ᠵᠧᠦ ᠶᠢᠨ ᠰᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠭᠤᠤᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/10/29
    10 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠶᠡᠷᠦᠩᠬᠡᠶ ᠭᠤᠤᠯ ᠤᠨ ᠳᠠᠷᠤᠭ᠎ᠠ ᠵᠧᠤ ᠶᠢᠨ ᠰᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠭᠤᠤᠯ ᠴᠠᠭᠳᠠᠬᠤ ᠠᠵᠢᠯ ᠥᠷᠨᠢᠭᠦᠯᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ ᠣᠷᠣᠯᠴᠠᠪᠡ᠃

     ᠵᠧᠤ ᠶᠢᠨ ᠰᠢᠩ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠶᠢᠨ ᠵᠠᠰᠠᠯᠳᠠ

 ᠶᠢᠨ ᠬᠥᠭᠡᠷᠭᠡ ᠶᠢᠨ ᠦᠷᠳᠡᠭᠡ᠂ ᠬᠠᠳᠤᠨ ᠭᠤᠣᠯ ᠤᠨ ᠦᠬᠠᠢ ᠶᠢᠨ ᠬᠡᠰᠡᠭ ᠲᠤ ᠤᠷᠤᠰᠤᠨ ᠣᠷᠣᠬᠤ ᠭᠠᠵᠠᠷ ᠪᠤᠯᠬᠤ

ᠬᠠᠶᠢᠨᠠᠨ ᠲᠣᠭᠤᠷᠢᠭ ᠤᠨ ᠲᠤᠰᠤᠲᠤ ᠭᠤᠣᠯ᠂ ᠳ᠋ᠦ᠋ ᠺᠸᠦ ᠲᠣᠰᠬᠤᠨ ᠤ ᠬᠠᠳᠤᠨ ᠭᠤᠣᠯ ᠤᠨ ᠤᠰᠤ ᠲᠠᠳᠠᠬᠤ ᠭᠠᠵᠠᠷ᠂

ᠬᠠᠳᠤᠨ ᠭᠤᠣᠯ ᠤᠨ ᠬᠠᠶᠢᠷᠤᠪ ᠤᠨ ᠲᠤᠬᠤᠢ ᠶᠢᠨ ᠬᠡᠰᠡᠭ ᠤᠨ ᠡᠷᠬᠢ ᠶᠢᠨ ᠬᠠᠮᠠᠭᠠᠯᠠᠯᠳᠠ ᠶᠢ ᠶᠡᠷᠦᠩᠬᠡᠶᠢᠯᠡᠨ ᠵᠠᠰᠠᠬᠤ

ᠲᠦᠷᠦᠯ ᠵᠦᠢᠯ᠂ ᠬᠠᠶᠢᠷᠤᠪ ᠤᠨ ᠲᠤᠬᠤᠢ ᠲᠣᠭᠤᠷᠢᠭ ᠤᠨ ᠬᠠᠳᠤᠨ ᠭᠤᠣᠯ ᠤᠨ ᠬᠢᠯᠢ ᠠᠴᠠ ᠭᠠᠷᠬᠤ ᠭᠠᠵᠠᠷ ᠪᠤᠯᠬᠤ

ᠠᠯᠳᠠᠲᠤ ᠭᠤᠤᠯ ᠳᠤ ᠬᠦᠷᠴᠦ᠂ ᠡᠷᠭᠢ ᠶᠢ ᠬᠠᠮᠠᠭᠠᠯᠠᠯᠳᠠ ᠶᠢ ᠶᠡᠷᠦᠩᠬᠡᠶᠢᠯᠡᠨ ᠵᠠᠰᠠᠬᠤ᠂ ᠤᠰᠤ ᠲᠠᠳᠠᠬᠤ ᠬᠥᠭᠡᠷᠭᠡ ᠶᠢᠨ

ᠦᠷᠳᠡᠭᠡ ᠶᠢᠨ ᠠᠵᠢᠯᠯᠠᠭᠠᠨ᠂ ᠤᠰᠤᠨ ᠴᠥᠭᠦᠷᠥᠮ ᠤᠨ ᠬᠤᠷᠠᠳᠠᠰᠣ ᠶᠢ ᠴᠡᠪᠡᠷᠯᠡᠭᠰᠡᠨ ᠵᠡᠷᠭᠡ ᠪᠠᠶᠢᠳᠠᠯ ᠢ ᠨᠢ

ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ

ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠪᠠᠷ ᠢᠶᠠᠨ

ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠪᠣᠯᠤᠨ᠎ᠠ᠂ ᠪᠢᠳᠡ ᠰᠢ ᠶᠢᠨ ᠫᠢᠩ

ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠦᠷᠳᠡᠭᠡ ᠶᠢᠨ ᠠᠩᠬᠠᠨ ᠤ

ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ

ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ᠂

ᠤᠰᠤᠨ ᠤ ᠪᠣᠬᠢᠷᠲᠤᠯ᠂ ᠤᠰᠤᠨ ᠤ ᠠᠮᠤᠷ ᠲᠦᠪᠰᠢᠨ ︽ᠲᠠᠪᠤᠨ ᠤᠰᠤ ᠶᠢ ᠬᠠᠮᠲᠤᠪᠠᠷ ᠵᠠᠰᠠᠬᠤ︾ ᠶᠢ ᠨᠢᠭᠡᠳᠦᠯᠲᠡᠢ

ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ ᠤᠨ ᠦᠬᠠᠢ ᠶᠢᠨ ᠬᠡᠰᠡᠭ ᠤᠨ ᠥᠨᠢ ᠤᠳᠠᠭᠠᠨ ᠠᠮᠤᠷ ᠲᠦᠪᠰᠢᠨ

ᠪᠠᠶᠢᠬᠤ ᠶᠢ ᠪᠠᠲᠤᠯᠠᠬᠤ ᠬᠡᠷᠡᠭᠲᠡᠢ᠃ ᠤᠰᠤᠨ ᠴᠥᠭᠦᠷᠥᠮ ᠤᠨ ᠬᠤᠷᠠᠳᠠᠰᠣ ᠶᠢ ᠴᠡᠪᠡᠷᠯᠡᠬᠦ ᠪᠠ ᠡᠯᠡᠰᠦ ᠰᠢᠷᠣᠢ ᠶᠢᠨ

ᠡᠬᠢ ᠪᠠᠶᠠᠯᠢᠭ ᠢ ᠠᠰᠢᠭᠯᠠᠬᠤ ᠮᠡᠷᠭᠡᠵᠢᠯ ᠪᠣᠯᠤᠨ ᠵᠠᠭᠪᠤᠷ ᠢ ᠭᠦᠨᠵᠡᠭᠡᠢ ᠰᠤᠳᠤᠯᠵᠤ᠂ ᠥᠪᠡᠷ ᠤᠨ ᠦᠷᠳᠡᠭ᠂ ᠠᠰᠢᠭ

ᠣᠯᠵᠠᠪᠤᠷᠢ ᠶᠢ ᠲᠥᠰᠦᠭᠡᠯᠡᠨ ᠪᠤᠳᠤᠵᠤ᠂ ᠰᠢᠰᠲ᠋ᠧᠮ ᠲᠠᠢ ᠰᠢᠯᠢᠳᠡᠭᠵᠢᠭᠦᠯᠦᠨ᠂ ᠠᠮᠢ ᠠᠬᠤᠢ᠂ ᠠᠵᠤ ᠠᠬᠤᠢ᠂

ᠨᠡᠶᠢᠭᠡᠮ ᠤᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠤᠰᠤᠨ ᠤ ᠡᠬᠢ

ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠪᠦᠬᠦ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ

ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠤᠰᠤᠨ ᠤ ᠡᠬᠢ ᠪᠠᠶᠠᠯᠢᠭ ᠤᠨ ᠡᠯᠧᠮᠧᠨ᠋ᠲ ᠤᠨ ᠲᠡᠷᠢᠭᠦᠨ ᠤ

ᠦᠢᠯᠡᠳᠪᠦᠷᠢᠯᠡᠯ ᠤᠨ ᠬᠦᠴᠦᠨ ᠲᠡᠶᠢᠰᠢ ᠲᠥᠪᠯᠡᠷᠡᠬᠦ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠤᠨ ᠤᠰᠤ ᠠᠷᠪᠢᠯᠠᠵᠤ

ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ

ᠪᠠᠭᠠᠰᠬᠠᠬᠤ ᠪᠠ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠶᠡᠬᠡᠪᠡᠷ ᠠᠬᠢᠭᠤᠯᠵᠤ᠂ ᠤᠯᠠᠨ

ᠵᠦᠢᠯ ᠤᠨ ᠬᠡᠯᠪᠡᠷᠢ ᠶᠢᠨ ᠤᠰᠤᠨ ᠤ ᠡᠷᠬᠡ ᠶᠢᠨ ᠠᠷᠠᠯᠵᠢᠶ᠎ᠠ ᠶᠢ ᠰᠦᠪᠡᠭᠴᠢᠯᠡᠨ ᠥᠷᠨᠢᠭᠦᠯᠵᠦ᠂ ᠤᠰᠤᠨ ᠤ ᠡᠬᠢ

ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ

ᠭᠡᠵᠡᠢ᠃

     ᠵᠧᠤ ᠶᠢᠨ ᠰᠢᠩ ᠪᠠᠰᠠ ᠬᠠᠶᠢᠨᠠᠨ ᠲᠣᠭᠤᠷᠢᠭ ᠤᠨ ᠦᠵᠦᠬᠦᠷ ᠭᠤᠤᠯ ᠪᠣᠯᠤᠨ ᠬᠠᠶᠢᠷᠤᠪ ᠤᠨ ᠲᠤᠬᠤᠢ

ᠲᠣᠭᠤᠷᠢᠭ ᠤᠨ ᠴᠡᠭᠡᠯ ᠭᠤᠤᠯ ᠳᠤ ᠬᠦᠷᠴᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ

ᠪᠠᠶᠢᠳᠠᠯ ᠢ ᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠬᠠᠷᠢᠭᠤᠴᠠᠯᠭ᠎ᠠ ᠶᠢ

ᠡᠷᠡᠰ ᠪᠠᠲᠤ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠦᠷ᠎ᠡ ᠪᠦᠲᠦᠮᠵᠢ

 ᠪᠠᠨ ᠳᠡᠭᠡᠭᠰᠢᠯᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠬᠤᠯᠪᠤᠭᠳᠠᠯ ᠪᠥᠬᠦᠶ ᠠᠰᠠᠭᠤᠳᠠᠯ ᠢ

ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠲᠡᠷᠡ ᠶᠣᠰᠣᠭᠠᠷ ᠨᠢ ᠲᠠᠩᠰᠠ ᠲᠤᠰᠢᠶᠠᠬᠤ

ᠬᠡᠷᠡᠭᠲᠡᠶ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号