᠦᠭᠡᠯ ᠣᠯᠵᠤ᠂ | ᠬᠢᠨᠠᠨ ᠰᠢᠯᠭᠠᠷᠠᠭᠤᠯᠵᠤ ᠬᠢᠨᠠᠨ ᠲᠣᠭᠲᠠᠭᠠᠬᠤ ᠪᠠᠷ ᠪᠠᠲᠤᠯᠠᠭᠰᠠᠨ ᠤ ᠲᠠᠷᠠᠭ᠎ᠠ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ | ᠤᠯᠤᠰ ᠤᠨ ᠲᠠᠰ ᠤᠨ ᠲᠠᠪᠴᠠᠩ ᠳᠤ ᠬᠠᠮᠤᠭ ᠤᠨ ᠥᠨᠳᠥᠷ ᠲᠡᠭᠡᠨ ᠨᠢᠭᠡ ᠤᠳᠠᠭ᠎ᠠ ᠶᠢᠨ ᠴᠢᠨᠠᠷᠲᠠᠶ 1000 | ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠦᠨ᠎ᠡ︔ | ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠦᠢᠯᠡᠳᠬᠦ ᠦᠢᠯᠡᠰ ᠤᠨ | ᠰᠢᠨ᠎ᠡ ᠶᠢ ᠡᠭᠦᠳᠬᠦ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠰᠢᠨ᠎ᠡ ᠶᠢ ᠡᠭᠦᠳᠬᠦ ᠲᠠᠪᠴᠠᠩ | ᠪᠠᠶᠢᠭᠤᠯᠤᠭᠰᠠᠨ ᠪᠠᠶᠢᠪᠠᠯ᠂ ᠭᠤᠷᠪᠠᠨ ᠵᠢᠯ ᠳᠠᠷᠠᠭᠠᠯᠠᠨ 100 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠦᠨ᠎ᠡ︔ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠤᠨᠳᠤᠤᠰᠢᠭᠤᠯᠬᠤ ᠦᠷ᠎ᠡ ᠪᠦᠲᠦᠭᠡᠯ ᠣᠯᠵᠤ᠂ ᠬᠢᠨᠠᠨ ᠰᠢᠯᠭᠠᠷᠠᠭᠤᠯᠵᠤ ᠬᠢᠨᠠᠨ ᠲᠣᠭᠲᠠᠭᠠᠬᠤ ᠪᠠᠷ ᠪᠠᠲᠤᠯᠠᠭᠰᠠᠨ ᠤ | ᠲᠠᠷᠠᠭ᠎ᠠ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠲᠠᠰ ᠤᠨ ᠲᠠᠪᠴᠠᠩ ᠳᠤ ᠬᠠᠮᠤᠭ ᠤᠨ ᠥᠨᠳᠥᠷ | ᠲᠡᠭᠡᠨ ᠨᠢᠭᠡ ᠤᠳᠠᠭ᠎ᠠ ᠶᠢᠨ ᠴᠢᠨᠠᠷᠲᠠᠶ 500 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠪᠦᠯᠬᠦᠮ ᠤᠨ ᠬᠠᠷᠢᠭᠤᠴᠠᠯᠭᠠᠲᠠᠨ ᠳᠤ 200 ᠲᠡᠭᠰᠢ ᠳᠥᠷᠪᠡᠯᠵᠢᠨ | ᠮᠧᠲᠷ ᠤᠨ ᠣᠷᠣᠨ ᠰᠠᠭᠤᠴᠠ ︵ᠲᠤᠰᠬᠠᠶ ᠮᠡᠷᠭᠡᠵᠢᠯᠲᠡᠨ ᠤ ᠨᠡᠶᠢᠲᠡ ᠶᠢᠨ ᠪᠠᠶᠢᠷᠢ︶ ᠪᠤᠶᠤ ᠠᠳᠠᠯᠢ ᠲᠡᠭᠰᠢ | ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ ᠨᠥᠬᠦᠪᠥᠷᠢ ᠬᠠᠩᠭᠠᠨ᠎ᠠ᠃ | ᠬᠤᠶᠠᠷ᠂ ᠲᠤᠮᠳᠠᠭᠢ ᠬᠤᠭᠤᠴᠠᠭᠠᠨ ᠤ ᠲᠤᠷᠰᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ | ᠬᠤᠶᠠᠷ ᠬᠦᠷᠢᠶᠡᠯᠡᠩ ᠤᠨ ᠠᠺᠠᠳᠧᠮᠢᠴᠢ ᠵᠡᠷᠭᠡ ᠳᠡᠭᠡᠳᠦ ᠳᠡᠰ ᠤᠨ ᠴᠢᠳᠠᠪᠤᠷᠢᠲᠠᠨ ᠦᠬᠠᠶ ᠬᠤᠲᠠ ᠳᠤ | ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠲᠤᠷᠰᠢᠯᠲᠠ ᠶᠢᠨ ᠲᠠᠪᠴᠠᠩ ᠪᠠᠶᠢᠭᠤᠯᠵᠤ᠂ ᠵᠠᠪᠰᠠᠷ ᠤᠨ | ᠲᠤᠷᠰᠢᠯᠲᠠ ᠶᠢᠨ ᠦᠢᠯᠡᠴᠢᠯᠡᠭᠡ᠂ ᠰᠢᠨ᠎ᠡ ᠦᠢᠯᠡᠳᠬᠦᠨ ᠰᠤᠳᠤᠯᠤᠨ ᠨᠡᠭᠡᠭᠡᠬᠦ᠂ ᠦᠢᠯᠡᠳᠬᠦᠨ ᠤ ᠮᠡᠷᠭᠡᠵᠢᠯ ᠤᠨ ᠳᠡᠰ | ᠳᠡᠪᠰᠢᠬᠦ᠂ ᠦᠯᠢᠭᠡᠷ ᠬᠡᠪ ᠰᠣᠷᠢᠬᠤ᠂ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠵᠡᠷᠭᠡ ᠣᠯᠠᠨ ᠵᠦᠢᠯ ᠤᠨ | ᠬᠡᠯᠪᠡᠷᠢ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠵᠤ ᠴᠢᠳᠠᠬᠤ ᠮᠥᠷᠲᠡᠭᠡᠨ ᠭᠤᠷᠪᠠᠨ ᠵᠢᠯ ᠠᠴᠠ ᠳᠡᠭᠡᠭᠰᠢᠬᠢ | ᠲᠤᠰᠬᠠᠶᠢᠵᠢᠭᠰᠠᠨ ᠰᠤᠳᠤᠯᠤᠨ ᠨᠡᠭᠡᠭᠡᠬᠦ ᠪᠠ ᠲᠤᠮᠳᠠᠭᠢ ᠬᠤᠭᠤᠴᠠᠭᠠᠨ ᠤ ᠲᠤᠷᠰᠢᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠠᠭᠤᠷᠢ ᠲᠠᠢ ᠲᠤᠮᠳᠠᠭᠢ ᠬᠤᠭᠤᠴᠠᠭᠠᠨ ᠤ ᠲᠤᠷᠰᠢᠯᠲᠠ ᠶᠢᠨ ᠲᠠᠪᠴᠠᠩ ᠲᠠᠢ ᠪᠠᠶᠢᠵᠤ᠂ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠷᠢᠭᠤᠯᠤᠭᠰᠠᠨ ᠦᠷ᠎ᠡ ᠪᠦᠲᠦᠭᠡᠯ ᠣᠯᠤᠭᠰᠠᠨ ᠪᠣᠯ᠂ ᠲᠡᠭᠦᠨ ᠤ ᠪᠡᠯᠡ | ᠣᠷᠣᠭᠤᠯᠤᠯᠲᠠ ᠶᠢᠨ ᠬᠡᠮᠵᠢᠶ᠎ᠡ ᠶᠢᠨ 20% ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ | ᠦᠵᠡᠭᠦᠯᠵᠦ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠪᠦᠯᠬᠦᠮ ᠤᠨ | ᠬᠠᠷᠢᠭᠤᠴᠠᠯᠭᠠᠲᠠᠨ ᠳᠤ 150 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ︵ᠲᠤᠰᠬᠠᠶ ᠮᠡᠷᠭᠡᠵᠢᠯᠲᠡᠨ ᠤ | ᠨᠡᠶᠢᠲᠡ ᠶᠢᠨ ᠪᠠᠶᠢᠷᠢ︶ ᠪᠤᠶᠤ ᠠᠳᠠᠯᠢ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ ᠨᠥᠬᠦᠪᠥᠷᠢ | ᠬᠠᠩᠭᠠᠨ᠎ᠠ᠃ | ᠭᠤᠷᠪᠠ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠶᠢ ᠳᠡᠮᠵᠢᠨ᠎ᠡ | ︵ᠨᠢᠭᠡ︶ ᠴᠢᠳᠠᠪᠤᠷᠢᠲᠠᠨ ᠤ ᠴᠢᠯᠦᠭᠡᠲᠡᠢ ᠰᠢᠯᠵᠢᠬᠦ ᠠᠷᠭ᠎ᠠ ᠵᠠᠮ ᠢ ᠰᠢᠯᠤᠭᠤᠳᠬᠠᠨ᠎ᠠ᠃ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ 200 ᠴᠢᠳᠠᠪᠤᠷᠢᠲᠠᠨ ᠤ ᠲᠤᠰᠬᠠᠶ | ᠣᠷᠣᠨ ᠲᠤᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠨ᠎ᠡ᠃ ᠪᠦᠬᠦ ᠲᠤᠰᠢᠶᠠᠯ ᠳᠠᠭᠠᠨ ᠪᠦᠬᠦᠯᠢ 40 ᠨᠠᠰᠤᠨ ᠠᠴᠠ ᠳᠣᠷᠣᠭᠰᠢ᠂ | ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠳ᠋ᠣᠺᠲ᠋ᠣᠷ᠂ ᠮᠠᠰᠲ᠋ᠧᠷ᠂ ᠵᠢᠩᠬᠢᠨᠢ | ᠠᠩᠭᠢ ᠠᠴᠠ ᠲᠡᠭᠦᠰᠦᠭᠰᠡᠳ ᠢ ᠣᠷᠣᠭᠤᠯᠤᠨ ᠠᠪᠴᠢᠷᠠᠵᠤ᠂ ᠠᠵᠢᠯ ᠦᠢᠯᠡᠰ ᠤᠨ ᠣᠷᠣᠨ ᠲᠤᠭ᠎ᠠ ᠶᠢ ᠤᠷᠢᠳᠴᠢᠯᠠᠨ | ᠦᠯᠡᠳᠡᠭᠡᠵᠦ᠂ ᠠᠵᠤ ᠠᠬᠤᠶᠢᠯᠠᠯ ᠳᠤ ᠠᠵᠢᠯᠯᠠᠬᠤ ᠶᠢᠨ ᠬᠠᠮᠲᠤ ᠠᠵᠤ ᠠᠬᠤᠶᠢᠯᠠᠯ ᠠᠴᠠ ᠴᠠᠯᠢᠩ ᠣᠯᠭᠤᠵᠤ᠂ | ᠦᠨᠳᠦᠰᠦᠨ ᠦᠢᠯᠡᠴᠢᠯᠡᠭᠡᠨ ᠤ ᠬᠤᠭᠤᠴᠠᠭ᠎ᠠ ᠨᠢ ᠭᠤᠷᠪᠠᠨ ᠵᠢᠯ ᠪᠠᠶᠢᠬᠤ ᠶᠢᠨ ᠬᠠᠮᠲᠤ ᠬᠥᠳᠡᠯᠮᠦᠷᠢ ᠶᠢᠨ ᠭᠡᠷ᠎ᠡ | ᠲᠣᠭᠲᠠᠬᠤ ᠬᠡᠷᠡᠭᠲᠡᠶ᠃ ᠭᠡᠷ᠎ᠡ ᠶᠢᠨ ᠬᠤᠭᠤᠴᠠᠭ᠎ᠠ ᠨᠢ ᠳᠦᠭᠦᠷᠴᠦ ᠠᠵᠤ ᠠᠬᠤᠶᠢᠯᠠᠯ ᠳᠤ ᠦᠷᠭᠦᠯᠵᠢᠯᠡᠨ | ᠠᠵᠢᠯᠯᠠᠬᠤ ᠶᠢ ᠰᠣᠩᠭᠤᠭᠰᠠᠨ ᠪᠠᠶᠢᠪᠠᠯ᠂ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠂ 5 | ᠲᠦᠮᠡᠨ ᠲᠥᠭᠦᠷᠢᠭ ᠤᠨ ᠲᠣᠰ ᠭᠠᠵᠠᠷ ᠤᠨ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠣᠯᠭᠤᠵᠤ᠂ ᠬᠡᠷ | ᠪᠠᠶᠢᠰᠢᠩ ᠬᠤᠳᠠᠯᠳᠤᠨ ᠠᠪᠬᠤ ᠥᠬᠡᠶ ᠪᠣᠯ ᠮᠠᠨ ᠤ ᠬᠤᠲᠠ ᠶᠢᠨ ᠴᠢᠳᠠᠪᠤᠷᠢᠲᠠᠨ ᠤ ᠨᠡᠶᠢᠳᠡ ᠶᠢᠨ ᠪᠠᠶᠢᠷᠢ ᠳᠤ | ᠰᠦᠢᠳᠭᠡᠯ ᠬᠤᠷᠢᠶᠠᠬᠤ ᠥᠬᠡᠶ ᠪᠠᠷ ᠰᠠᠭᠤᠵᠤ ᠪᠣᠯᠤᠨ᠎ᠠ᠃ | ᠬᠡᠷᠪᠡ ᠦᠢᠯᠡᠴᠢᠯᠡᠬᠦ ᠬᠤᠭᠤᠴᠠᠭᠠᠨ ᠳᠤ ᠴᠢᠳᠠᠪᠤᠷᠢᠲᠠᠨ ᠣᠷᠣᠭᠤᠯᠤᠨ ᠠᠪᠴᠢᠷᠠᠭᠰᠠᠨ ᠠᠵᠤ | ᠠᠬᠤᠶᠢᠯᠠᠯ ᠯᠤᠭ᠎ᠠ ᠵᠥᠪᠳᠡᠯᠴᠡᠭᠡᠳ ᠰᠠᠨᠠᠯ ᠨᠢᠭᠡᠲᠡᠶ ᠪᠠᠶᠢᠪᠠᠯ᠂ ᠣᠷᠣᠨ ᠲᠣᠭᠠᠨ ᠤ ᠰᠠᠯᠠᠭ᠎ᠠ ᠮᠥᠴᠢᠷ ᠠᠵᠢᠯ | ᠦᠢᠯᠡᠰ ᠤᠨ ᠣᠷᠣᠨ ᠲᠤᠭ᠎ᠠ ᠶᠢ ᠨᠢ ︵ᠤᠷᠢᠳᠴᠢᠯᠠᠨ︶ ᠬᠤᠷᠢᠶᠠᠨ ᠠᠪᠴᠤ᠂ ᠭᠤᠷᠪᠠᠨ ᠲᠠᠯ᠎ᠠ ᠶᠢᠨ ᠬᠡᠯᠡᠯᠴᠡᠭᠡᠷ ᠢ | ᠳᠠᠭᠤᠰᠬᠠᠵᠤ ᠪᠣᠯᠤᠨ᠎ᠠ᠃ ᠦᠢᠯᠡᠴᠢᠯᠡᠬᠦ ᠬᠤᠭᠤᠴᠠᠭ᠎ᠠ ᠨᠢ ᠳᠦᠭᠦᠷᠪᠡᠯ ᠠᠵᠢᠯ ᠦᠢᠯᠡᠰ ᠤᠨ ᠨᠢᠭᠡᠴᠡ ᠶᠢ ᠰᠣᠩᠭᠤᠬᠤ | ᠪᠤᠶᠤ ᠠᠵᠤ ᠠᠬᠤᠶᠢᠯᠠᠯ ᠳᠤ ᠦᠯᠡᠳᠡᠵᠦ ᠠᠵᠢᠯᠯᠠᠵᠤ ᠪᠣᠯᠤᠨ᠎ᠠ᠃ ᠠᠵᠤ ᠠᠬᠤᠶᠢᠯᠠᠯ ᠳᠤ ᠦᠯᠡᠳᠡᠵᠦ ᠠᠵᠢᠯᠯᠠᠬᠤ ᠶᠢ | ᠰᠣᠩᠭᠤᠭᠰᠠᠨ ᠪᠠᠶᠢᠪᠠᠯ᠂ ᠣᠷᠣᠨ ᠲᠤᠭᠠᠨ ᠤ ᠰᠠᠯᠠᠭ᠎ᠠ ᠮᠥᠴᠢᠷ ᠠᠴᠠ ᠣᠷᠣᠨ ᠲᠤᠭ᠎ᠠ ᠶᠢ ᠨᠢ ᠬᠤᠷᠢᠶᠠᠨ ᠠᠪᠤᠨ᠎ᠠ︔ | ᠠᠵᠢᠯ ᠦᠢᠯᠡᠰ ᠤᠨ ᠨᠢᠭᠡᠴᠡ ᠶᠢ ᠰᠣᠩᠭᠤᠭᠰᠠᠨ ᠪᠠᠶᠢᠪᠠᠯ᠂ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢᠶᠠᠷ ᠨᠤᠲᠠᠯᠠᠭᠤᠯᠤᠭᠰᠠᠨ ᠤ ᠳᠠᠷᠠᠭ᠎ᠠ᠂ ᠵᠣᠬᠢᠶᠠᠨ | ᠪᠠᠶᠢᠭᠤᠯᠬᠤ᠂ ᠣᠷᠣᠨ ᠲᠤᠭ᠎ᠠ ᠪᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠠᠴᠠ ᠬᠤᠯᠪᠤᠭᠳᠠᠯ ᠪᠦᠬᠦᠢ ᠭᠠᠷᠳᠠᠮ ᠭᠦᠢᠴᠡᠳᠬᠡᠵᠦ᠂ ᠭᠡᠷ ᠪᠠᠶᠢᠰᠢᠩ ᠬᠤᠳᠠᠯᠳᠤᠨ ᠠᠪᠬᠤ | ᠨᠥᠬᠦᠪᠥᠷᠢ ᠣᠯᠭᠤᠬᠤ ᠦᠭᠡᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠰᠦᠢᠳᠬᠡᠯ ᠬᠤᠷᠢᠶᠠᠬᠤ ᠦᠭᠡᠢ ᠪᠠᠷ | ᠬᠡᠷᠡᠭᠯᠡᠬᠦ ᠬᠠᠷᠠᠭᠠᠯᠵᠠᠯ ᠦᠵᠡᠭᠦᠯᠦᠨ᠎ᠡ᠃ ᠨᠥᠬᠦᠴᠡᠯ ᠳᠤ ᠨᠡᠶᠢᠴᠡᠭᠰᠡᠨ ᠣᠷᠣᠭᠤᠯᠵᠤ ᠠᠪᠴᠢᠷᠠᠭᠰᠠᠨ ᠴᠢᠳᠠᠪᠤᠷᠢᠲᠠᠨ | ᠳᠤ ᠬᠤᠶᠠᠷ ᠲᠠᠯ᠎ᠠ ᠪᠠᠷ ᠢᠶᠠᠨ ᠰᠣᠩᠭᠤᠬᠤ ᠵᠠᠷᠴᠢᠮ ᠶᠣᠰᠣᠭᠠᠷ᠂ ᠡᠳᠦᠷ ᠲᠤᠲᠤᠮ ᠤᠨ ᠬᠠᠮᠢᠶᠠᠷᠤᠯᠲᠠ᠂ ᠣᠨ ᠤ ᠬᠢᠨᠠᠨ | ᠰᠢᠯᠭᠠᠯᠲᠠ ᠶᠢ ᠠᠵᠤ ᠠᠬᠤᠶᠢᠯᠠᠯ ᠪᠣᠯᠤᠨ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢᠨ ᠪᠠᠶᠢᠭ᠎ᠠ ᠨᠢᠭᠡᠴᠡ ᠠᠴᠠ | ᠬᠠᠮᠲᠤᠪᠠᠷ ᠬᠠᠷᠢᠭᠤᠴᠠᠨ᠎ᠠ᠃ | ︵ᠬᠤᠶᠠᠷ︶ ᠠᠵᠤ ᠠᠬᠤᠶᠢᠯᠠᠯ ᠤᠨ ᠴᠢᠳᠠᠪᠤᠷᠢᠲᠠᠨ ᠣᠷᠤᠭᠤᠯᠬᠤ ᠶᠢ ᠳᠡᠮᠵᠢᠨ᠎ᠡ᠃ ᠠᠵᠤ ᠠᠬᠤᠶᠢᠯᠠᠯ ᠤᠨ | ᠰᠢᠨ᠎ᠡ ᠪᠠᠷ ᠣᠷᠣᠭᠤᠯᠤᠨ ᠠᠪᠴᠢᠷᠠᠭᠰᠠᠨ 3 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ | ᠳ᠋ᠣᠺᠲ᠋ᠣᠷ ᠪᠠ ᠮᠠᠰᠲ᠋ᠧᠷ ᠲᠤ 1 ᠵᠢᠯ ᠤᠨ ᠳᠠᠷᠠᠭ᠎ᠠ ᠲᠣᠰ ᠲᠣᠰ ᠰᠠᠷ᠎ᠠ ᠪᠦᠷᠢ 3000 ᠲᠥᠭᠦᠷᠢᠭ᠂ ᠰᠠᠷ᠎ᠠ ᠪᠦᠷᠢ | 2000 ᠲᠥᠭᠦᠷᠢᠭ ᠤᠨ ᠨᠥᠬᠦᠪᠥᠷᠢ ᠣᠯᠭᠤᠵᠤ᠂ ᠵᠠᠯᠭᠠᠭ᠎ᠠ ᠪᠠᠷ 24 ᠰᠠᠷ᠎ᠠ ᠨᠥᠬᠦᠪᠥᠷᠢ ᠥᠭᠬᠦ ᠶᠢᠨ ᠬᠠᠮᠲᠤ | ᠬᠤᠲᠠ᠂ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠳᠤ 3 ᠵᠢᠯ ᠰᠦᠢᠳᠭᠡᠯ ᠬᠤᠷᠢᠶᠠᠬᠤ ᠥᠬᠡᠶ ᠪᠠᠷ | ᠬᠡᠷᠡᠭᠯᠡᠬᠦ ᠬᠠᠷᠠᠭᠠᠯᠵᠠᠯ ᠬᠦᠷᠲᠡᠭᠡᠨ᠎ᠡ᠃ ᠠᠵᠤ ᠠᠬᠤᠶᠢᠯᠠᠯ ᠤᠨ ᠰᠢᠨ᠎ᠡ ᠪᠠᠷ ᠣᠷᠣᠭᠤᠯᠤᠨ ᠠᠪᠴᠢᠷᠠᠭᠰᠠᠨ ᠭᠠᠶᠢᠯᠢ | ᠠᠴᠠ ᠡᠮᠦᠨᠡᠭᠢ ᠵᠢᠯ ᠤᠨ ᠴᠠᠯᠢᠩ ᠨᠢ 60 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠠᠶᠢᠬᠤ ᠶᠢᠨ ᠬᠠᠮᠲᠤ | 3 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠳᠡᠭᠡᠳᠦ ᠵᠡᠷᠭᠡ ᠶᠢᠨ ᠡᠵᠡᠩᠨᠡᠯᠲᠡ | ᠬᠠᠮᠢᠶᠠᠷᠤᠯᠲᠠ ᠶᠢᠨ ᠴᠢᠳᠠᠪᠤᠷᠢᠲᠠᠨ᠂ ᠮᠡᠷᠭᠡᠵᠢᠯ ᠤᠨ ᠰᠤᠳᠤᠯᠤᠨ ᠨᠡᠭᠡᠭᠡᠬᠦ ᠳᠠᠭᠠᠭᠤᠯᠤᠭᠴᠢ ᠳᠤ ᠵᠢᠯ ᠳᠠᠷᠠᠭᠠᠯᠠᠨ 10 | ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠥᠷᠢ ᠣᠯᠭᠤᠨ᠎ᠠ᠃ | ︵ᠭᠤᠷᠪᠠ︶ ᠠᠵᠤ ᠠᠬᠤᠶᠢᠯᠠᠯ ᠤᠨ ᠳᠡᠭᠡᠳᠦ ᠲᠠᠰ ᠤᠨ ᠴᠢᠳᠠᠪᠤᠷᠢᠲᠠᠨ ᠪᠤᠶᠢᠵᠢᠭᠤᠯᠬᠤ ᠶᠢ ᠵᠣᠷᠢᠭᠵᠢᠭᠤᠯᠤᠨ᠎ᠠ᠃ | ᠠᠵᠤ ᠠᠬᠤᠶᠢᠯᠠᠯ ᠤᠨ ᠰᠢᠨ᠎ᠡ ᠪᠠᠷ ᠰᠣᠩᠭᠤᠭᠳᠠᠭᠰᠠᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ | ᠴᠢᠳᠠᠪᠤᠷᠢᠲᠠᠨ︾ ᠤ ᠢᠨᠵᠧᠨᠧᠷᠢᠩ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠬᠤᠪᠢ ᠨᠡᠮᠡᠷᠢ ᠶᠢᠨ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠶᠢᠨ ᠱᠠᠩᠨᠠᠯ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠱᠠᠩᠨᠠᠯ᠂ ᠣᠯᠠᠨ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠭᠥᠷᠳᠡᠭᠰᠡᠨ ᠬᠤᠪᠢ ᠬᠥᠮᠦᠨ ᠪᠤᠶᠤ | ᠪᠦᠯᠬᠦᠮ ᠳᠤ ᠨᠢᠭᠡ ᠤᠳᠠᠭ᠎ᠠ ᠶᠢᠨ ᠴᠢᠨᠠᠷᠲᠠᠶ 20 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠨ᠎ᠠ︔ ᠠᠵᠤ | ᠠᠬᠤᠶᠢᠯᠠᠯ ᠤᠨ ᠰᠢᠨ᠎ᠡ ᠪᠠᠷ ᠰᠣᠩᠭᠤᠭᠳᠠᠭᠰᠠᠨ ᠠᠺᠠᠳᠧᠮᠢᠴᠢ ᠪᠤᠶᠤ ᠤᠯᠤᠰ ᠤᠨ ︽ᠲᠦᠮᠡᠨ ᠬᠥᠮᠦᠨ ᠤ ᠲᠥᠯᠥᠪᠯᠡᠭᠡ︾ | ᠳᠤ ᠰᠣᠩᠭᠤᠭᠳᠠᠭᠰᠠᠨ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ | ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠵᠡᠷᠭᠡ ᠱᠠᠩᠨᠠᠯ | ᠬᠦᠷᠳᠡᠭᠰᠡᠨ ᠬᠤᠪᠢ ᠬᠥᠮᠦᠨ ᠪᠤᠶᠤ ᠪᠦᠯᠬᠦᠮ ᠨᠡᠶᠢᠲᠡ ᠳᠤ ᠨᠢᠭᠡ ᠤᠳᠠᠭ᠎ᠠ ᠶᠢᠨ ᠴᠢᠨᠠᠷᠲᠠᠶ 50 ᠲᠦᠮᠡᠨ | ᠲᠥᠭᠦᠷᠢᠭ ᠤᠨ ᠱᠠᠩᠨᠠᠯ ᠤᠨ ᠮᠥᠩᠭᠦ ᠣᠯᠭᠤᠨ᠎ᠠ᠃ | ︵ᠲᠦᠷᠪᠡ︶ ᠠᠵᠤ ᠠᠬᠤᠶᠢᠯᠠᠯ ᠤᠨ ᠬᠤᠲᠠ ᠶᠢᠨ ᠭᠠᠳᠠᠨᠠᠬᠢ ᠰᠤᠳᠤᠯᠤᠨ ᠨᠡᠭᠡᠭᠡᠬᠦ ᠰᠠᠭᠤᠷᠢᠨ ᠭᠠᠵᠠᠷ | ᠪᠠᠶᠢᠭᠤᠯᠬᠤ ᠶᠢ ᠳᠡᠮᠵᠢᠨ᠎ᠡ᠃ ᠮᠠᠨ ᠤ ᠬᠤᠲᠠ ᠶᠢᠨ ᠨᠥᠬᠦᠴᠡᠯ ᠲᠠᠢ ᠠᠵᠤ ᠠᠬᠤᠶᠢᠯᠠᠯ ᠤᠨ ᠬᠤᠲᠠ ᠶᠢᠨ ᠭᠠᠳᠠᠨ᠎ᠠ | ᠰᠤᠳᠤᠯᠤᠨ ᠨᠡᠭᠡᠭᠡᠬᠦ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠰᠢᠨ᠎ᠡ ᠪᠠᠷ ᠪᠠᠶᠢᠭᠤᠯᠤᠭᠰᠠᠨ ᠬᠤᠲᠠ ᠶᠢᠨ | ᠭᠠᠳᠠᠨᠠᠬᠢ ᠰᠤᠳᠤᠯᠤᠨ ᠨᠡᠭᠡᠭᠡᠬᠦ ᠰᠠᠭᠤᠷᠢᠨ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠶ 100 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ ᠰᠤᠳᠤᠯᠤᠨ ᠨᠡᠭᠡᠭᠡᠬᠦ ᠰᠠᠭᠤᠷᠢᠨ ᠭᠠᠵᠠᠷ ᠲᠤ ᠡᠷᠬᠡᠪᠰᠢ ᠲᠣᠭᠲᠠᠪᠤᠷᠢᠲᠠᠶ | ᠰᠤᠳᠤᠯᠤᠨ ᠨᠡᠭᠡᠭᠡᠬᠦ ᠲᠠᠯᠠᠪᠤᠷ᠂ ᠰᠤᠳᠤᠯᠤᠨ ᠨᠡᠭᠡᠭᠡᠬᠦ ᠪᠦᠯᠬᠦᠮ ᠬᠢᠭᠡᠳ ᠰᠤᠳᠤᠯᠤᠨ ᠨᠡᠭᠡᠭᠡᠬᠦ ᠣᠷᠣᠭᠤᠯᠤᠯᠲᠠ ᠬᠢᠬᠦ | ᠬᠡᠷᠡᠭᠲᠡᠶ᠃ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠰᠤᠳᠤᠯᠤᠨ ᠨᠡᠭᠡᠭᠡᠬᠦ ᠲᠠᠯᠠᠪᠤᠷ ᠤᠨ ᠬᠡᠷᠡᠭᠯᠡᠬᠦ ᠲᠠᠯᠠᠪᠠᠶ ᠶᠢ | 2000 ᠲᠡᠭᠰᠢ ᠳᠥᠷᠪᠡᠯᠵᠢᠨ ᠮᠧᠲᠷ ᠠᠴᠠ ᠳᠤᠲᠠᠭᠤ ᠥᠬᠡᠶ ᠪᠠᠶᠢᠯᠭᠠᠬᠤ ᠬᠡᠷᠡᠭᠳᠡᠢ︔ ᠪᠠᠶᠢᠩᠭᠤ ᠰᠠᠭᠤᠭ᠎ᠠ | ᠰᠤᠳᠤᠯᠤᠨ ᠨᠡᠭᠡᠭᠡᠬᠦ ᠠᠵᠢᠯᠲᠠᠨ ᠤ ᠠᠵᠢᠯᠲᠠᠨ ᠠᠵᠢᠯᠴᠢᠨ ᠤ ᠶᠡᠷᠦᠩᠬᠡᠶ ᠲᠤᠭ᠎ᠠ ᠳᠠᠬᠢ ᠡᠵᠡᠯᠡᠬᠦ ᠬᠠᠷᠢᠴᠠᠯ ᠢ | 30% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠣᠨ ᠤ ᠰᠣᠳᠣᠯᠣᠨ ᠨᠡᠭᠡᠭᠡᠬᠦ ᠵᠠᠷᠣᠳᠠᠯ ᠤᠨ ᠣᠨ ᠤ | ᠣᠷᠣᠯᠭ᠎ᠠ ᠶᠢᠨ ᠶᠡᠷᠦᠩᠬᠡᠶ ᠲᠤᠭ᠎ᠠ ᠳᠠᠬᠢ ᠡᠵᠡᠯᠡᠬᠦ ᠬᠠᠷᠢᠴᠠᠯ ᠢ 30% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ | ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢᠶᠠᠨ ᠦᠬᠠᠶ ᠳᠤ ᠪᠤᠴᠠᠭᠠᠵᠤ ᠤᠯᠠᠷᠢᠯᠠᠭᠤᠯᠤᠭᠰᠠᠨ ᠣᠨ ᠤ | ᠡᠵᠡᠩᠨᠡᠯᠲᠡ ᠶᠢᠨ ᠣᠷᠣᠯᠭ᠎ᠠ ᠶᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠬᠤ ᠬᠡᠷᠡᠭᠳᠡᠢ᠃ | ᠳᠥᠷᠪᠡ᠂ ᠬᠡᠷᠡᠭᠵᠢᠭᠦᠯᠬᠦ ᠪᠠᠲᠤᠯᠠᠭ᠎ᠠ | ᠲᠣᠰ ᠠᠷᠭ᠎ᠠ ᠬᠡᠮᠵᠢᠶ᠎ᠡ ᠨᠦᠭᠦᠳ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ | ᠪᠥᠬᠦᠶ ᠪᠦᠷᠢᠯᠳᠦᠬᠦᠨ ᠨᠢᠭᠡᠴᠡ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠬᠤ ᠪᠠᠯᠠ | ᠮᠥᠩᠭᠦ ᠶᠢ ᠬᠤᠲᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠤᠨ ᠰᠤᠳᠤᠯᠤᠨ ᠨᠡᠭᠡᠭᠡᠬᠦ ᠪᠠᠯᠠ ᠮᠥᠩᠭᠦ ᠪᠠ | ᠴᠢᠳᠠᠪᠤᠷᠢᠲᠠᠨ ᠤ ᠲᠤᠰᠬᠠᠶ ᠪᠠᠯᠠ ᠮᠥᠩᠭᠦ ᠶᠢᠨ ᠳᠣᠲᠣᠷ᠎ᠠ ᠠᠴᠠ ᠭᠠᠷᠭᠠᠬᠤ ᠶᠢᠨ ᠬᠠᠮᠲᠤ ᠲᠣᠰ ᠱᠠᠲᠤᠨ ᠤ ᠡᠳ᠋ ᠤᠨ | ᠵᠠᠰᠠᠭ ᠤᠨ ᠣᠨ ᠤ ᠲᠥᠰᠦᠪ ᠲᠤ ᠵᠢᠭᠰᠠᠭᠠᠨ ᠣᠷᠣᠭᠤᠯᠵᠤ᠂ ᠴᠠᠭ ᠲᠤᠬᠠᠶ ᠳᠤᠨᠢ ᠪᠠᠭᠤᠯᠭᠠᠬᠤ ᠪᠠ ᠰᠠᠯᠭᠠᠨ ᠥᠭᠬᠦ | ᠬᠡᠷᠡᠭᠲᠡᠶ᠃ ᠲᠣᠰ ᠠᠷᠭ᠎ᠠ ᠬᠡᠮᠵᠢᠶ᠎ᠡ ᠨᠦᠭᠦᠳ ᠢ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ | ᠬᠠᠮᠲᠤᠷᠠᠨ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2024 ᠣᠨ ᠤ 8 ᠰᠠᠷ᠎ᠠ ᠶᠢᠨ 12 ᠤᠨ ᠡᠳᠦᠷ | | | | | | |