【ᠲᠤᠭ᠎ᠠ ᠪᠦᠷᠢᠳᠭᠡᠯ】ᠪᠥᠬᠦ ᠬᠤᠲᠠ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠨᠡᠶᠢᠲᠡ 2500 ᠭᠠᠷᠤᠶ ᠬᠤᠪᠢ ᠭᠦᠢᠴᠡᠳᠬᠡᠪᠡ
ᠨᠡᠶᠢᠲᠡᠯᠡᠭᠰᠡᠨ ᠴᠠᠭ᠄
2024/10/28
     2021 ᠣᠨ ᠤ 10 ᠰᠠᠷ᠎ᠠ ᠠᠴᠠ ᠨᠠᠰᠢ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ 19 ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠲᠤᠬᠠᠶᠢᠯᠠᠭᠰᠠᠨ ᠠᠵᠢᠯ ᠢ ᠨᠡᠶᠢᠲᠡ 2577 ᠬᠤᠪᠢ ᠭᠦᠢᠴᠡᠳᠬᠡᠵᠦ᠂ ᠣᠨᠳᠣᠤ ᠭᠠᠵᠠᠷ ᠲᠤ ᠲᠤᠰᠢᠶᠠᠨ ᠬᠠᠳᠠᠭᠠᠯᠠᠭᠤᠯᠤᠭᠰᠠᠨ ᠠᠵᠢᠯᠲᠠᠨ ᠳᠤ 2500 ᠭᠠᠷᠤᠶ ᠬᠥᠮᠦᠨ ᠣᠳᠠᠭ᠎ᠠ ᠦᠢᠯᠡᠴᠢᠯᠡᠪᠡ᠃      ᠣᠶᠢᠷ᠎ᠠ ᠶᠢᠨ ᠵᠢᠯ ᠠᠴᠠ ᠨᠠᠰᠢ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠰᠢᠯᠢᠳᠡᠭᠵᠢᠭᠦᠯᠦᠨ᠂ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ︾ ︽ᠣᠷᠣᠯᠠᠨ ᠬᠤᠷᠢᠶᠠᠵᠤ ᠣᠷᠣᠯᠠᠨ ᠭᠦᠢᠴᠡᠳᠭᠡᠬᠦ︾ ︽ᠣᠯᠠᠨ ᠭᠠᠵᠠᠷ ᠬᠠᠮᠲᠤᠷᠠᠨ ᠭᠦᠢᠴᠡᠳᠭᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠤᠵᠢ ᠠᠯᠤᠰᠯᠠᠨ ᠨᠡᠶᠢᠳᠡᠮ ᠭᠦᠢᠴᠡᠳᠭᠡᠬᠦ ᠶᠢ ᠪᠡᠶᠡᠯᠡᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠬᠤᠶᠠᠷ ᠭᠠᠵᠠᠷ ᠤᠨ ᠨᠠᠰᠢ ᠴᠠᠰᠢ ᠶᠠᠪᠤᠬᠤ ᠵᠠᠷᠤᠳᠠᠯ ᠪᠠ ᠴᠠᠭ ᠤᠨ ᠥᠪᠡᠷ ᠤᠨ ᠥᠷᠲᠡᠭ ᠢ ᠨᠢ ᠠᠷᠪᠢᠯᠠᠨ ᠦᠭᠴᠦ᠂ ᠨᠠᠩ ᠣᠯᠠᠨ ᠠᠵᠢᠯᠲᠠᠨ ᠠᠵᠢᠯᠴᠢᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠶᠢ ᠮᠡᠳᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ︽ᠬᠥᠮᠦᠨ ᠢᠶᠠᠷ ᠦᠨᠳᠦᠰᠦ ᠪᠣᠯᠭᠠᠬᠤ︾ ᠦᠢᠯᠡᠴᠢᠯᠡᠭᠡᠨ ᠤ ᠣᠨᠣᠯᠵᠢᠬᠤᠨ ᠢ ᠦᠷᠭᠦᠯᠵᠢᠯᠡᠨ ᠪᠠᠷᠢᠮᠲᠠᠯᠠᠵᠤ᠂ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠬᠠᠶᠢᠯᠠᠭᠰᠠᠨ ᠠᠵᠢᠯ ᠤᠨ ᠴᠤᠪᠤᠷᠠᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠣᠷᠴᠢᠨ ᠲᠤᠭᠤᠷᠢᠨ ᠢᠶᠠᠨ ᠦᠷᠭᠦᠯᠵᠢᠯᠡᠨ ᠲᠠᠰ ᠲᠡᠪᠰᠢᠬᠦᠯᠬᠦ ᠶᠢ ᠠᠬᠢᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号