【ᠲᠤᠭ᠎ᠠ ᠪᠦᠷᠢᠳᠭᠡᠯ】1— 9 ᠰᠠᠷ᠎ᠠ ᠳᠤ ᠮᠠᠨ ᠤ ᠬᠤᠲᠠ ᠶᠢᠨ ᠣᠭ ᠭᠠᠷᠣᠯᠲᠠ ᠶᠢᠨ ᠭᠠᠵᠠᠷ ᠤᠨ ᠦᠨᠡᠮᠯᠡᠯ ᠤᠨ ᠬᠠᠷᠠᠭᠠᠯᠵᠠᠯ ᠤᠨ ᠪᠠᠷᠠᠭᠠᠨ ᠤ ᠥᠷᠲᠡᠭ 1 ᠳ᠋ᠦᠩᠰᠢᠭᠤᠷ ᠳ᠋ᠣᠯᠯᠠᠷ ᠢ ᠳᠠᠪᠠᠪᠠ
ᠨᠡᠶᠢᠲᠡᠯᠡᠭᠰᠡᠨ ᠴᠠᠭ᠄
2024/10/30
     ᠦᠬᠠᠶ ᠶᠢᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 ᠰᠠᠷ᠎ᠠ ᠠᠴᠠ 9 ᠰᠠᠷ᠎ᠠ ᠪᠣᠯᠲᠠᠯ᠎ᠠ᠂ ᠦᠬᠠᠶ ᠶᠢᠨ ᠪᠣᠭᠤᠮᠲᠠ ᠨᠢᠭᠡᠨᠲᠡ ᠮᠠᠨ ᠤ ᠬᠤᠲᠠ ᠶᠢᠨ 1.07 ᠳ᠋ᠦᠩᠰᠢᠭᠤᠷ ᠳ᠋ᠣᠯᠯᠠᠷ ᠤᠨ ᠭᠠᠳᠠᠭᠠᠳᠤ ᠳᠤ ᠭᠠᠷᠭᠠᠬᠤ ᠪᠠᠷᠠᠭ᠎ᠠ ᠳᠤ 872 ᠬᠤᠪᠢ ᠣᠭ ᠭᠠᠷᠤᠯᠲᠠ ᠶᠢᠨ ᠣᠷᠣᠨ ᠤ ᠦᠨᠡᠮᠯᠡᠯ ᠣᠯᠭᠤᠪᠠ᠃ ᠪᠠᠷᠠᠭ᠎ᠠ ᠠᠴᠠ ᠠᠪᠴᠤ ᠦᠵᠡᠪᠡᠯ᠂ ᠦᠬᠠᠶ ᠶᠢᠨ ᠪᠣᠭᠤᠮᠲᠠ ᠶᠢᠨ ᠬᠠᠷᠢᠶ᠎ᠠ ᠣᠷᠣᠨ ᠤ ᠭᠠᠳᠠᠭᠠᠳᠤ ᠳᠤ ᠭᠠᠷᠭᠠᠵᠤ ᠠᠰᠢᠭ ᠬᠦᠷᠲᠡᠬᠦ ᠦᠢᠯᠡᠳᠬᠦᠨ ᠨᠢ ᠭᠤᠤᠯᠳᠠᠭᠤ ᠴᠠᠬᠢᠭᠤᠷ ᠤᠨ ᠳᠠᠪᠬᠤᠷ ᠢᠰᠦᠯ᠂ ᠪᠥᠭᠡᠭᠡᠨᠡᠷᠡᠯ ᠡᠲ᠋ᠧᠨᠤᠯ ᠵᠡᠷᠭᠡ ᠪᠣᠯᠤᠨ᠎ᠠ᠃ ᠭᠠᠳᠠᠭᠠᠳᠤ ᠭᠠᠷᠭᠠᠯᠲᠠ ᠶᠢᠨ ᠣᠷᠣᠨ ᠪᠦᠰᠡ ᠠᠴᠠ ᠠᠪᠴᠤ ᠦᠵᠡᠪᠡᠯ᠂ ᠳᠤᠮᠳᠠᠳᠤ ᠤᠯᠤᠰ— ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠣᠭ ᠭᠠᠷᠤᠯᠲᠠ ᠶᠢᠨ ᠭᠠᠵᠠᠷ ᠤᠨ ᠦᠨᠡᠮᠯᠡᠯ 23.96%᠂ RCEP ᠶᠢᠨ ᠤᠭ ᠭᠠᠷᠤᠯᠲᠠ ᠶᠢᠨ ᠣᠷᠣᠨ ᠤ ᠦᠨᠡᠮᠯᠡᠯ 18.46% ᠶᠢ ᠡᠵᠡᠯᠡᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠮᠠᠨ ᠤ ᠬᠤᠳᠠ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠣᠯᠪᠠ᠃      ᠤᠭ ᠭᠠᠷᠣᠯᠳᠠ ᠶᠢᠨ ᠭᠠᠵᠠᠷ ᠤᠨ ᠦᠨᠡᠮᠯᠡᠯ ᠨᠢ ᠶᠡᠷᠦ ᠳᠡᠭᠡᠨ ︽ᠰᠢᠵᠢᠷ ᠠᠯᠳᠠᠨ ᠴᠠᠭᠠᠰᠤ︾ ᠭᠡᠰᠡᠨ ᠨᠡᠷᠡᠶᠢᠳᠦᠯ ᠲᠠᠢ ᠪᠠᠶᠢᠳᠠᠭ᠂ ᠮᠦᠨ ᠴᠦ ᠭᠠᠳᠠᠭᠠᠲᠤ ᠳᠤ ᠭᠠᠷᠭᠠᠬᠤ ᠪᠦᠲᠦᠭᠡᠭᠳᠡᠬᠦᠨ ᠤ ᠭᠠᠳᠠᠭᠠᠳᠤ ᠳᠠᠬᠢ ᠪᠣᠭᠤᠮᠲᠠ ᠶᠢᠨ ᠭᠠᠶᠢᠯᠢ ᠶᠢᠨ ᠬᠥᠩᠭᠡᠯᠡᠯᠲᠡ ᠲᠠᠢ ᠪᠠᠷᠢᠮᠲᠠ ᠪᠤᠯᠬᠤ ᠶᠤᠮ᠃ ᠡᠭᠦᠨ ᠳᠤ᠂ RCEP ᠨᠢ ᠣᠳᠣᠬᠠᠨ ᠤ ᠪᠦᠬᠦ ᠪᠥᠮᠪᠥᠷᠴᠡᠭ ᠤᠨ ᠬᠠᠮᠤᠭ ᠤᠨ ᠶᠡᠭᠡ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠪᠣᠯᠤᠭᠰᠠᠨ ᠤ ᠬᠤᠪᠢ ᠳᠤ᠂ ︽ᠦᠬᠠᠢ ᠦᠢᠯᠡᠳᠦᠭᠰᠡᠨ︾ ᠪᠦᠳᠦᠭᠡᠭᠳᠡᠭᠦᠨ 10 ᠭᠠᠷᠤᠢ ᠤᠯᠤᠰ ᠪᠠ ᠭᠠᠵᠠᠷ ᠣᠷᠣᠨ ᠳᠤ ᠭᠠᠳᠠᠭᠠᠳᠤ ᠭᠠᠷᠭᠠᠯᠲᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ᠃      ᠣᠶᠢᠷ᠎ᠠ ᠶᠢᠨ ᠡᠳᠦᠷ᠂ ᠺᠠᠪᠦ᠋ᠲ᠋ᠧ ᠤᠨ ᠾᠧᠩ ᠶᠧ ᠴᠧᠩ ᠦᠨᠳᠦᠷ ᠴᠢᠨᠰᠠᠭᠠᠲᠤ ᠮᠠᠲ᠋ᠧᠷᠢᠶᠠᠯ ᠤᠨ ︵ᠥᠪᠥᠷ ᠮᠣᠩᠭᠤᠯ︶ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠰᠤᠷᠪᠤᠯᠵᠢᠯᠠᠭᠴᠢ ᠦᠢᠯᠡᠳᠪᠦᠷᠢᠯᠡᠯ ᠤᠨ ᠱᠤᠭᠤᠮ ᠳᠡᠭᠡᠷᠡᠬᠢ ᠮᠠᠰᠢᠨ ᠨᠢ ᠥᠨᠳᠥᠷ ᠪᠦᠲᠦᠮᠵᠢᠲᠡᠢ ᠠᠵᠢᠯᠯᠠᠵᠤ᠂ ᠨᠢᠭᠡ ᠪᠦᠯᠦᠭ ᠶᠠᠫᠦᠨ ᠳᠤ ᠭᠠᠷᠭᠠᠬᠤ ᠬᠡᠢ ᠹᠠᠰᠲᠤ ᠴᠠᠬᠢᠭᠤᠷ ᠤᠨ ᠲᠠᠪᠬᠤᠷ ᠢᠰᠣᠯ ᠢ ᠠᠮᠵᠢᠨ ᠦᠢᠯᠡᠳᠪᠦᠷᠢᠯᠡᠵᠦ᠂ ᠶᠠᠫᠣᠨ ᠵᠡᠷᠭᠡ ᠪᠦᠷᠢᠯᠳᠦᠬᠦᠨ ᠨᠠᠷ RCEP ᠲᠥᠷᠥᠯ ᠵᠦᠢᠯ ᠤᠨ ᠲᠤᠤᠷᠠᠭᠢ ᠭᠠᠶᠢᠯᠢ ᠪᠠᠭᠤᠷᠠᠬᠤ ᠬᠡᠮᠵᠢᠶ᠎ᠡ ᠨᠢ ᠵᠢᠯ ᠳᠠᠷᠠᠭᠠᠯᠠᠨ ᠨᠡᠮᠡᠭᠳᠡᠬᠦ ᠶᠢ ᠳᠠᠭᠠᠯᠳᠤᠨ᠂ ᠡᠨᠡᠬᠦ ᠠᠵᠤ ᠠᠬᠤᠶᠢᠯᠠᠯ ᠤᠨ ᠶᠠᠫᠣᠨ ᠳᠤ ᠭᠠᠷᠭᠠᠬᠤ ᠨᠣᠷᠮ᠎ᠠ ᠵᠢᠯ ᠳᠠᠷᠠᠭᠠᠯᠠᠨ ᠳᠡᠭᠡᠭᠰᠢᠯᠡᠵᠦ᠂ ᠣᠯᠠᠨ ᠤᠯᠤᠰ ᠤᠨ ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠴᠦ ᠤᠯᠠᠮ ᠠᠴᠠ ᠤᠯᠠᠮ ᠥᠨᠳᠥᠷ ᠪᠤᠯᠪᠠ᠃      ︽RCEP ᠦᠨᠡᠮᠯᠡᠯ ᠢᠶᠠᠷ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠭᠰᠠᠨ ᠤ ᠳᠠᠷᠠᠭ᠎ᠠ᠂ ᠪᠣᠭᠤᠮᠲᠠ ᠶᠢᠨ ᠭᠠᠶᠢᠯᠢ ᠶᠢᠨ ᠨᠣᠷᠮ᠎ᠠ ᠶᠢ ᠶᠡᠭᠡ ᠪᠠᠷ ᠪᠠᠭᠤᠷᠠᠭᠤᠯᠵᠤ᠂ ᠺᠣᠮᠫᠠᠨᠢ ᠶᠢᠨ ᠦᠢᠯᠡᠳᠬᠦᠨ ᠤ ᠦᠨ᠎ᠡ ᠵᠥᠪᠯᠡᠬᠦ ᠴᠢᠳᠠᠪᠤᠷᠢ ᠲᠦᠢᠯ ᠤᠨ ᠶᠡᠭᠡ ᠪᠠᠷ ᠳᠡᠭᠡᠭᠰᠢᠯᠡᠵᠦ᠂ ᠪᠢᠳᠡᠨ ᠢ ᠢᠷᠡᠭᠡᠳᠦᠢ ᠶᠢᠨ ᠬᠥᠭᠵᠢᠯᠲᠡ ᠳᠤ ᠢᠲᠡᠭᠡᠯ ᠳᠦᠭᠦᠷᠡᠩ ᠪᠣᠯᠭᠠᠪᠠ᠃ ᠤᠭ ᠭᠠᠷᠤᠯᠲᠠ ᠶᠢᠨ ᠭᠠᠵᠠᠷ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠨᠢ ᠪᠢᠳᠡᠨ ᠢ ᠬᠠᠪᠰᠤᠷᠴᠤ ᠣᠯᠠᠨ ᠤᠯᠤᠰ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠲᠤᠭᠳᠠᠭᠤᠨ ᠪᠤᠯᠭᠠᠵᠤ᠂ ᠭᠠᠳᠠᠭᠠᠲᠤ ᠳᠤ ᠭᠠᠷᠭᠠᠬᠤ ᠬᠤᠪᠢ ᠶᠢᠨ ᠬᠡᠮᠵᠢᠶ᠎ᠡ ᠶᠢ ᠦᠷᠭᠡᠳᠭᠡᠪᠡ︾ ᠬᠡᠵᠦ ᠲᠤᠰ ᠺᠣᠮᠫᠠᠨᠢ ᠶᠢᠨ ᠬᠤᠯᠪᠤᠭᠠᠴᠢᠨ ᠸᠠᠩ ᠶᠠᠨ ᠵᠤᠤ ᠬᠡᠯᠡᠪᠡ᠃      ︽ᠵᠢᠵᠢᠭ ᠦᠨᠡᠮᠯᠡᠯ︾ ᠢᠶᠠᠷ ︽ᠪᠣᠳᠠᠲᠤ ᠠᠰᠢᠭ ᠲᠤᠰᠠ︾ ᠶᠢ ᠡᠭᠦᠳᠴᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠠᠷᠢᠯᠢᠭ ᠣᠨᠣᠴᠠᠲᠠᠶ ᠪᠠᠷ ᠦᠢᠯᠡᠴᠢᠯᠡᠵᠦ᠂ RCEP ᠵᠠᠬ᠎ᠠ ᠳᠡᠯᠭᠡᠭᠦᠷ ᠢ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠦᠬᠠᠶ ᠶᠢᠨ ᠪᠣᠭᠤᠮᠲᠠ ᠶᠢᠨ ᠬᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ ᠠᠷᠭ᠎ᠠ ᠬᠡᠮᠵᠢᠶ᠎ᠡ ᠭᠠᠷᠭᠠᠵᠤ᠂ ᠡᠭᠦᠨ ᠳᠤ ᠣᠶᠤᠨᠴᠢ ᠪᠠᠷ ᠬᠢᠨᠠᠨ ᠬᠠᠷᠭᠤᠭᠤᠯᠬᠤ᠂ ᠴᠠᠭᠠᠰᠤ ᠦᠭᠡᠢ ᠪᠠᠷ ᠭᠤᠶᠤᠴᠢᠯᠠᠨ ᠮᠡᠳᠡᠭᠦᠯᠬᠦ᠂ ᠥᠪᠡᠰᠦᠪᠡᠨ ᠳᠠᠷᠤᠮᠠᠯᠯᠠᠬᠤ᠂ ᠬᠤᠤᠰ ᠴᠢᠭᠯᠡᠯ ᠢᠶᠠᠷ ᠰᠢᠦᠳᠠᠨ ᠢᠶᠠᠷ ᠬᠦᠷᠭᠡᠬᠦ ᠵᠡᠷᠭᠡ ᠪᠠᠭᠲᠠᠨ᠎ᠠ︔ ᠰᠦᠯᠵᠢᠶᠡᠨ ᠲᠡᠭᠡᠷ᠎ᠡ ᠪᠠ ᠰᠦᠯᠵᠢᠶᠡᠨ ᠠᠴᠠ ᠭᠠᠳᠠᠨ᠎ᠠ ᠪᠣᠭᠤᠮᠲᠠ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠴᠠᠭ ᠲᠤᠬᠠᠶ ᠳᠤᠨᠢ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶᠢᠯᠠᠯ ᠤᠨ ᠨᠡᠯᠢᠶᠡᠳ ᠠᠩᠬᠠᠷᠴᠤ ᠪᠠᠶᠢᠭ᠎ᠠ RCEP ᠶᠢᠨ ᠪᠣᠭᠤᠮᠲᠠ ᠶᠢᠨ ᠭᠠᠶᠢᠯᠢ ᠶᠢ ᠬᠥᠩᠭᠡᠯᠡᠬᠦ ᠠᠮᠠᠯᠠᠯᠲᠠ᠂ ᠣᠭ ᠭᠠᠷᠤᠯᠲᠠ ᠶᠢᠨ ᠣᠷᠣᠨ ᠤ ᠲᠦᠷᠢᠮ ᠵᠡᠷᠭᠡ ᠠᠭᠤᠯᠭ᠎ᠠ ᠶᠢ ᠴᠠᠭ ᠲᠤᠬᠠᠶ ᠳᠤᠨᠢ ᠰᠢᠯᠤᠭᠤᠳᠬᠠᠵᠤ᠂ ︽ᠨᠢᠭᠤᠷᠳᠠᠬᠤ︾ ᠮᠠᠶ᠋ᠢᠭ ᠤᠨ ᠬᠠᠪᠰᠤᠷᠤᠨ ᠲᠡᠳᠬᠦᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠪᠡ︔ ᠠᠵᠤ ᠠᠬᠤᠶᠢᠯᠠᠯ ᠤᠨ ᠬᠦᠴᠢᠷ ᠠᠰᠠᠭᠤᠳᠠᠯ ᠢ  ᠨᠢ ᠢᠳᠡᠪᠬᠢᠲᠡᠶ ᠪᠠᠷ ᠰᠢᠢᠳᠪᠦᠷᠢᠯᠡᠵᠦ᠂ ᠠᠳᠠᠯᠢ ᠪᠤᠰᠤ ᠬᠡᠯᠡᠯᠴᠡᠭᠡᠷ ᠲᠠᠬᠢ ᠭᠠᠶᠢᠯᠢ ᠪᠠᠭᠤᠷᠠᠭᠤᠯᠬᠤ ᠨᠠᠷᠢᠨ ᠬᠠᠭᠤᠳᠠᠰᠤ ᠶᠢᠨ ᠬᠡᠪᠴᠢᠶ᠎ᠡ᠂ ᠭᠠᠶᠢᠯᠢ ᠶᠢᠨ ᠨᠣᠷᠮ᠎ᠠ ᠶᠢᠨ ᠬᠠᠷᠠᠭᠠᠯᠵᠠᠯ ᠤᠨ ᠬᠡᠮᠵᠢᠶ᠎ᠡ ᠵᠢᠴᠢ ᠠᠵᠢᠯᠯᠠᠬᠤ ᠲᠠᠰ ᠳᠠᠷᠠᠭᠠᠯᠠᠯ ᠤᠨ ᠲᠥᠬᠦᠮ ᠦᠵᠡᠭᠦᠯᠬᠦ ᠬᠡᠮᠵᠢᠶ᠎ᠡ ᠶᠢ ᠦᠨᠳᠦᠰᠦᠯᠡᠨ᠂ ︽ᠬᠠᠮᠤᠭ ᠤᠨ ᠰᠢᠯᠢᠳᠡᠭ ᠰᠢᠰᠲ᠋ᠧᠮᠲᠤ ᠦᠢᠯᠡᠴᠢᠯᠡᠭᠡ︾ ᠬᠠᠩᠭᠠᠵᠤ᠂ ᠠᠵᠤ ᠠᠬᠤᠶᠢᠯᠠᠯ ᠳᠤ ᠭᠦᠢᠴᠡᠳ ᠠᠰᠢᠭ ᠬᠦᠷᠲᠡᠭᠡᠬᠦ ᠶᠢ ᠪᠠᠲᠤᠯᠠᠪᠡ᠃      ᠵᠠᠯᠭᠠᠭᠠᠳ᠂ ᠦᠬᠠᠶ ᠶᠢᠨ ᠪᠣᠭᠤᠮᠲᠠ ︽ᠪᠣᠭᠤᠮᠲᠠ ᠶᠢᠨ ᠳᠠᠷᠤᠭ᠎ᠠ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠴᠠᠭᠠᠰᠤ ᠦᠭᠡᠢ ᠪᠠᠷ ᠭᠤᠶᠤᠴᠢᠯᠠᠨ ᠮᠡᠳᠡᠭᠦᠯᠬᠦ+ ᠣᠶᠤᠨᠴᠢ ᠪᠠᠷ ᠬᠢᠨᠠᠨ ᠬᠠᠷᠭᠤᠭᠤᠯᠬᠤ+ ᠥᠪᠡᠰᠦᠪᠡᠨ ᠳᠠᠷᠤᠮᠠᠯᠯᠠᠬᠤ︾ ᠵᠡᠷᠭᠡ ᠲᠥᠬᠦᠮ ᠦᠵᠡᠭᠦᠯᠬᠦ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ RCEP ᠵᠡᠷᠭᠡ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠲᠥᠷᠥ ᠶᠢᠨ ᠪᠣᠳᠣᠯᠭ᠎ᠠ ᠶᠢ ᠲᠠᠨᠢᠯᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠡᠳ᠋ᠯᠡᠭᠦᠯᠬᠦ ᠪᠠ ᠪᠣᠭᠤᠮᠲᠠ ᠪᠠᠷ ᠥᠩᠭᠡᠷᠡᠬᠦ ᠳᠤ ᠳᠥᠭᠦᠮ ᠳᠥᠲᠡ ᠪᠣᠯᠭᠠᠵᠤ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠬᠠᠩᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号