ᠵᠧᠤ ᠶᠢᠨ ᠰᠢᠩ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠮᠡᠳᠡᠬᠦᠯᠬᠦ+ ᠤᠯᠤᠰ ᠲᠥᠷᠥ ᠶᠢᠨ ᠶᠠᠷᠢᠯᠴᠠᠭ᠎ᠠ︾ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/28
     10 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠮᠡᠳᠡᠬᠦᠯᠬᠦ+ ᠤᠯᠤᠰ ᠲᠥᠷᠥ ᠶᠢᠨ ᠶᠠᠷᠢᠯᠴᠠᠭ᠎ᠠ︾ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢᠨ ᠨᠠᠮ ᠤᠨ ᠬᠤᠷᠢᠶᠠᠨ ᠤ ︵ᠨᠠᠮ ᠤᠨ ᠤᠳᠤᠷᠢᠳᠬᠤ ᠳᠤᠭᠤᠶᠢᠯᠠᠩ︶ ᠱᠦᠵᠢ ᠶᠢᠨ ᠬᠠᠷᠢᠭᠤᠴᠠᠯᠭ᠎ᠠ ᠮᠡᠳᠡᠬᠦᠯᠬᠦ ᠶᠢ ᠰᠣᠨᠣᠰᠤᠭᠰᠠᠨ ᠪᠥᠭᠡᠳ ᠤᠯᠤᠰ ᠲᠥᠷᠥ ᠶᠢᠨ ᠶᠠᠷᠢᠯᠴᠠᠭ᠎ᠠ ᠬᠢᠪᠠ᠃      ᠬᠤᠷᠠᠯ ᠳᠡᠭᠡᠷ᠎ᠡ᠂ ᠶᠠᠨ ᠳ᠋ᠦᠩ᠂ ᠯᠢ ᠳ᠋ᠦᠩ᠂ ᠿᠣᠣ ᠴᠥᠩ ᠱᠦ᠂ ᠵᠠᠩ ᠸᠧᠢ᠂ ᠴᠢᠶᠣᠤ ᠲᠢᠶᠠᠨ ᠹᠧᠩ ᠵᠢᠴᠢ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠭᠵᠢᠬᠦᠯᠦᠯᠳᠡ ᠶᠢᠨ ᠲᠥᠪ ᠤᠨ ᠭᠤᠣᠯ ᠬᠠᠷᠢᠭᠤᠴᠠᠯᠭᠠᠲᠠᠨ ᠨᠥᠬᠦᠳ ᠲᠡᠰ ᠳᠠᠷᠠᠭᠠᠯᠠᠨ ᠬᠠᠷᠢᠭᠤᠴᠠᠯᠭ᠎ᠠ ᠪᠠᠨ ᠮᠡᠳᠡᠬᠦᠯᠪᠡ᠃ ᠬᠠᠷᠢᠭᠤᠴᠠᠯᠭ᠎ᠠ ᠪᠠᠨ ᠮᠡᠳᠡᠬᠦᠯᠬᠦ ᠶᠢ ᠰᠣᠨᠣᠰᠤᠭᠰᠠᠨ ᠤ ᠲᠠᠷᠠᠭ᠎ᠠ᠂ ᠵᠧᠦ ᠶᠢᠨ ᠰᠢᠩ ᠶᠡᠷᠦᠩᠬᠡᠶᠢᠯᠡᠭᠰᠡᠨ ᠦᠨᠡᠯᠡᠯᠲᠡ ᠬᠢᠵᠦ᠂ ᠠᠮᠵᠢᠯᠲᠠ ᠶᠢ ᠨᠢ ᠨᠤᠲᠠᠯᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠨᠢ ᠵᠢᠭᠠᠵᠤ ᠭᠠᠷᠭᠠᠭᠰᠠᠨ ᠪᠥᠭᠡᠳ ᠠᠵᠢᠯ ᠤᠨ ᠱᠠᠭᠠᠷᠳᠠᠯᠭ᠎ᠠ ᠳᠤᠷᠠᠳᠴᠠᠢ᠃ ᠲᠡᠷᠡ ᠬᠡᠯᠡᠭᠰᠡᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠨᠡᠨ ᠬᠦ ᠬᠢᠪᠡᠰᠦ ᠵᠣᠬᠢᠬᠤ ᠶᠠᠪᠤᠳᠠᠯ ᠪᠣᠯᠭᠠᠵᠤ᠂ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠣᠯᠭᠠᠨ ᠦᠷᠭᠦᠯᠵᠢᠯᠡᠨ ᠴᠢᠩᠭ᠎ᠠ ᠪᠦᠭᠡᠳ ᠪᠣᠳᠠᠲᠠᠢ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠪᠣᠳᠠᠲᠠᠢ ᠦᠷ᠎ᠡ ᠪᠦᠲᠦᠮᠵᠢ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠤᠯᠠᠮ ᠴᠢᠨᠠᠭᠰᠢᠳᠠ ᠪᠠᠬᠢᠵᠢᠭᠦᠯᠦᠨ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠨᠡᠪᠲᠡᠯᠬᠦ ᠮᠠᠶ᠋ᠢᠭ ᠤᠨ ᠬᠢᠨᠠᠯᠲᠠ ᠬᠠᠮᠢᠶᠠᠷᠤᠯᠲᠠ ᠪᠠᠨ ᠬᠦᠴᠦᠯᠡᠨ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠬᠦᠴᠦᠲᠡᠢ ᠪᠦᠲᠦᠮᠵᠢᠲᠡᠢ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠲᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠵᠤ᠂ ᠡᠳᠦᠷ ᠲᠤᠳᠤᠮ ᠤᠨ ᠬᠢᠨᠠᠯᠲᠠ ᠪᠠᠨ ᠪᠣᠳᠠᠲᠠᠶᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠲᠠ ᠶᠢᠨ ᠱᠠᠲᠤᠨ ᠤ ᠤᠳᠤᠷᠢᠳᠤᠯᠭ᠎ᠠ ᠪᠣᠯᠤᠨ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶᠠᠨ ᠤ ︵ᠨᠠᠮ ᠤᠨ ᠤᠳᠤᠷᠢᠳᠬᠤ ᠳᠤᠭᠤᠶᠢᠯᠠᠩ︶ ︽ᠭᠤᠤᠯ ᠣᠳᠣᠷᠢᠳᠣᠯᠭ᠎ᠠ︾ ᠲᠦᠷᠦᠭᠦᠯᠡᠨ ᠰᠠᠶᠢᠨ ᠪᠠᠶᠢᠳᠠᠯ ᠭᠠᠷᠭᠠᠵᠤ᠂ ᠴᠤᠭ ᠰᠦᠯᠳᠡ ᠪᠠᠨ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠡᠷᠴᠢ ᠵᠣᠷᠢᠭ ᠢ ᠨᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠢᠭᠡ ᠯᠡ ᠰᠡᠳᠬᠢᠯ ᠢᠶᠠᠷ ᠬᠥᠭᠵᠢᠯᠲᠡ ᠶᠢ ᠠᠳᠬᠤᠵᠤ᠂ ᠥᠭᠡᠷᠡᠴᠢᠯᠡᠯᠲᠡ ᠶᠢ ᠠᠬᠢᠭᠤᠯᠵᠤ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠥᠬᠡᠶ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号