ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠮᠡᠳᠡᠬᠦᠯᠬᠦ+ ᠤᠯᠤᠰ ᠲᠥᠷᠥ ᠶᠢᠨ ᠶᠠᠷᠢᠯᠴᠠᠭ᠎ᠠ︾ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/28
     10 ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠹᠧᠩ ᠰᠢᠤᠸᠠᠢ ᠲᠤᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠮᠡᠳᠡᠬᠦᠯᠬᠦ+ ᠤᠯᠤᠰ ᠲᠥᠷᠥ ᠶᠢᠨ ᠶᠠᠷᠢᠯᠴᠠᠭ᠎ᠠ︾ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠰᠡᠭ ᠪᠠᠭ ᠤᠨ ᠪᠦᠷᠢᠯᠳᠦᠬᠦᠨ ᠪᠠ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠬᠠᠷᠢᠭᠤᠴᠠᠯᠭ᠎ᠠ ᠮᠡᠳᠡᠬᠦᠯᠬᠦ ᠶᠢ ᠰᠣᠨᠣᠰᠤᠭᠰᠠᠨ ᠪᠥᠭᠡᠳ ᠤᠯᠤᠰ ᠲᠥᠷᠥ ᠶᠢᠨ ᠶᠠᠷᠢᠯᠴᠠᠭ᠎ᠠ ᠬᠢᠪᠡ᠃      ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠶᠡᠷᠦᠩᠬᠡᠶ ᠱᠦᠵᠢ  ᠶᠢᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠡᠭᠡ ᠴᠢᠭᠯᠡᠯ᠂ ᠶᠡᠭᠡ ᠵᠠᠷᠴᠢᠮ᠂ ᠶᠡᠭᠡ ᠶᠣᠰᠣ ᠶᠢ ᠪᠠᠲᠤ ᠰᠠᠬᠢᠬᠤ ᠬᠡᠷᠡᠭᠲᠡᠶ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠴᠢᠬᠤᠯᠠ ᠶᠡᠭᠡ ᠵᠦᠢᠯᠡᠰ ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠬᠠᠮᠰᠠᠷ ᠠᠴᠠ ᠪᠠᠨ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠠᠬᠢᠭᠤᠯᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠬᠠᠮᠢᠶᠠᠷᠤᠯᠲᠠ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠰᠠᠶᠢᠲᠤᠷ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ ᠨᠥᠬᠦᠳ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠥᠪᠡᠷ ᠢ ᠪᠠᠨ ᠴᠢᠩᠭ᠎ᠠ ᠬᠢᠵᠠᠭᠠᠷᠯᠠᠵᠤ᠂ ᠠᠷᠢᠭᠤᠨ ᠴᠢᠬᠡᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠲᠦᠷᠢ ᠲᠥᠷᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠨ ᠲᠦᠷᠭᠡᠨ ᠪᠦᠷᠢᠨᠰᠢᠬᠦᠯᠵᠦ᠂ ᠬᠡᠯᠪᠡᠷᠢᠴᠢ ᠦᠵᠡᠯ ᠢ ᠡᠷᠡᠰ ᠰᠡᠷᠭᠡᠶᠢᠯᠡᠵᠦ᠂ ︽ᠦᠳᠳᠡᠷ ᠲᠦᠷᠭᠡᠨ ᠳᠠᠷᠦ᠋ᠢᠬᠠᠨ ᠭᠦᠢᠴᠡᠳᠬᠡᠬᠦ᠂ ᠦᠨᠡᠨᠬᠦ ᠠᠳᠬᠤᠨ ᠪᠣᠳᠠᠲᠠᠢ ᠠᠵᠢᠯᠯᠠᠬᠤ︾ ᠰᠤᠷᠲᠠᠯ ᠢ ᠶᠡᠬᠡᠪᠡᠷ ᠪᠠᠳᠠᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠳᠡᠭᠲᠡᠷ ᠲᠤ ᠭᠠᠷᠴᠤ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号