【ᠲᠤᠭ᠎ᠠ ᠪᠦᠷᠢᠳᠭᠡᠯ】9414 ᠡᠷᠦᠭᠡ ᠲᠠᠷᠢᠶᠠᠯᠠᠬᠤ ᠣᠷᠣᠨ ᠤ ᠰᠠᠭᠤᠭᠠᠯᠢ ᠠᠷᠠᠳ 1317.96 ᠲᠦᠮᠡᠨ ᠲᠥᠭᠦᠷᠢᠭ ᠤᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢᠨ ᠨᠥᠬᠦᠪᠥᠷᠢ ᠣᠯᠪᠠ
ᠨᠡᠶᠢᠲᠡᠯᠡᠭᠰᠡᠨ ᠴᠠᠭ᠄
2024/10/22
     ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠮᠠᠨ ᠤ ᠬᠤᠲᠠ ᠶᠢᠨ ᠭᠤᠷᠪᠠᠨ ᠲᠣᠭᠤᠷᠢᠭ ᠡᠯ᠎ᠡ ᠠᠵᠢᠯ ᠤᠨ ᠭᠤᠭᠴᠤᠭ᠎ᠠ ᠪᠠᠨ ᠨᠠᠷᠢᠨ ᠪᠣᠳᠠᠲᠠᠶ ᠠᠳᠬᠤᠵᠤ᠂ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢᠨ ᠨᠥᠬᠦᠪᠥᠷᠢ ᠣᠯᠭᠤᠬᠤ ᠠᠵᠢᠯ ᠢᠶᠠᠨ ᠡᠮᠬᠢ ᠵᠢᠷᠤᠮ ᠲᠠᠢ ᠥᠷᠨᠢᠭᠦᠯᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠶᠢ ᠪᠦᠲᠦᠮᠵᠢᠲᠡᠶ ᠪᠠᠲᠤᠯᠠᠪᠠ᠃      ᠬᠠᠶᠢᠨᠠᠨ ᠲᠣᠭᠤᠷᠢᠭ ᠲᠣᠰ ᠠᠵᠢᠯ ᠢ ᠤᠷᠢᠳᠴᠢᠯᠠᠨ ᠲᠣᠬᠢᠷᠠᠭᠤᠯᠤᠨ ᠪᠠᠶᠢᠷᠢᠯᠠᠭᠤᠯᠵᠤ᠂ 9 ᠰᠠᠷ᠎ᠠ ᠶᠢᠨ ᠳᠤᠮᠳᠠᠴᠢ ᠪᠠᠷ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠨᠡᠭᠦᠷᠡᠰᠦ ᠬᠡᠷᠡᠭᠯᠡᠬᠦ ᠬᠡᠷᠡᠭᠴᠡᠭᠡ ᠶᠢᠨ ᠰᠠᠭᠤᠷᠢ ᠲᠤᠭ᠎ᠠ ᠶᠢ ᠤᠶᠢᠯᠠᠭᠠᠨ ᠵᠢᠭᠰᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠭᠦᠷᠡᠰᠦᠨ ᠤ ᠬᠠᠩᠭᠠᠯᠭ᠎ᠠ ᠶᠢᠨ ᠪᠠᠶᠢᠳᠠᠯ ᠢ ᠨᠢ ᠲᠤᠬᠠᠶ ᠶᠢᠨ ᠭᠠᠵᠠᠷ ᠲᠤᠨᠢ ᠣᠶᠢᠯᠠᠭᠠᠪᠠ︔ 9 ᠰᠠᠷ᠎ᠠ ᠶᠢᠨ ᠰᠡᠭᠦᠯᠴᠢ ᠪᠠᠷ ᠨᠥᠬᠦᠪᠥᠷᠢ ᠥᠭᠬᠦ ᠬᠡᠯᠪᠡᠷᠢ ᠪᠠᠷ ᠨᠥᠬᠦᠴᠡᠯ ᠳᠤ ᠨᠡᠶᠢᠴᠡᠬᠦ 3399 ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢᠨ ᠨᠥᠬᠦᠪᠥᠷᠢ ᠣᠯᠭᠤᠪᠠ᠃ ︽ᠮᠠᠨ ᠤ ᠪᠠᠯᠭᠠᠰᠤ 9 ᠰᠠᠷ᠎ᠠ ᠶᠢᠨ 10 ᠤ ᠡᠳᠦᠷ ᠪᠠᠶᠢᠳᠠᠯ ᠢ ᠣᠶᠢᠯᠠᠭᠠᠬᠤ ᠠᠵᠢᠯ ᠢᠶᠠᠨ ᠪᠡᠶᠡᠯᠡᠭᠦᠯᠵᠦ᠂ 9 ᠰᠠᠷ᠎ᠠ ᠶᠢᠨ ᠰᠡᠭᠦᠯᠴᠢ ᠪᠠᠷ ᠨᠥᠬᠦᠪᠦᠷᠢ ᠶᠢ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠭᠠᠷᠳᠠᠭᠤᠯᠪᠠ︾ ᠭᠡᠵᠦ ᠬᠠᠶᠢᠨᠠᠨ ᠲᠣᠭᠤᠷᠢᠭ ᠤᠨ ᠪᠠᠶᠠᠨᠲᠤᠬᠤᠢ ᠪᠠᠯᠭᠠᠰᠤ ᠶᠢᠨ ᠠᠵᠢᠯᠲᠠᠨ ᠯᠢ ᠰᠢᠣᠢ ᠬᠡᠯᠡᠪᠡ᠃      ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢᠨ ᠨᠥᠬᠦᠪᠥᠷᠢ ᠶᠢᠨ ᠪᠠᠯᠠ ᠮᠥᠩᠭᠦ ᠶᠢ ᠬᠤᠲᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠡᠭᠦᠷᠭᠡᠯᠡᠵᠦ᠂ ᠡᠷᠦᠬᠡ ᠪᠦᠷᠢ ᠳᠤ 2 ᠲᠣᠨ 1400 ᠲᠥᠭᠦᠷᠢᠭ ᠤᠨ ᠪᠠᠷᠢᠮᠵᠢᠶ᠎ᠠ ᠪᠠᠷ ᠲᠠᠷᠬᠠᠭᠠᠵᠤ᠂ ᠪᠥᠬᠦ ᠬᠤᠲᠠ ᠶᠢᠨ 9414 ᠡᠷᠦᠬᠡ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ 1317.96 ᠲᠦᠮᠡᠨ ᠲᠥᠭᠦᠷᠢᠭ ᠤᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢᠨ ᠨᠥᠬᠦᠪᠥᠷᠢ ᠣᠯᠭᠤᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠳᠤᠯᠠᠭᠠᠨ ᠡᠪᠦᠯᠵᠢᠬᠦ ᠶᠢ ᠪᠠᠲᠤᠯᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号