ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ  ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠶ᠎ᠡ
ᠨᠡᠶᠢᠲᠡᠯᠡᠭᠰᠡᠨ ᠴᠠᠭ᠄
2024/10/30
        —ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠢ ᠰᠣᠷᠪᠣᠯᠵᠢᠯᠠᠭᠰᠠᠨ ᠨᠢ      【ᠨᠠᠶᠢᠷᠠᠭᠤᠯᠤᠭᠴᠢ ᠶᠢᠨ ᠦᠭᠡ】10 ᠰᠠᠷ᠎ᠠ ᠶᠢᠨ 29 ᠤ ᠡᠳᠦᠷ᠂ ︽ᠥᠪᠥᠷ ᠮᠣᠩᠭᠤᠯ ᠤᠨ ᠡᠳᠦᠷ ᠤᠨ ᠰᠣᠨᠢᠨ︾ ᠨᠢᠭᠡᠳᠦᠭᠡᠷ ᠬᠡᠪ ᠤᠨ ︽ᠤᠳᠣᠭᠢᠴᠢᠯᠠᠯᠳᠠ ᠳᠤ ᠠᠩᠬᠠᠷᠣᠯ ᠢᠶᠠᠨ ᠲᠦᠪᠯᠡᠷᠡᠬᠦᠯᠵᠦ   ᠥᠭᠡᠷᠡᠴᠢᠯᠡᠯᠲᠡ ᠶᠢ ᠳᠠᠬᠢᠨ ᠭᠦᠨᠵᠡᠭᠡᠶᠢᠷᠡᠭᠦᠯᠤᠶ᠎ᠡ︾ ᠲᠤᠰᠬᠠᠶ ᠪᠤᠯᠤᠩ ᠳᠤ ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠶᠢᠨ ᠵᠧᠦ ᠶᠢᠨ ᠰᠢᠩ ᠢ ᠰᠣᠷᠪᠣᠯᠵᠢᠯᠠᠭᠰᠠᠨ ᠲᠤᠰᠬᠠᠶ ᠰᠤᠷᠪᠤᠯᠵᠢᠯᠠᠭ᠎ᠠ ᠶᠢ ᠨᠡᠶᠢᠲᠡᠯᠡᠵᠦ᠂ ᠮᠠᠨ ᠤ ᠬᠤᠲᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠣᠭᠰᠠᠨ᠂ ᠥᠭᠡᠷᠡᠴᠢᠯᠡᠯᠲᠡ ᠶᠢᠨ ᠰᠢᠪᠲᠤᠯᠤᠯᠲᠠ ᠪᠠ ᠤᠳᠤᠷᠢᠳᠤᠮᠵᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠣᠭᠰᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠪᠣᠳᠠᠲᠠᠶᠢᠵᠢᠭᠤᠯᠣᠭᠰᠠᠨ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠭᠰᠡᠨ ᠠᠷᠭ᠎ᠠ ᠬᠡᠮᠵᠢᠶ᠎ᠡ ᠪᠠ ᠪᠠᠶᠢᠳᠠᠯ ᠢᠶᠠᠨ ᠲᠠᠨᠢᠯᠴᠠᠭᠤᠯᠪᠠ᠃ ᠲᠤᠰ ᠰᠦᠯᠵᠢᠶ᠎ᠡ ᠲᠤᠰᠬᠠᠶᠢᠯᠠᠨ ᠣᠷᠴᠢᠭᠤᠯᠵᠤ ᠰᠢᠯᠵᠢᠭᠦᠯᠦᠨ ᠨᠡᠶᠢᠳᠡᠯᠡᠪᠡ᠃      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠰᠦᠷ ᠳᠠᠯᠠᠶᠢᠴᠠᠲᠠᠢ ᠪᠠᠷ ᠥᠭᠡᠷᠡᠴᠢᠯᠡᠯᠲᠡ ᠶᠢᠨ ᠬᠠᠭᠤᠳᠠᠰᠤ ᠶᠢ ᠵᠢᠷᠤᠭᠯᠠᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠳᠡ ᠶᠢ ᠡᠴᠦᠰ ᠲᠤᠨᠢ ᠲᠤᠯᠲᠠᠯ᠎ᠠ ᠬᠢᠬᠦ ᠬᠠᠮᠤᠭ ᠤᠨ ᠴᠢᠩᠭ᠎ᠠ ᠳᠠᠭᠤᠨ ᠢ ᠴᠤᠤᠷᠢᠶᠠᠳᠣᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ ᠬᠤᠳᠠ ᠪᠣᠯᠤᠭᠰᠠᠨ ᠤ ᠬᠤᠪᠢ ᠳᠤ᠂ ᠦᠬᠠᠢ ᠬᠤᠳᠠ ᠥᠭᠡᠷᠡᠴᠢᠯᠡᠯᠲᠡ ᠶᠢᠨ ᠰᠢᠪᠲᠤᠯᠤᠯᠲᠠ ᠪᠣᠯᠤᠨ ᠤᠳᠤᠷᠢᠳᠤᠮᠵᠢ ᠶᠢᠨ ᠦᠢᠯᠡᠳᠦᠯ ᠢᠶᠠᠨ ᠬᠡᠷᠬᠢᠨ ᠰᠠᠶᠢᠲᠤᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠤᠨ ᠪᠣᠳᠠᠲᠠᠶᠢᠵᠢᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠢ ᠰᠤᠷᠪᠤᠯᠵᠢᠯᠠᠭᠴᠢ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠢ ᠰᠤᠷᠪᠤᠯᠵᠢᠯᠠᠪᠠ᠃      ᠵᠧᠦ ᠶᠢᠨ ᠰᠢᠩ ᠬᠡᠯᠡᠭᠰᠡᠨ ᠨᠢ᠂ ᠦᠬᠠᠢ ᠪᠣᠯ ᠨᠡᠶᠢᠲᠡᠯᠢᠭ ᠡᠬᠢ ᠪᠠᠶᠠᠯᠢᠭ ᠤᠨ ᠬᠡᠯᠪᠡᠷᠢ ᠶᠢᠨ ᠬᠤᠳᠠ ᠪᠣᠯᠤᠨ᠎ᠠ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠣᠯ ᠵᠠᠶᠢᠯᠠᠰᠢ ᠦᠭᠡᠢ ᠰᠣᠩᠭᠤᠯᠲᠠ ᠪᠣᠯᠤᠨ᠎ᠠ᠂ ᠪᠢᠳᠡ ᠢᠮᠠᠭᠲᠠ ᠬᠡᠯᠪᠡᠷᠢ ᠪᠠᠨ ᠬᠤᠪᠢᠷᠠᠭᠤᠯᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠬᠥᠭᠵᠢᠯᠲᠡ ᠶᠢᠨ ᠪᠣᠭᠤᠮᠢ ᠶᠢ ᠲᠠᠰᠤᠷᠠᠯᠲᠠ ᠦᠭᠡᠢ ᠡᠪᠳᠡᠵᠦ᠂ ᠬᠥᠭᠵᠢᠯᠲᠡ ᠶᠢᠨ ᠳᠠᠪᠠᠭᠤᠯᠢᠭ ᠢᠶᠠᠨ ᠨᠢᠭᠲᠠᠷᠠᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢᠶᠠᠨ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠨᠢᠭᠡ ᠳᠤ᠂ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠢᠶᠠᠨ ᠬᠥᠭᠵᠢᠭᠡᠨ᠎ᠡ᠃ ᠰᠢ ᠶᠢᠨ ᠫᠢᠩ ᠶᠡᠷᠦᠩᠬᠡᠢ ᠱᠦᠵᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ ᠭᠡᠵᠦ ᠵᠢᠭᠠᠵᠤ ᠭᠠᠷᠭᠠᠵᠠᠢ᠃ ᠪᠢᠳᠡ ︽ᠠᠷᠭ᠎ᠠ ᠵᠠᠮ ᠳᠤ ᠲᠦᠰᠢᠭᠯᠡᠬᠦ︾ ᠢᠨᠧᠷᠼᠢ ᠶᠢᠨ ᠨᠦᠯᠦᠭᠡ ᠶᠢ ᠡᠷᠡᠰ ᠲᠠᠶᠠᠭᠳᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠲᠣᠭᠲᠠᠴᠠ ᠶᠢ ᠪᠠᠶᠢᠭᠤᠯᠵᠤ᠂ ᠣᠲᠣ ᠶᠢᠨ ᠪᠠᠶᠢᠭ᠎ᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠ ᠾᠯᠣᠷᠲᠤ ᠬᠤᠵᠢᠷ ᠤᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢ ᠳᠠᠪᠠᠭᠤᠯᠢᠭ ᠲᠠᠭᠠᠨ ᠲᠦᠰᠢᠭᠯᠡᠨ᠂ ᠠᠵᠤ ᠦᠢᠯᠡᠰ ᠤᠨ ᠬᠤᠯᠪᠣᠯᠳᠤᠯ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ᠂ ᠨᠡᠮᠡᠯᠲᠡ ᠥᠷᠲᠡᠭ ᠢᠶᠠᠨ ᠳᠡᠭᠡᠭᠰᠢᠯᠡᠭᠦᠯᠬᠦ ᠵᠡᠷᠭᠡ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠵᠠᠮ ᠢᠶᠠᠷ ᠵᠠᠮᠨᠠᠵᠤ᠂ ᠵᠢᠯ ᠳᠤ BDO ᠶᠢ 160 ᠲᠦᠮᠡᠨ ᠲᠣᠨ ᠪᠠ ᠳᠣᠤᠷᠠᠳᠤ ᠤᠷᠤᠰᠬᠠᠯ ᠤᠨ ᠦᠢᠯᠡᠳᠬᠦᠨ ᠢ 129 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ 53% ᠳᠤ ᠬᠦᠷᠭᠡᠵᠦ᠂ ᠠᠩᠬ᠎ᠠ ᠤᠳᠠᠭ᠎ᠠ ᠠᠭᠤᠷᠬᠠᠶ ᠮᠠᠯᠳᠠᠬᠤ ᠦᠢᠯᠡᠰ ᠠᠴᠠ ᠲᠠᠪᠠᠵᠦ᠂ ︽ᠨᠡᠬᠦᠷᠡᠰᠦ ᠪᠠᠷ ᠭᠤᠤᠯ ᠪᠤᠯᠭᠠᠭᠰᠠᠨ︾ ᠠᠵᠤ ᠦᠢᠯᠡᠰ ᠤᠨ ᠪᠦᠲᠦᠴᠡ ᠶᠢ ᠪᠦᠲᠦᠮᠵᠢᠲᠡᠶ ᠬᠤᠪᠢᠷᠠᠭᠤᠯᠪᠠ᠃ ᠪᠢᠳᠡ ᠢᠮᠠᠭᠲᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠶᠢ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠬᠥᠳᠡᠯᠭᠡᠭᠦᠷ ᠪᠣᠯᠭᠠᠵᠤ᠂ ᠴᠢᠳᠠᠪᠤᠷᠢᠲᠠᠨ ᠢᠶᠠᠷ ᠡᠨᠧᠷᠭᠢ ᠣᠯᠭᠤᠵᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ 17 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠪᠠᠯᠠ ᠮᠥᠩᠭᠦ ᠶᠢ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠭᠦᠯᠵᠦ᠂ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠤᠨ ᠴᠢᠯᠠᠭᠤᠨ ᠲᠣᠰᠣᠨ ᠤ ᠬᠦᠷᠢᠶᠡᠯᠡᠩ ᠵᠡᠷᠭᠡ ᠤᠯᠤᠰ ᠤᠨ ᠳᠣᠲᠣᠭᠠᠳᠤ ᠶᠢᠨ 7 ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠴᠤᠭᠯᠠᠷᠠᠭᠤᠯᠵᠤ᠂ ᠤᠯᠤᠰ ᠤᠨ ᠲᠠᠰ ᠤᠨ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠠᠮᠲᠤᠷᠠᠨ ᠪᠠᠶᠢᠭᠤᠯᠵᠤ᠂ ᠨᠢᠭᠡᠨᠲᠡ 4 ᠰᠤᠳᠤᠯᠭᠠᠨ ᠤ ᠬᠤᠪᠢᠶᠠᠷᠢ ᠲᠥᠪ ᠪᠠ 3 ᠦᠢᠯᠡᠴᠢᠯᠡᠭᠡᠨ ᠤ ᠲᠠᠪᠴᠠᠩ ᠢ ᠵᠣᠬᠢᠶᠠᠨ ᠪᠠᠶᠢᠭᠤᠯᠵᠤ᠂ 5 ᠵᠤᠷᠪᠤᠰ ᠰᠤᠳᠤᠯᠤᠨ ᠨᠡᠭᠡᠭᠡᠬᠦ ᠮᠡᠷᠭᠡᠵᠢᠯ ᠤᠨ ᠱᠤᠭᠤᠮ ᠢ ᠲᠣᠭᠲᠠᠭᠠᠵᠤ᠂ ᠳᠤᠮᠳᠠᠳᠤ ᠤᠯᠤᠰ ᠤᠨ BDO ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠡᠭᠦᠷᠢᠳᠡ ᠶᠢᠨ ᠡᠷᠭᠢᠯᠡᠬᠦ ᠭᠠᠵᠠᠷ ᠪᠣᠯᠭᠠᠪᠠ᠃ ᠪᠢᠳᠡ ᠠᠷᠪᠢᠯᠠᠨ ᠡᠷᠴᠢᠮᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠵᠣᠭᠤᠰ ᠬᠠᠮᠢᠶᠠᠷᠬᠤ ᠲᠠᠢ ᠠᠳᠠᠯᠢ ᠪᠠᠷ ᠤᠰᠤ ᠶᠢ ᠬᠠᠮᠢᠶᠠᠷᠴᠤ᠂ ︽ᠲᠡᠭ ᠰᠠᠭᠤᠷᠢᠲᠤ ᠲᠥᠰᠦᠪ︾ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ︽ᠲᠥᠰᠦᠪ+ ᠲᠥᠯᠥᠪᠯᠡᠭᠡ+ ᠨᠣᠷᠮ᠎ᠠ ᠲᠤᠭᠳᠠᠭᠠᠬᠤ︾ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ︽ᠬᠢᠨᠠᠬᠤ᠂ ᠵᠥᠪᠰᠢᠶᠡᠷᠡᠬᠦ᠂ ᠠᠪᠬᠤ᠂ ᠬᠠᠩᠭᠠᠬᠤ᠂ ᠬᠡᠷᠡᠭᠯᠡᠬᠦ᠂ ᠭᠠᠳᠠᠭᠰᠢᠯᠠᠭᠤᠯᠬᠤ︾ ᠪᠦᠬᠦ ᠬᠡᠯᠬᠢᠶ᠎ᠡ ᠪᠠᠷ ᠤᠰᠤ ᠠᠷᠪᠢᠯᠠᠬᠤ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠤᠰᠤᠨ ᠤ ᠲᠥᠰᠦᠪ ᠤᠨ ᠬᠠᠮᠢᠶᠠᠷᠤᠯᠲᠠ ᠶᠢᠨ 10 ᠲᠤᠷᠰᠢᠯᠲᠠ ᠶᠢᠨ ᠴᠢᠭ ᠤᠨ ᠭᠠᠵᠠᠷ ᠣᠷᠣᠨ ᠤ ᠨᠢᠭᠡ ᠪᠣᠯᠵᠤ᠂ ᠵᠠᠯᠭᠠᠭᠠᠳ ᠪᠠᠰᠠ ᠮᠤᠵᠢ ᠣᠷᠣᠨ ᠠᠯᠤᠰᠯᠠᠭᠰᠠᠨ ᠤᠰᠤᠨ ᠤ ᠡᠷᠬᠡ ᠶᠢᠨ ᠠᠷᠠᠯᠵᠢᠶᠠᠨ ᠤ ᠵᠠᠭᠪᠤᠷ ᠪᠠ ᠲᠤᠨᠤᠮᠠᠯ ᠤᠰᠤᠨ ᠤ ᠡᠷᠬᠡ ᠪᠠᠷ ᠬᠥᠷᠥᠩᠭᠡ ᠪᠤᠯᠭᠠᠵᠤ ᠵᠢᠭᠡᠯᠡᠯᠭᠡ ᠪᠠᠷᠢᠴᠠᠭᠠᠯᠠᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠤᠰᠤᠨ ᠤ ᠡᠬᠢ ᠪᠠᠶᠠᠯᠢᠭ ᠤᠨ ︽ᠬᠤᠶᠠᠳᠠᠬᠢ ᠬᠤᠪᠢᠶᠠᠷᠢᠯᠠᠯᠲᠠ︾ ᠶᠢ ᠲᠦᠯᠬᠢᠨ ᠠᠬᠢᠭᠤᠯᠬᠤ ᠪᠣᠯᠤᠨ᠎ᠠ᠃ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠴᠢᠳᠠᠪᠤᠷᠢᠲᠠᠨ᠂ ᠪᠡᠯᠡ ᠮᠥᠩᠭᠦ᠂ ᠮᠡᠷᠭᠡᠵᠢᠯ ᠵᠢᠴᠢ ᠭᠠᠵᠠᠷ ᠰᠢᠷᠣᠢ᠂ ᠤᠰᠤᠨ ᠤ ᠡᠷᠬᠡ᠂ ᠡᠨᠧᠷᠭᠢ ᠬᠡᠷᠡᠭᠯᠡᠬᠦ ᠵᠡᠷᠭᠡ ᠬᠤᠪᠣᠷ ᠴᠤᠬᠠᠭ ᠡᠬᠢ ᠪᠠᠶᠠᠯᠢᠭ ᠤᠨ ᠬᠦᠴᠦᠨ ᠵᠦᠢᠯ ᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠨ᠎ᠠ᠃      ᠬᠤᠶᠠᠷ ᠲᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢᠨ ᠬᠠᠨᠳᠤᠰᠢ ᠶᠢ ᠪᠠᠲᠤ ᠡᠵᠡᠮᠳᠡᠨ᠎ᠡ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠦᠨᠳᠦᠰᠦᠨ ᠵᠣᠷᠢᠯᠭ᠎ᠠ ᠪᠣᠯ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠶᠢᠨ ᠲᠥᠯᠥᠭᠡ ᠶᠤᠮ᠃ ᠪᠢᠳᠡ ᠥᠭᠡᠷᠡᠴᠢᠯᠡᠯᠲᠡ ᠶᠢᠨ ᠠᠷᠭ᠎ᠠ ᠪᠠᠷ ᠴᠢᠨᠠᠷ ᠰᠠᠶᠢᠲᠠᠢ ᠰᠤᠷᠭᠠᠨ ᠬᠥᠮᠦᠵᠢᠯ᠂ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠡᠮᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ︽1+ N︾ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠥᠨᠳᠥᠷ ᠪᠦᠲᠦᠮᠵᠢᠲᠡᠢ ᠬᠡᠷᠡᠭᠵᠢᠭᠦᠯᠵᠦ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ ᠾᠧ ᠳᠠᠬᠢ ᠰᠤᠷᠭᠠᠭᠤᠯᠢ ᠶᠢᠨ ᠲᠣᠭᠤᠷᠢᠭ ᠢ ᠪᠠᠶᠢᠭᠤᠯᠤᠨ ᠲᠠᠭᠤᠰᠬᠠᠵᠤ᠂ ᠭᠤᠷᠪᠠᠨ ᠬᠥᠬᠡ ᠲᠡᠰ ᠤᠨ ᠡᠮᠨᠡᠯᠭᠡ ᠶᠢᠨ ᠬᠤᠷᠢᠶ᠎ᠠ ᠶᠢ 2 ᠪᠠᠶᠢᠭᠤᠯᠵᠤ᠂ ᠰᠤᠷᠭᠠᠨ ᠬᠥᠮᠦᠵᠢᠯ᠂ ᠡᠮᠴᠢᠯᠡᠭᠡᠨ ᠤ ᠴᠢᠳᠠᠪᠤᠷᠢᠲᠠᠨ ᠢ 649 ᠨᠡᠷᠡᠰ ᠣᠷᠣᠭᠤᠯᠤᠨ ᠠᠪᠴᠢᠷᠠᠵᠤ᠂ ᠪᠦᠬᠦ ᠣᠷᠣᠨ ᠪᠦᠰᠡ ᠪᠠᠷ ᠢᠶᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ ᠡᠭᠦᠳᠦᠨ ᠪᠠᠶᠢᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠪᠠ ᠤᠯᠤᠰ ᠤᠨ ᠬᠢᠷᠢ ᠬᠡᠮ ᠤᠨ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠵᠤ᠂ ᠪᠦᠬᠦ ᠤᠯᠤᠰ ᠤᠨ ᠨᠢᠭᠲᠠ ᠬᠡᠯᠪᠡᠷᠢ ᠶᠢᠨ ᠬᠤᠳᠠ ᠶᠢᠨ ᠡᠮᠴᠢᠯᠡᠭᠡᠨ ᠤ ᠪᠦᠯᠦᠭᠯᠡᠯ ᠤᠨ ᠪᠦᠳᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠢᠶᠠᠷ ᠰᠣᠩᠭᠤᠭᠳᠠᠪᠠ᠃ ᠪᠢᠳᠡ ᠬᠠᠷᠢᠭᠤᠯᠳᠠ ᠲᠠᠢ ᠰᠡᠳᠬᠢᠬᠦᠶ ᠪᠠᠷ ᠬᠤᠳᠠ ᠶᠢᠨ ᠴᠢᠳᠠᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠡᠯ᠎ᠡ ᠱᠠᠳᠣ ᠡᠯ᠎ᠡ ᠲᠦᠷᠦᠯ ᠤᠨ ᠡᠬᠢ ᠪᠠᠶᠠᠯᠢᠭ ᠤᠨ ᠬᠦᠴᠦᠨ ᠢ ᠨᠡᠶᠢᠭᠡᠮ ᠲᠣᠭᠤᠷᠢᠭ ᠲᠤ ᠬᠦᠨᠵᠡᠭᠡᠶᠢᠷᠡᠬᠦᠯᠬᠦ ᠶᠢ ᠤᠨᠢᠨ ᠳᠡᠭᠡᠷ᠎ᠡ ᠨᠢ ᠠᠬᠢᠭᠤᠯᠵᠤ᠂ ᠰᠠᠭᠤᠷᠢ ᠪᠠᠨ ᠢᠵᠢ ᠪᠦᠷᠢᠳᠦᠭᠦᠯᠬᠦ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠨᠡᠶᠢᠭᠡᠮ ᠲᠣᠭᠤᠷᠢᠭ ᠤᠨ ᠵᠠᠰᠠᠯᠲᠠ ᠵᠡᠷᠭᠡ ᠲᠠᠯ᠎ᠠ ᠶᠢᠨ ᠬᠦᠴᠢᠷ ᠲᠦᠪᠡᠭᠲᠡᠶ ᠴᠢᠭ ᠢ ᠨᠡᠪᠲᠡᠷᠡᠭᠦᠯᠵᠦ᠂ ᠴᠢᠳᠠᠮᠵᠢ ᠪᠠᠷ ᠪᠦᠷᠢᠨ ᠭᠦᠢᠴᠡᠳ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢ 14 ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠬᠤᠳᠠ ᠶᠢᠨ ᠨᠢᠭᠡ ᠮᠦᠴᠡᠲᠤ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ ᠤᠯᠤᠰ ᠤᠨ ᠠᠩᠬᠠᠳᠠᠭᠴᠢ ᠪᠦᠯᠦᠭ ᠤᠨ ᠪᠦᠬᠦ ᠣᠷᠣᠨ ᠪᠦᠰᠡ ᠪᠠᠷ ᠲᠦᠯᠭᠢᠨ ᠠᠬᠢᠭᠤᠯᠬᠤ ᠬᠤᠰᠢᠭᠤᠴᠢ ᠣᠷᠣᠨ ᠤ ᠲᠤᠷᠰᠢᠯᠲᠠ ᠶᠢᠨ ᠴᠢᠭ ᠢᠶᠠᠷ ᠲᠤᠭᠳᠠᠭᠠᠵᠤ᠂ ᠪᠦᠬᠦ ᠤᠯᠤᠰ ᠤᠨ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠲᠤᠷᠰᠢᠯᠲᠠ ᠶᠢᠨ ᠬᠤᠲᠠ ᠪᠠᠷ ᠰᠣᠩᠭᠤᠭᠳᠠᠪᠠ᠃ ᠪᠢᠳᠡ ᠣᠯᠠᠨ ᠲᠦᠮᠡᠨ ᠤ ᠣᠯᠠᠨ ᠶᠠᠩᠵᠤ ᠶᠢᠨ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠴᠠᠭ ᠲᠤᠬᠠᠶ ᠳᠤᠨᠢ ᠲᠣᠬᠢᠷᠠᠭᠤᠯᠵᠤ᠂ ᠭᠠᠵᠠᠷ ᠰᠢᠷᠣᠶ ᠶᠢᠨ ᠬᠠᠩᠭᠠᠯᠭ᠎ᠠ ᠶᠢᠨ ᠠᠶᠢᠵᠠᠮ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠠᠭᠤᠷᠢ ᠲᠥᠬᠦᠭᠡᠷᠦᠮᠵᠢ ᠪᠠᠨ ᠤᠷᠢᠳᠴᠢᠯᠠᠨ ᠪᠠᠶᠢᠷᠢᠰᠢᠭᠤᠯᠵᠤ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠪᠥᠬᠦ ᠬᠤᠲᠠ ᠶᠢᠨ ᠪᠠᠶᠢᠭᠤᠯᠵᠤ ᠪᠠᠶᠢᠭ᠎ᠠ 17 ᠲᠥᠷᠥᠯ ᠵᠦᠢᠯ ᠳᠤ ᠴᠥᠮ ᠠᠵᠢᠯ ᠢᠶᠠᠨ ᠵᠣᠭᠰᠣᠭᠠᠵᠤ ᠦᠯᠡᠳᠡᠭᠳᠡᠯ ᠠᠰᠠᠭᠤᠳᠠᠯ ᠭᠠᠷᠤᠭᠰᠠᠨ ᠥᠬᠡᠶ᠂ ᠣᠯᠠᠨ ᠲᠦᠮᠡᠨ ᠤ ᠣᠷᠣᠨ ᠰᠠᠭᠤᠴᠠ ᠶᠢᠨ ᠶᠠᠰᠤ ᠴᠢᠨᠠᠷ ᠢ ᠪᠦᠲᠦᠮᠵᠢᠲᠡᠶ ᠪᠠᠲᠤᠯᠠᠭᠰᠠᠨ ᠮᠥᠷᠲᠡᠭᠡᠨ ᠪᠠᠰᠠ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠬᠥᠭᠵᠢᠯᠲᠡ ᠶᠢ ᠪᠡᠶᠡᠯᠡᠭᠦᠯᠪᠡ᠃ ᠤᠯᠠᠨ ᠲᠦᠮᠡᠨ ᠤ ᠬᠦᠰᠡᠯ ᠡᠷᠡᠮᠡᠯᠵᠡᠯ᠂ ᠥᠭᠡᠷᠡᠴᠢᠯᠡᠯᠲᠡ ᠶᠢᠨ ᠬᠠᠨᠳᠤᠰᠢ ᠶᠢ ᠪᠢᠳᠡ ᠠᠷᠠᠳ ᠲᠦᠮᠡᠨ ᠢᠶᠠᠷ ᠭᠤᠣᠯ ᠪᠣᠯᠭᠠᠭᠰᠠᠨ ᠥᠭᠡᠷᠡᠴᠢᠯᠡᠯᠲᠡ ᠶᠢᠨ ᠦᠷᠳᠡᠭ ᠤᠨ ᠬᠠᠨᠳᠤᠰᠢ ᠶᠢ ᠪᠠᠲᠤ ᠪᠤᠢ ᠪᠣᠯᠭᠠᠵᠤ᠂ ᠠᠷᠠᠳ ᠤᠯᠠᠨ ᠤ ᠡᠪᠡᠷᠰᠢᠶᠡᠯ ᠢ ᠥᠭᠡᠷᠡᠴᠢᠯᠡᠯᠲᠡ ᠶᠢᠨ ᠬᠦᠴᠦᠯᠡᠬᠦ‍ ᠴᠢᠭ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠨᠡᠩ ᠤᠯᠠᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠶᠢᠷ᠎ᠠ ᠰᠡᠳᠬᠢᠯᠭᠡ ᠲᠠᠢ ᠪᠠᠷ ᠨᠠᠶᠢᠳᠠᠪᠤᠷᠢᠵᠢᠭᠤᠯᠤᠨ᠎ᠠ᠃      ᠭᠤᠷᠪᠠ ᠳᠤ᠂ ᠲᠦᠷᠢᠮ ᠲᠣᠭᠲᠠᠴᠠ ᠪᠠᠨ ᠪᠦᠷᠢᠨᠰᠢᠬᠦᠯᠦᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠬᠤ ᠪᠣᠯ ᠰᠢᠨ᠎ᠡ ᠴᠠᠭ ᠦᠶ᠎ᠡ ᠠᠴᠠ ᠨᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠨᠠᠨᠳᠢᠨ ᠲᠤᠷᠰᠢᠯᠭ᠎ᠠ ᠮᠥᠨ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠬᠤ ᠶᠢ ᠥᠭᠡᠷᠡᠴᠢᠯᠡᠯᠲᠡ ᠬᠥᠭᠵᠢᠯᠲᠡ ᠶᠢᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠢ ᠶᠢ ᠵᠠᠰᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ 113 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ 28 ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠢ ᠡᠮᠬᠢᠯᠡᠨ ᠭᠠᠷᠭᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠰᠡᠨ᠂ ᠬᠡᠰᠡᠭ ᠪᠦᠯᠦᠭ ᠢᠶᠠᠷ ᠬᠠᠮᠵᠢᠯᠴᠠᠭᠰᠠᠨ᠂ ᠵᠡᠭᠦᠨ ᠪᠠᠷᠠᠭᠤᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠬᠤ ᠲᠣᠭᠲᠠᠴᠠ ᠶᠢ ᠢᠵᠢ ᠪᠦᠷᠢᠳᠦᠭᠦᠯᠦᠨ ᠪᠠᠶᠢᠭᠤᠯᠵᠤ᠂ ᠪᠤᠢ ᠪᠦᠬᠦᠢ ᠥᠭᠡᠷᠡᠴᠢᠯᠡᠯᠲᠡ ᠶᠢᠨ ᠡᠭᠦᠷᠭᠡ ᠶᠢ ᠪᠦᠬᠦᠨ ᠢ ᠡᠬᠢᠯᠡᠭᠦᠯᠪᠡ᠃ ᠪᠢᠳᠡ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠴᠢᠭ ᠢᠶᠠᠷ ᠨᠡᠶᠢᠳᠡᠮ ᠢ ᠲᠠᠶᠢᠴᠢᠯᠠᠨ ᠠᠰᠠᠭᠤᠳᠠᠯ ᠢ ᠤᠯᠠᠨ ᠡᠰᠢᠵᠢᠭᠦᠯᠦᠨ ᠴᠡᠭᠴᠡᠯᠡᠨ ᠰᠠᠶᠢᠵᠢᠷᠠᠭᠤᠯᠬᠤ ᠲᠣᠭᠲᠠᠴᠠ ᠪᠠᠨ ᠪᠦᠷᠢᠨᠰᠢᠭᠦᠯᠵᠦ᠂ ᠡᠯ᠎ᠡ ᠱᠠᠲᠤᠨ ᠤ ᠡᠯ᠎ᠡ ᠲᠦᠷᠦᠯ ᠤᠨ ᠴᠠᠭᠳᠠᠨ ᠪᠠᠶᠢᠴᠠᠭᠠᠯᠳᠠ ᠬᠢᠨᠠᠨ ᠪᠠᠶᠢᠴᠠᠭᠠᠯᠳᠠ ᠳᠤ ᠬᠠᠷᠢᠭᠤ ᠲᠤᠰᠬᠠᠭᠰᠠᠨ 2239 ᠠᠰᠠᠭᠤᠳᠠᠯ ᠳᠤ ᠴᠢᠭᠯᠡᠭᠦᠯᠦᠨ᠂ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠵᠤ ᠦᠨᠡᠯᠡᠨ ᠵᠢᠱᠢᠬᠦ ᠪᠠᠨ ᠴᠢᠩᠭᠠᠳᠬᠠᠵᠤ᠂ ᠠᠰᠠᠭᠤᠳᠠᠯ ᠢ ᠲᠠᠰᠤᠷᠠᠯᠳᠠ ᠦᠭᠡᠢ ᠰᠢᠢᠳᠪᠦᠷᠢᠯᠡᠬᠦ ᠳᠤᠮᠳᠠ ᠥᠭᠡᠷᠡᠴᠢᠯᠡᠯᠲᠡ ᠶᠢ ᠦᠨᠡᠨ ᠬᠦ ᠭᠦᠨᠵᠡᠭᠡᠶᠢᠷᠡᠭᠦᠯᠤᠨ᠎ᠡ᠃ ᠪᠢᠳᠡ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠵᠦᠢᠯ ᠤᠨ ᠠᠵᠢᠯ︾ ᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠬᠢᠨᠠᠯᠳᠠ ᠲᠠᠯᠪᠢᠬᠤ ᠬᠢᠨᠠᠨ ᠪᠠᠶᠢᠴᠠᠭᠠᠬᠤ ᠦᠨᠡᠯᠡᠨ ᠰᠢᠯᠭᠠᠬᠤ︾ ᠬᠠᠮᠢᠶᠠᠷᠤᠯᠲᠠ ᠪᠠ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠲᠠᠩᠰᠠ ᠶᠢ ᠲᠣᠭᠲᠠᠭᠠᠵᠤ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ 183᠂ ᠠᠵᠢᠯ ᠤᠨ ᠲᠤᠰᠬᠠᠶ ᠪᠠᠭ ᠢ 28 ᠡᠮᠬᠢᠯᠡᠨ ᠨᠡᠶᠢᠯᠡᠭᠦᠯᠵᠦ ᠵᠢᠷᠤᠮᠵᠢᠭᠤᠯᠤᠨ᠂ ᠲᠣᠰᠬᠤᠨ ︵ᠨᠡᠶᠢᠭᠡᠮ ᠲᠣᠭᠤᠷᠢᠭ︶ ᠤ ᠲᠣᠭᠲᠠᠴᠠ ᠶᠢᠨ ᠫᠠᠶᠢᠰᠠ ᠶᠢ 1350 ᠬᠤᠪᠢ ᠴᠡᠪᠡᠷᠯᠡᠵᠦ᠂ ᠦᠨᠳᠦᠰᠦᠨ ᠱᠠᠲᠤᠨ ᠳᠤ ᠨᠠᠩ ᠣᠯᠠᠨ ᠣᠶᠤᠨ ᠴᠢᠳᠠᠯ ᠢᠶᠠᠨ ᠭᠠᠷᠭᠠᠵᠤ ᠥᠭᠡᠷᠡᠴᠢᠯᠡᠯᠲᠡ ᠶᠢ ᠠᠳᠬᠤᠨ ᠬᠥᠭᠵᠢᠯᠲᠡ ᠶᠢ ᠠᠬᠢᠭᠤᠯᠪᠠ᠃ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠵᠦ ᠪᠠᠶᠢᠭ᠎ᠠ ᠶᠠᠪᠤᠳᠠᠯ ᠪᠣᠯᠤᠨ᠎ᠠ᠂ ᠪᠢᠳᠡ ᠰᠢᠰᠲ᠋ᠧᠮᠲᠦ ᠦᠵᠡᠯᠲᠡ ᠪᠠᠨ ᠴᠢᠩᠭᠠᠳᠬᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠪᠦᠷᠢᠨᠰᠢᠬᠦᠯᠬᠦ᠂ ᠪᠠᠶᠢᠷᠢᠰᠢᠭᠤᠯᠤᠯᠲᠠ ᠪᠠᠨ ᠰᠢᠯᠢᠳᠡᠭᠵᠢᠬᠦᠯᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠬᠦ᠂ ᠲᠤᠮᠳᠠ ᠲᠦᠪᠰᠢᠨ  ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠦᠬᠠᠢ ᠶᠢᠨ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号