ᠼᠦᠢ ᠵᠢᠩ ᠶᠢᠩ ᠬᠤᠲᠠ ᠶᠢᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/10/23
     10 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ᠃ ᠬᠤᠳᠠ ᠶᠢᠨ ᠳᠡᠳ᠋ ᠳᠠᠷᠤᠭ᠎ᠠ ᠵᠠᠩ ᠸᠧᠢ ᠣᠷᠣᠯᠴᠠᠪᠠ᠃      ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠤᠨ ᠰᠤᠷᠪᠤᠯᠵᠢᠯᠠᠭ᠎ᠠ ᠬᠦᠯᠢᠶᠡᠨ ᠠᠪᠬᠤ ᠲᠠᠰᠤᠭ ᠲᠤ᠂ ᠼᠦᠢ ᠵᠢᠩ ᠶᠢᠩ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠨᠢᠭᠤᠷᠲᠠᠨ ᠬᠦᠯᠢᠶᠡᠨ ᠠᠪᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠤᠴᠢᠷ ᠰᠢᠯᠲᠠᠭᠠᠨ ᠪᠠ ᠠᠰᠠᠭᠤᠳᠠᠯ ᠤᠨ ︽ᠲᠦᠭᠵᠢᠷᠡᠯ︾ ᠢ ᠨᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠲᠠᠢ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠲᠥᠰᠦᠯ ᠢ ᠰᠤᠳᠤᠯᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠦᠭᠭᠦᠭᠰᠡᠨ ᠪᠤᠶᠤ ᠲᠤᠰᠢᠶᠠᠨ ᠥᠭᠴᠦ ᠰᠢᠢᠳᠪᠦᠷᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠲᠣᠬᠢᠲᠠᠢ ᠰᠢᠢᠳᠪᠦᠷᠢᠯᠡᠬᠦ ᠶᠢ ᠠᠬᠢᠭᠤᠯᠪᠠ᠃      ᠼᠦᠢ ᠵᠢᠩ ᠶᠢᠩ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠪᠠ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠴᠢᠬᠤᠯᠠ ᠠᠵᠢᠯ ᠮᠥᠨ᠂ ᠡᠯ᠎ᠡ ᠱᠠᠲᠤᠨ ᠤ ᠪᠠᠶᠢᠭᠤᠯᠭ᠎ᠠ᠂ ᠨᠢᠭᠡᠴᠡ ᠵᠢᠴᠢ ᠲᠡᠭᠦᠨ ᠤ ᠤᠳᠤᠷᠢᠳᠬᠤ ᠺᠠᠳ᠋ᠷ᠂ ᠠᠵᠢᠯᠲᠠᠳ ᠤᠯᠠᠨ ᠲᠦᠮᠡᠨ ᠤ ᠬᠢᠨᠠᠯᠲᠠ ᠶᠢ ᠬᠦᠯᠢᠶᠡᠬᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠴᠢᠬᠤᠯᠠ ᠠᠷᠭ᠎ᠠ ᠵᠠᠮ ᠮᠥᠨ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠠᠤᠯᠢ ᠲᠣᠭᠲᠠᠭᠠᠯ ᠶᠣᠰᠣᠭᠠᠷ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠢᠢᠳᠪᠦᠷᠢᠯᠡᠬᠦ ᠶᠢ ᠬᠦᠴᠦᠲᠡᠢ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ  ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠳᠤᠷᠢᠳᠬᠤ ᠺᠠᠳ᠋ᠷ ᠤᠨ ᠳᠣᠷᠣᠭᠰᠢ ᠪᠠᠭᠤᠵᠤ ᠰᠤᠷᠪᠤᠯᠵᠢᠯᠠᠭ᠎ᠠ ᠬᠦᠯᠢᠶᠡᠨ ᠠᠪᠬᠤ᠂ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠰᠢᠶᠠᠨ ᠥᠭᠴᠦ ᠰᠢᠢᠳᠪᠦᠷᠢᠯᠡᠭᠦᠯᠬᠦ᠂ ᠮᠥᠷᠳᠡᠨ ᠬᠠᠷᠢᠭᠤ ᠲᠤᠰᠬᠠᠬᠤ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠠᠵᠢᠯᠯᠠᠭᠠᠨ ᠤ ᠲᠣᠭᠲᠠᠴᠠ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠦᠴᠢᠷ ᠲᠦᠪᠡᠭᠲᠡᠢ ᠬᠡᠷᠡᠭ ᠢ ᠲᠥᠪᠯᠡᠷᠡᠭᠦᠯᠦᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ︽ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠪᠦᠬᠦᠨ ᠢ ᠰᠢᠢᠳᠪᠦᠷᠢᠯᠡᠬᠦ︾ ᠶᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠤᠯᠭᠠᠵᠤ ᠦᠭᠭᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号