ᠲᠡᠦᠭᠡᠨ ᠣᠯᠠᠷᠢᠯ ︵ᠠᠷᠪᠠ ᠶᠢᠰᠦ︶
ᠨᠡᠶᠢᠲᠡᠯᠡᠭᠰᠡᠨ ᠴᠠᠭ᠄
2024/10/31
ᠲᠡᠦᠭᠡᠨ ᠣᠯᠠᠷᠢᠯ ︵ᠠᠷᠪᠠ ᠶᠢᠰᠦ︶            2002 ᠤᠨ     1 ᠰᠠᠷ᠎ᠠ ᠶᠢᠨ 8 ᠤ ᠡᠳᠦᠷ᠂ ᠲᠤᠮᠳᠠᠳᠤ ᠤᠯᠤᠰ ᠤᠨ ᠬᠠᠮᠳᠤᠷᠠᠭᠰᠠᠨ ᠬᠤᠯᠪᠤᠭᠠᠨ ᠤ ᠰᠢᠨ᠎ᠡ ᠤᠷᠤᠨ ᠵᠠᠢ CDMA ᠰᠦᠯᠵᠢᠶ᠎ᠡ ᠦᠬᠠᠢ ᠬᠤᠳᠠ ᠳᠤ ᠲᠤᠷᠰᠢᠨ ᠬᠡᠷᠡᠭᠯᠡᠭᠳᠡᠪᠡ᠃      2 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠡᠮᠡᠭᠳᠡᠶᠢᠴᠤᠳ ᠤᠨ ᠤᠷᠠᠨ ᠪᠢᠴᠢᠯᠭᠡ ᠶᠢᠨ ᠨᠡᠶᠢᠭᠡᠮᠯᠢᠭ ᠪᠠᠶᠢᠭᠤᠯᠤᠭᠳᠠᠪᠠ᠃      3 ᠰᠠᠷ᠎ᠠ ᠶᠢᠨ 8 ~ 12 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠬᠡᠰᠢᠭᠦᠳ ᠤᠨ ᠲᠠᠪᠤᠳᠤᠭᠠᠷ ︵ᠲᠡᠭᠡᠷ᠎ᠡ ᠵᠢᠯ ᠨᠢ ᠭᠤᠷᠪᠠᠳᠤᠭᠠᠷ︶ ᠤᠳᠠᠭᠠᠨ ᠤ ᠬᠤᠷᠠᠯ  ᠢ ᠬᠤᠷᠠᠯᠳᠤᠭᠤᠯᠵᠤ᠂ ᠬᠤᠷᠠᠯ ᠢᠶᠠᠷ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠵᠦᠪᠯᠡᠯ ᠤᠨ ᠠᠵᠢᠯ ᠤᠨ ᠮᠡᠳᠡᠭᠦᠯᠦᠯᠳᠡ ᠪᠠ ᠲᠤᠷᠠᠳᠤᠯᠭ᠎ᠠ ᠶᠢᠨ ᠬᠢᠨᠠᠨ ᠪᠠᠶᠢᠴᠠᠭᠠᠯᠳᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠪᠠᠳᠤᠯᠠᠵᠤ᠂ 4 ᠨᠡᠷᠡᠰ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠨ ᠢ ᠨᠦᠬᠦᠨ ᠰᠤᠩᠭᠤᠵᠠᠢ᠃      3 ᠰᠠᠷ᠎ᠠ ᠶᠢᠨ 9 ~ 13 ᠤ ᠡᠳᠦᠷ᠂ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠤᠷᠠᠯ ᠠᠴᠠ ᠵᠠᠷᠢᠮ ᠰᠢᠢᠳᠪᠦᠷᠢ ᠨᠦᠭᠦᠳ ᠢ ᠪᠠᠳᠤᠯᠠᠵᠠᠢ᠃ 8 ᠨᠡᠷᠡᠰ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠵᠦᠪᠯᠡᠯ ᠤᠨ ᠲᠦᠯᠦᠭᠡᠯᠡᠭᠴᠢᠳ ᠢ ᠨᠦᠬᠦᠨ ᠰᠤᠩᠭᠤᠵᠠᠢ᠃      3 ᠰᠠᠷ᠎ᠠ ᠶᠢᠨ 15 ᠤ ᠡᠳᠦᠷ᠂ ︽ᠨᠡᠶᠢᠰᠯᠡᠯ ᠬᠤᠳᠠ ᠶᠢᠨ ᠡᠯ᠎ᠡ ᠡᠳᠡᠭᠡᠳ ᠤᠨ ᠬᠢᠨ ᠦᠪᠦᠷ ᠮᠤᠩᠭᠤᠯ ᠤᠨ ᠦᠬᠠᠢ ᠬᠤᠳᠠ ᠶᠢᠨ ᠭᠠᠮᠰᠢᠭᠳᠠᠭᠰᠠᠨ ᠤᠷᠤᠨ ᠳᠤ ᠭᠠᠮᠰᠢᠭᠳᠠᠭᠰᠠᠳ ᠢ ᠲᠡᠳᠭᠦᠵᠦ᠂ ᠰᠤᠷᠤᠯᠭ᠎ᠠ ᠶᠢ ᠲᠡᠮᠵᠢᠬᠦ ᠶᠤᠰᠤᠯᠠᠯ︾ ᠤᠳᠠ ᠲᠤᠭᠤᠷᠢᠭ ᠤᠨ ᠬᠦᠬᠦᠷᠭᠡ ᠶᠢᠨ ᠪᠠᠷᠠᠭᠤᠨ ᠪᠠᠯᠭᠠᠰᠤᠨ ᠤ ᠭᠤᠤᠯ ᠤᠨ ᠲᠤᠬᠤᠢ ᠲᠤᠰᠬᠤᠨ ᠳᠤ ᠶᠠᠪᠤᠭᠳᠠᠪᠠ᠂ ᠨᠡᠶᠢᠰᠯᠡᠯ ᠬᠤᠳᠠ ᠶᠢᠨ ᠡᠯ᠎ᠡ ᠡᠳᠡᠭᠡᠳ ᠤᠨ ᠬᠢᠨ 60 ᠲᠦᠮᠡᠨ ᠲᠦᠭᠦᠷᠢᠭ ᠲᠤᠰᠠᠯᠠᠵᠤ᠂ 20 ᠨᠡᠷᠡᠰ ᠰᠤᠷᠤᠭᠴᠢ ᠳᠤ 4 000 ᠲᠦᠭᠦᠷᠢᠭ ᠤᠨ ᠲᠡᠮᠵᠢᠯᠭᠡ ᠭᠦᠷᠳᠡᠭᠡᠵᠡᠢ᠃      △ᠦᠬᠠᠢ ᠬᠤᠳᠠ ᠶᠢᠨ ᠠᠩᠬᠠᠨ ᠤ ᠤᠯᠤᠰ ᠤᠨ ᠡᠷᠭᠡᠰᠢᠶᠡᠯᠳᠦ ᠬᠤᠪᠢᠴᠠᠭ᠎ᠠ ᠡᠵᠡᠮᠰᠢᠯᠳᠦ ᠲᠤᠮᠳᠠ ᠬᠡᠯᠪᠡᠷᠢ  ᠶᠢᠨ ᠠᠵᠤ ᠠᠬᠤᠶᠢᠯᠠᠯ— ᠬᠤᠸᠠ ᠰᠢ ᠬᠡᠦᠷᠡᠰᠦᠨ ᠤ ᠬᠢᠵᠠᠭᠠᠷᠳᠤ ᠺᠤᠮᠫᠠᠨᠢ ᠶᠢ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠦᠬᠠᠢ ᠬᠤᠳᠠ ᠶᠢᠨ ᠬᠠᠳᠤᠨ ᠭᠤᠤᠯ ᠦᠢᠯᠡᠳᠪᠦᠷᠢ ᠠᠷᠠᠯᠵᠢᠶᠠᠨ ︵ᠪᠦᠯᠦᠭᠯᠡᠯᠳᠦ︶ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠳᠤ ᠦᠭᠴᠦ᠂ ᠤᠯᠤᠰ ᠤᠨ ᠡᠷᠭᠡᠰᠢᠶᠡᠯᠳᠦ ᠬᠤᠪᠢᠴᠠᠭ᠎ᠠ ᠶᠢᠨ ᠡᠷᠭᠡᠳᠦ ᠬᠦᠮᠦᠰ ᠲᠤ ᠬᠠᠶᠢᠷᠤᠪ ᠤᠨ ᠲᠤᠬᠤᠢ ᠲᠤᠭᠤᠷᠢᠭ ᠤᠨ ᠤᠯᠤᠰ ᠤᠨ ᠦᠮᠴᠢᠯᠡᠯᠳᠦ ᠬᠦᠷᠦᠩᠭᠡ ᠶᠢᠨ ᠬᠠᠮᠢᠶᠠᠷᠤᠯᠳᠠ ᠶᠢᠨ ᠵᠦᠪᠯᠡᠯ ᠬᠢᠭᠡᠳ ᠬᠤᠳᠠ ᠶᠢᠨ ᠤᠯᠤᠰ ᠤᠨ ᠦᠮᠴᠢᠯᠡᠯᠳᠦ ᠬᠦᠷᠦᠩᠭᠡ ᠶᠢᠨ ᠬᠠᠮᠢᠶᠠᠷᠤᠯᠳᠠ ᠶᠢᠨ ᠵᠦᠪᠯᠡᠯ ᠠᠴᠠ 2 337.23 ᠲᠦᠮᠡᠨ ᠲᠦᠭᠦᠷᠢᠭ ᠤᠨ ᠤᠯᠤᠰ ᠤᠨ ᠡᠷᠭᠡᠰᠢᠶᠡᠯᠳᠦ ᠬᠤᠪᠢᠴᠠᠭ᠎ᠠ ᠶᠢᠨ ᠡᠷᠭᠡ ᠶᠢᠨ ᠲᠦᠯᠦᠪᠦᠷᠢ ᠦᠭᠴᠦ ᠨᠢᠭᠡᠮᠦᠰᠦᠨ ᠰᠢᠯᠵᠢᠭᠦᠯᠵᠡᠢ᠃      △ᠬᠠᠳᠤᠨ ᠭᠤᠤᠯ ᠬᠢᠮᠢ ᠶᠢᠨ ᠦᠢᠯᠡᠳᠪᠦᠷᠢ ᠶᠢᠨ ︵ᠪᠦᠯᠦᠭᠯᠡᠯᠳᠦ︶ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠪᠠᠶᠢᠭᠤᠯᠤᠭᠳᠠᠵᠠᠢ᠂ ᠲᠤᠮᠳᠠᠳᠤ ᠤᠯᠤᠰ ᠤᠨ ᠬᠤᠸᠠ ᠿᠦᠨ ᠬᠦᠷᠦᠩᠭᠡ ᠶᠢᠨ ᠬᠠᠮᠢᠶᠠᠷᠤᠯᠳᠠ ᠶᠢᠨ ᠺᠤᠮᠫᠠᠨᠢ᠂ ᠲᠤᠮᠳᠠᠳᠤ ᠤᠯᠤᠰ ᠤᠨ ᠰᠢᠨ ᠳ᠋ᠠ ᠬᠦᠷᠦᠩᠭᠡ ᠶᠢᠨ ᠬᠠᠮᠢᠶᠠᠷᠤᠯᠳᠠ ᠶᠢᠨ ᠺᠤᠮᠫᠠᠨᠢ᠂ ᠦᠬᠠᠢ ᠬᠤᠳᠠ ᠶᠢᠨ ᠤᠯᠤᠰ ᠤᠨ ᠦᠮᠴᠢᠯᠡᠯᠳᠦ ᠬᠦᠷᠦᠩᠭᠡ ᠶᠢᠨ ᠬᠠᠮᠢᠶᠠᠷᠤᠯᠳᠠ ᠶᠢᠨ ᠵᠦᠪᠯᠡᠯ᠂ ᠤᠳᠠ ᠶᠢᠨ ᠴᠠᠭᠢᠯᠭᠠᠨ ᠭᠠᠷᠭᠠᠬᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠵᠡᠷᠭᠡ ᠲᠦᠷᠪᠡᠨ ᠺᠤᠮᠫᠠᠨᠢ ᠬᠠᠮᠳᠤᠪᠠᠷ ᠪᠡᠯᠡ ᠨᠡᠶᠢᠯᠡᠭᠦᠯᠦᠨ ᠪᠠᠶᠢᠭᠤᠯᠵᠠᠢ᠃      3 ᠰᠠᠷ᠎ᠠ ᠶᠢᠨ 25 ᠤ ᠡᠳᠦᠷ᠂ ᠦᠬᠠᠢ ᠬᠤᠳᠠ ᠶᠢᠨ ᠨᠢᠰᠭᠡᠯ ᠤᠨ ᠲᠠᠯᠠᠪᠠᠢ ᠪᠠᠷᠢᠯᠭ᠎ᠠ ᠡᠬᠢᠯᠡᠬᠦᠯᠵᠡᠢ᠂ ᠲᠤᠰ ᠨᠢᠰᠭᠡᠯ ᠤᠨ ᠲᠠᠯᠠᠪᠠᠢ ᠶᠢ ᠵᠢᠯ ᠳᠤ 7000 ᠠᠶᠠᠨᠴᠢᠳ ᠢ ᠤᠷᠤᠭᠤᠯᠵᠤ ᠭᠠᠷᠭᠠᠬᠤ ᠭᠠᠷᠠᠮ ᠤᠨ ᠬᠡᠮᠵᠢᠶ᠎ᠡ ᠲᠠᠢ᠂ 3C ᠲᠡᠰ ᠤᠨ᠂ BAE— 146᠂ ᠰᠢᠨ᠎ᠡ ᠤᠩᠭᠤᠴᠠ 60᠂ ᠳ᠋ᠦᠸᠧ ᠨᠢ ᠡᠯ ᠵᠡᠷᠭᠡ ᠬᠡᠯᠪᠡᠷᠢᠳᠦ ᠢᠰᠭᠡᠯ ᠬᠠᠮᠳᠤᠪᠠᠷ ᠪᠠᠭᠤᠵᠤ ᠨᠢᠰᠴᠦ ᠲᠡᠶᠢᠯᠭᠦ ᠪᠠᠷ ᠲᠦᠯᠦᠪᠯᠡᠵᠠᠢ᠂ ᠪᠠᠷᠢᠯᠭ᠎ᠠ ᠶᠢᠨ ᠶᠡᠷᠦᠩᠬᠡᠢ ᠪᠡᠯᠡ ᠤᠷᠤᠭᠤᠯᠤᠯᠳᠠ ᠨᠢ 1.45  ᠳ᠋ᠦᠩᠰᠢᠭᠤᠷ ᠲᠦᠭᠦᠷᠢᠭ᠃      4 ᠰᠠᠷ᠎ᠠ ᠶᠢᠨ 2 ᠤ ᠡᠳᠦᠷ᠂ ᠦᠬᠠᠢ ᠬᠤᠳᠠ ᠶᠢᠨ ᠲᠡᠷᠢᠶᠡᠯᠡᠩ ᠦᠢᠯᠡᠰ ᠤᠨ ᠲᠧᠭᠨᠢᠭ ᠮᠡᠷᠭᠡᠵᠢᠯ ᠢ ᠲᠦᠯᠭᠢᠨ ᠠᠬᠢᠭᠤᠯᠬᠤ ᠦᠷᠳᠡᠭᠡ ᠨᠢ ᠠᠮᠧᠷᠢᠺᠠ ᠠᠴᠠ ᠤᠷᠤᠭᠤᠯᠤᠭᠰᠠᠨ ᠺᠦ᠋ ᠯᠠ ᠰᠦᠸᠧ ᠠᠭᠠᠷᠠᠤ ᠴᠡᠴᠡᠭ ᠪᠤᠯᠤᠨ ᠮᠧᠺᠰᠢᠺᠦ ᠠᠴᠠ ᠤᠷᠤᠭᠤᠯᠤᠭᠰᠠᠨ ᠠᠷᠰᠢ ᠶᠢᠨ ᠭᠠᠷ ᠢ ᠲᠤᠷᠰᠢᠨ ᠲᠠᠷᠢᠭᠠᠳ ᠠᠮᠵᠢᠯᠳᠠ ᠤᠯᠵᠠᠢ᠃      4 ᠰᠠᠷ᠎ᠠ ᠶᠢᠨ19 ᠤ ᠡᠳᠦᠷ᠂ ᠦᠬᠠᠢ ᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠪᠦᠯᠦᠭ ᠤᠨ ᠲᠠᠭᠤᠷᠢᠶᠠᠯ ᠦᠵᠡᠬᠦᠯᠭᠦ ᠰᠢᠨᠵᠢᠳᠡᠢ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠪᠠᠷ ᠲᠤᠭᠳᠠᠭᠠᠭᠳᠠᠪᠠ᠃      5 ᠰᠠᠷ᠎ᠠ ᠶᠢᠨ 18 ᠤ ᠡᠳᠦᠷ᠂ ᠦᠪᠦᠷ ᠮᠤᠩᠭᠤᠯ ᠤᠨ ᠲᠠᠮᠢᠷ ᠤᠨ ᠰᠤᠭᠤᠯᠤᠭ᠎ᠠ ᠶᠢᠨ ᠬᠠᠭᠤᠳᠠᠰᠤᠨ ᠤ ᠬᠠᠮᠢᠶᠠᠷᠤᠯᠳᠠ ᠶᠢᠨ ᠲᠦᠪ ᠤᠨ ᠦᠬᠠᠢ ᠬᠤᠳᠠ ᠶᠢᠨ ᠬᠠᠮᠢᠶᠠᠷᠤᠯᠳᠠ ᠶᠢᠨ ᠦᠷᠳᠡᠭᠡ ᠫᠠᠶᠢᠰᠠ ᠡᠯᠭᠦᠨ ᠪᠠᠶᠢᠭᠤᠯᠤᠭᠳᠠᠪᠠ᠃      5 ᠰᠠᠷ᠎ᠠ ᠶᠢᠨ 20   ᠤ ᠡᠳᠦᠷ᠂ ᠦᠬᠠᠢ ᠬᠤᠳᠠ ᠨᠢ ᠬᠤᠳᠠ ᠬᠦᠳᠡᠭᠡ ᠶᠢᠨ ᠠᠶᠠᠨᠴᠢᠳ ᠤᠨ ᠲᠡᠭᠡᠭᠡᠪᠦᠷᠢᠯᠡᠯ ᠢ ᠨᠢᠭᠡ ᠴᠣᠭᠴᠠᠵᠢᠭᠤᠯᠤᠨ ᠬᠠᠮᠢᠶᠠᠷᠬᠤ ᠬᠡᠯᠪᠡᠷᠢ ᠶᠢ ᠡᠬᠢᠯᠡᠨ ᠭᠡᠷᠡᠭᠵᠢᠭᠦᠯᠵᠡᠢ᠃      6 ᠰᠠᠷ᠎ᠠ ᠶᠢᠨ 3 ᠤ ᠡᠳᠦᠷ᠂ ᠦᠬᠠᠢ ᠬᠤᠳᠠ ᠶᠢᠨ ᠵᠠᠰᠠᠭ ᠵᠠᠬᠢᠷᠭᠠᠨ ᠠᠵᠢᠯ ᠦᠢᠯᠡᠰ ᠤᠨ ᠪᠠᠶᠢᠭᠤᠯᠤᠯᠭ᠎ᠠ  ᠶᠢᠨ ᠨᠢᠭᠳᠠᠯᠠᠨ ᠪᠤᠳᠤᠬᠤ ᠲᠤᠭᠠᠴᠠᠭᠠᠨ ᠤ ᠲᠦᠪ ᠡᠬᠢᠯᠡᠨ ᠠᠯᠪᠠᠯᠠᠵᠤ᠂ ᠪᠦᠬᠦ ᠬᠤᠳᠠ ᠶᠢᠨ ᠨᠢᠭᠳᠠᠯᠠᠨ ᠪᠤᠳᠤᠭᠴᠢᠳ ᠨᠢᠭᠡᠳᠦᠯᠳᠡᠢ ᠪᠠᠷ ᠲᠤᠭᠠᠴᠠᠭᠠᠯᠠᠨ ᠠᠵᠢᠯᠯᠠᠬᠤ ᠠᠵᠢᠯᠯᠠᠭᠠᠨ ᠵᠢᠩᠬᠢᠨᠢ ᠪᠠᠷ ᠡᠬᠢᠯᠡᠵᠡᠢ᠃      6 ᠰᠠᠷ᠎ᠠ ᠶᠢᠨ 22 ᠤ ᠡᠳᠦᠷ᠂ ︽ᠲᠤᠮᠳᠠᠳᠤ ᠤᠯᠤᠰ ᠤᠨ ᠬᠡᠦᠭᠡᠳ ᠤᠨ ᠪᠣᠶᠠᠨᠰᠠᠭ ᠦᠢᠯᠡᠰ ᠤᠨ ᠬᠦᠳᠡᠯᠭᠡᠭᠡᠨ ᠤ ᠡᠳᠦᠷ︾ ᠲᠤᠮᠤ ᠬᠡᠪᠴᠢᠶᠡᠨ ᠤ ᠨᠡᠶᠢᠳᠡ ᠶᠢᠨ ᠬᠠᠯᠠᠮᠵᠢ ᠶᠢᠨ ᠬᠦᠳᠡᠯᠭᠡᠭᠡᠨ ᠢ ᠪᠡᠭᠡᠵᠢᠩ ᠤᠨ ᠠᠷᠠᠳ  ᠤᠨ ᠬᠤᠷᠠᠯ ᠤᠨ ᠲᠠᠩᠭᠢᠮ ᠳᠤ ᠶᠠᠪᠤᠭᠳᠠᠭᠤᠯᠵᠠᠢ᠂ ᠦᠬᠠᠢ ᠬᠤᠳᠠ ︽ᠬᠠᠯᠠᠮᠵᠢ ᠶᠢᠨ ᠨᠢᠭᠦᠯᠡᠰᠦᠩᠭᠦᠢ ᠬᠤᠳᠠ︾ ᠴᠤᠯᠠ  ᠶᠢ ᠬᠦᠷᠳᠡᠵᠦ᠂ ᠪᠡᠭᠡᠵᠢᠩ ᠤᠨ ᠪᠠ ᠳ᠋ᠠ ᠯᠢᠩ ᠲᠠᠪᠠᠭᠠᠨ ᠤ ᠦᠭᠯᠢᠭᠡ ᠶᠢᠨ ᠬᠦᠰᠢᠶ᠎ᠡ ᠲᠡᠭᠡᠷ᠎ᠡ ᠰᠡᠶᠢᠯᠦᠭᠳᠡᠵᠡᠢ᠃      6 ᠰᠠᠷ᠎ᠠ ᠶᠢᠨ 26 ᠤ ᠡᠳᠦᠷ᠂ ᠦᠬᠠᠢ ᠬᠤᠳᠠ ᠶᠢᠨ 120 ᠪᠠᠴᠢᠮ ᠠᠪᠤᠷᠠᠬᠤ ᠲᠦᠪ ᠪᠠᠶᠢᠭᠤᠯᠤᠭᠳᠠᠬᠤ ᠶᠤᠰᠤᠯᠠᠯ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠳᠤ ᠶᠠᠪᠤᠭᠳᠠᠪᠠ᠃      7 ᠰᠠᠷ᠎ᠠ ᠶᠢᠨ 8 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠤᠯᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ  ᠤ ᠵᠠᠰᠠᠭ ᠵᠠᠭᠢᠷᠭᠠᠨ ᠤ ᠬᠢᠨᠠᠨ ᠵᠦᠪᠰᠢᠶᠡᠷᠡᠭᠦ ᠲᠦᠷᠦᠯ ᠵᠦᠢᠯ ᠢ ᠴᠡᠭᠴᠡᠯᠡᠬᠦ ᠠᠵᠢᠯ ᠤᠨ ᠲᠦᠰᠦᠯ︾ ᠢ ᠪᠠᠳᠤᠯᠠᠵᠤ᠂ ᠲᠤᠰ ᠡᠳᠦᠷ ᠠᠴᠠ ᠡᠭᠢᠯᠡᠨ ᠬᠡᠷᠡᠭᠵᠢᠭᠦᠯᠬᠦ ᠪᠠᠷ ᠲᠤᠭᠳᠠᠵᠠᠢ᠃ ︽ᠲᠦᠰᠦᠯ︾ ᠳᠤ᠂ ᠨᠠᠶᠢᠳᠡ 294 ᠵᠦᠢᠯ ᠤᠨ ᠵᠠᠰᠠᠭ ᠵᠠᠭᠢᠷᠭᠠᠨ ᠤ ᠬᠢᠨᠠᠨ ᠵᠦᠪᠰᠢᠶᠡᠷᠡᠭᠦ ᠲᠦᠷᠦᠯ ᠢ ᠴᠤᠮᠬᠠᠳᠬᠠᠵᠠᠢ᠂ ᠵᠠᠰᠠᠭ ᠵᠠᠭᠢᠷᠭᠠᠨ ᠤ ᠬᠢᠨᠠᠨ ᠵᠦᠪᠰᠢᠶᠡᠷᠡᠭᠦ ᠲᠦᠷᠦᠯ ᠵᠦᠢᠯ ᠢ ᠰᠢᠯᠢᠳᠡᠭᠵᠢᠭᠦᠯᠦᠨ ᠴᠤᠮᠬᠠᠳᠬᠠᠭᠰᠠᠨ ᠨᠤᠷᠮ᠎ᠠ ᠨᠢ 53.1% ᠳᠤ ᠬᠦᠷᠴᠡᠢ᠃      7 ᠰᠠᠷ᠎ᠠ ᠶᠢᠨ 12 ᠤ ᠡᠳᠦᠷ᠂ ᠲᠤᠮᠳᠠᠳᠤ ᠤᠯᠤᠰ ᠤᠨ ᠲᠠᠷᠢᠶᠠᠯᠠᠩ ᠦᠢᠯᠡᠳᠪᠦᠷᠢ ᠶᠢᠨ ᠠᠷᠠᠳᠴᠢᠯᠠᠭᠰᠠᠨ ᠨᠠᠮ ᠤᠨ ᠦᠬᠠᠢ ᠬᠤᠳᠠ ᠶᠢᠨ ᠬᠤᠷᠢᠶ᠎ᠠ ᠪᠠᠶᠢᠭᠤᠯᠤᠭᠳᠠᠵᠤ᠂ ᠨᠢᠭᠡᠳᠦᠭᠡᠷ ᠤᠳᠠᠭᠠᠨ ᠤ ᠨᠠᠮ ᠤᠨ ᠬᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠤᠨ᠂ ᠯᠢ ᠱᠢ ᠬᠤᠸᠠ ᠲᠠᠷᠢᠶᠠᠯᠠᠩ ᠦᠢᠯᠡᠳᠪᠦᠷᠢ ᠶᠢᠨ ᠠᠷᠠᠳᠴᠢᠯᠠᠭᠰᠠᠨ ᠨᠠᠮ ᠤᠨ ᠦᠬᠠᠢ ᠬᠤᠳᠠ ᠶᠢᠨ ᠬᠤᠷᠢᠶᠠᠨ ᠤ ᠨᠢᠭᠡᠳᠦᠭᠡᠷ ᠬᠤᠭᠤᠴᠠᠭᠠᠨ ᠤ ᠡᠷᠭᠢᠯᠡᠭᠴᠢ ᠬᠡᠰᠢᠭᠦᠨ ᠢᠶᠠᠷ ᠰᠤᠩᠭᠤᠭᠳᠠᠵᠠᠢ᠃      △ᠦᠬᠠᠢ ᠬᠤᠳᠠ ᠬᠦᠳᠡᠭᠡ ᠲᠤᠰᠬᠤᠨ ᠤ ᠭᠠᠶᠢᠯᠢ ᠶᠢᠨ ᠦᠭᠡᠷᠡᠴᠢᠯᠡᠯᠳᠡ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠬᠦᠳᠡᠭᠡ ᠲᠤᠰᠬᠤᠨ ᠤ ᠭᠠᠶᠢᠯᠢ ᠶᠢᠨ ᠦᠭᠡᠷᠡᠴᠢᠯᠡᠯᠳᠡ ᠶᠢ ᠪᠦᠬᠦ ᠬᠤᠳᠠ ᠳᠤ ᠲᠤᠤᠱᠯᠠᠭᠤᠯᠬᠤ  ᠪᠠᠷ ᠪᠤᠯᠵᠠᠢ᠃      7 ᠰᠠᠷ᠎ᠠ ᠶᠢᠨ 29 ᠤ ᠡᠳᠦᠷ᠂ ᠪᠦᠬᠦ ᠲᠤᠮᠳᠠᠳᠤ ᠤᠯᠤᠰ ᠤᠨ ᠪᠤᠶᠠᠨᠰᠠᠭ ᠦᠢᠯᠡᠰ ᠤᠨ ᠶᠡᠷᠦᠩᠬᠡᠢ ᠡᠪᠯᠡᠯ  ᠠᠴᠠ ᠦᠬᠠᠢ ᠬᠤᠳᠠ ᠶᠢᠨ ᠬᠠᠯᠢᠶ᠎ᠠ ᠤᠷᠤᠰᠬᠠᠯ ᠤᠨ ᠭᠠᠮᠰᠢᠭ ᠲᠤ 10 ᠲᠦᠮᠡᠨ ᠲᠦᠭᠦᠷᠢᠭ ᠤᠨ ᠭᠠᠮᠰᠢᠭ ᠠᠴᠠ ᠠᠪᠤᠷᠠᠬᠤ ᠡᠳ᠋ ᠪᠤᠳᠠᠰ ᠬᠦᠷᠭᠡᠵᠡᠢ᠃      8 ᠰᠠᠷ᠎ᠠ ᠶᠢᠨ 2 ᠤ ᠡᠳᠦᠷ᠂ ᠦᠬᠠᠢ ᠬᠤᠳᠠ ᠶᠢᠨ ᠲᠦᠷᠢᠶᠡᠰᠦᠨ ᠮᠠᠰᠢᠨ ᠤ ᠵᠢᠯᠤᠭᠤᠴᠢ ᠶᠢᠨ ᠠᠯᠪᠠᠨ ᠵᠢᠷᠤᠮ ᠤᠨ ᠠᠮᠤᠷ ᠢ ᠬᠠᠮᠠᠭᠠᠯᠠᠬᠤ ᠬᠠᠮᠳᠤᠷᠠᠭᠰᠠᠨ ᠰᠡᠷᠭᠡᠶᠢᠯᠡᠯᠳᠡ ᠶᠢᠨ ᠲᠤᠭᠤᠷᠢᠨ ᠴᠠᠭᠳᠠᠬᠤ ᠠᠩᠭᠢ ᠪᠠᠶᠢᠭᠤᠯᠤᠭᠳᠠᠵᠠᠢ᠂ 1000 ᠲᠦᠷᠢᠶᠡᠰᠦᠨ ᠮᠠᠰᠢᠨ ᠤ ᠵᠢᠯᠤᠭᠤᠴᠢ ᠲᠤᠭᠤᠷᠢᠨ ᠴᠠᠭᠳᠠᠬᠤ ᠠᠵᠢᠯ ᠢᠶᠠᠨ ᠡᠬᠢᠯᠡᠭᠦᠯᠵᠡᠢ᠃ ᠡᠨᠡ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠨ ᠤ ᠲᠦᠷᠢᠶᠡᠰᠦᠨ ᠮᠠᠰᠢᠨ ᠤ ᠵᠢᠯᠤᠭᠤᠴᠢ  ᠶᠢᠨ ᠠᠯᠪᠠᠨ ᠵᠢᠷᠤᠮ ᠤᠨ ᠠᠮᠤᠷ ᠢ ᠬᠠᠮᠠᠭᠠᠯᠠᠬᠤ ᠬᠠᠮᠳᠤᠷᠠᠭᠰᠠᠨ ᠰᠡᠷᠭᠡᠶᠢᠯᠡᠯᠳᠡ ᠶᠢᠨ ᠲᠤᠭᠤᠷᠢᠨ ᠴᠠᠭᠳᠠᠬᠤ ᠠᠩᠭᠢ ᠪᠤᠯᠤᠨ᠎ᠠ᠃      8 ᠰᠠᠷ᠎ᠠ ᠶᠢᠨ 26 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠠᠵᠢᠯ ᠤᠨ ᠦᠢᠯᠡᠴᠢᠯᠡᠭᠡᠨ ᠤ ᠲᠦᠪ ᠠᠵᠢᠯᠯᠠᠭᠠᠨ ᠢᠶᠠᠨ ᠡᠬᠢᠯᠡᠭᠦᠯᠵᠡᠢ᠃      8 ᠰᠠᠷ᠎ᠠ ᠳᠤ᠂ ᠦᠬᠠᠢ ᠬᠤᠳᠠ ᠶᠢᠨ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠶᠡᠭᠡ ᠮᠦᠩᠭᠦ ᠵᠠᠷᠤᠴᠠᠭᠤᠯᠤᠭᠰᠠᠨ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠲᠠᠭᠠᠳᠬᠠᠯ ᠢ ᠡᠬᠢᠯᠡᠨ ᠭᠡᠷᠡᠭᠵᠢᠭᠦᠯᠵᠦ᠂ ᠠᠵᠢᠯᠳᠠᠨ ᠠᠵᠢᠯᠴᠢᠨ ᠬᠦᠮᠦᠨ ᠪᠦᠷᠢ 100 ᠲᠦᠭᠦᠷᠢᠭ ᠲᠤᠰᠢᠶᠠᠨ᠎ᠠ᠂ ᠡᠭᠦᠨ ᠳᠤ ᠪᠠᠶᠢᠭᠤᠯᠤᠯᠭ᠎ᠠ ᠠᠴᠠ 30 ᠲᠦᠭᠦᠷᠢᠭ᠂ ᠬᠤᠪᠢ ᠬᠦᠮᠦᠨ 70 ᠲᠦᠭᠦᠷᠢᠭ ᠲᠤᠰᠢᠶᠠᠵᠤ᠂ ᠬᠠᠮᠤᠭ ᠦᠨᠳᠦᠷ ᠲᠡᠭᠡᠨ 8 ᠲᠦᠮᠡᠨ ᠲᠦᠭᠦᠷᠢᠭ ᠲᠦᠯᠦᠵᠦ ᠦᠭᠬᠦ ᠪᠤᠯᠤᠨ᠎ᠠ᠃     △ᠤᠳᠠ ᠲᠤᠭᠤᠷᠢᠭ ᠤᠨ 2002 ᠤᠨ ᠤ ᠮᠠᠯᠵᠢᠬᠤ ᠲᠠᠷᠢᠶᠠᠯᠠᠬᠤ ᠤᠷᠤᠨ ᠤ ᠬᠦᠮᠦᠨ ᠮᠠᠯ ᠤᠨ ᠤᠤᠭᠤᠬᠤ ᠤᠰᠤᠨ ᠤ ᠢᠨᠵᠧᠨᠧᠷᠢᠩ ᠤᠨ ᠠᠵᠢᠯ ᠲᠠᠭᠤᠰᠴᠤ᠂ ᠲᠦᠭᠡᠭᠡᠯ ᠤᠰᠤ ᠪᠢᠷᠢᠮᠵᠢᠶᠠᠨ ᠳᠤ ᠬᠦᠷᠴᠦ᠂ 5 ᠵᠠᠰᠠᠭ ᠵᠠᠬᠢᠷᠭᠠᠨ ᠤ ᠲᠤᠰᠬᠤᠨ ᠤ 3 000 ᠬᠦᠮᠦᠨ ᠠᠮᠠ᠂ 5 000 ᠭᠠᠷᠦᠢ ᠮᠠᠯ ᠠᠳᠤᠭᠤᠰᠤᠨ ᠤ ᠤᠤᠭᠤᠬᠤ ᠣᠰᠤᠨ  ᠤ ᠠᠰᠠᠭᠤᠳᠠᠯ ᠢ ᠰᠢᠢᠳᠪᠦᠷᠢᠯᠡᠵᠡᠢ᠃      9 ᠰᠠᠷ᠎ᠠ ᠶᠢᠨ6 ᠤ ᠡᠳᠦᠷ᠂ ᠳ᠋ᠦ᠋ ᠵᠢᠶᠠᠩ ᠲᠤᠤ ᠮᠡᠳᠦ ᠶᠢᠨ5 ᠬᠦᠮᠦᠨ ᠮᠦᠩᠭᠦ ᠭᠠᠷᠭᠠᠵᠤ᠂ ᠦᠬᠠᠢ ᠬᠤᠳᠠ  ᠶᠢᠨ ᠨᠢᠭᠡᠳᠦᠭᠡᠷ ᠲᠤᠮᠳᠠᠳᠤ ᠰᠤᠷᠭᠠᠭᠤᠯᠢ ᠳᠤ ︽ᠨᠤᠭᠤᠭᠠᠨ ᠬᠤᠯᠤᠰᠤ ᠠᠩᠭᠢᠯᠤᠮᠠᠯ ᠴᠠᠬᠢᠷᠮ᠎ᠡ︾ ᠱᠠᠩᠨᠠᠯ ᠤᠨ ᠰᠠᠭᠤᠷᠢ ᠮᠦᠩᠭᠦ ᠪᠠᠶᠢᠭᠤᠯᠵᠤ᠂ ᠲᠤᠰ ᠡᠳᠦᠷ ᠲᠡᠭᠡᠨ ᠱᠠᠩᠨᠠᠯ ᠤᠨ ᠮᠦᠩᠬᠦ ᠬᠢᠭᠡᠳ ᠲᠤᠰᠠᠯᠠᠮᠵᠢ ᠶᠢᠨ ᠮᠦᠩᠭᠦ ᠭᠠᠷᠳᠠᠭᠤᠯᠵᠠᠢ᠂ ᠬᠠᠮᠤᠭ ᠲᠡᠭᠡᠳᠦ ᠱᠠᠩᠨᠠᠯ ᠤᠨ ᠮᠦᠩᠬᠦ ᠨᠢ5000 ᠲᠦᠭᠦᠷᠢᠭ ᠮᠦᠷᠳᠡᠭᠡᠨ ᠵᠢᠯ ᠪᠦᠷᠢ ᠶᠢᠨ9 ᠰᠠᠷ᠎ᠠ  ᠶᠢᠨ ᠡᠬᠢᠨ ᠤ ᠰᠤᠷᠭᠠᠭᠤᠯᠢ ᠡᠬᠢᠯᠡᠬᠦ ᠶᠤᠰᠤᠯᠠᠯ ᠲᠡᠭᠡᠷ᠎ᠡ ᠱᠠᠩᠨᠠᠯ ᠤᠨ ᠮᠦᠩᠭᠦ ᠭᠠᠷᠳᠠᠭᠤᠯᠬᠤ ᠪᠠᠷ ᠲᠤᠭᠳᠠᠵᠠᠢ᠃      9 ᠰᠠᠷ᠎ᠠ ᠶᠢᠨ 8   ᠤ ᠡᠳᠦᠷ᠂ ᠦᠬᠠᠢ ᠬᠤᠳᠠ ᠶᠢᠨ ᠨᠡᠶᠢᠭᠡᠮ ᠵᠢᠷᠤᠮᠳᠤ ᠲᠡᠭᠡᠳᠦ ᠰᠤᠷᠭᠠᠭᠤᠯᠢ ᠪᠠᠶᠢᠭᠤᠯᠤᠭᠳᠠᠵᠠᠢ᠃      9 ᠰᠠᠷ᠎ᠠ ᠶᠢᠨ 17 ᠤ ᠡᠳᠦᠷ᠂ ᠦᠬᠠᠢ ᠬᠤᠳᠠ ᠶᠢᠨ ᠰᠤᠶᠤᠯ ᠲᠠᠮᠢᠷ ᠤᠨ ᠲᠦᠪ ᠪᠠᠷᠢᠯᠭ᠎ᠠ ᠡᠬᠢᠯᠡᠭᠦᠯᠵᠡᠢ᠂ ᠪᠠᠷᠢᠯᠭ᠎ᠠ ᠶᠢᠨ ᠲᠠᠯᠠᠪᠠᠢ ᠨᠢ 11559 ᠲᠡᠭᠰᠢ ᠲᠦᠷᠪᠡᠯᠵᠢᠨ ᠮᠧᠲᠷ᠂ 21.3 ᠮᠧᠲᠷ ᠦᠨᠳᠦᠷ᠂ ᠲᠤᠳᠤᠷ᠎ᠠ ᠨᠢ 3700 ᠰᠠᠭᠤᠳᠠᠯ ᠲᠤᠬᠢᠷᠠᠭᠤᠯᠵᠤ᠂ ᠨᠡᠶᠢᠳᠡ 2 500 ᠲᠦᠮᠡᠨ ᠲᠦᠭᠦᠷᠢᠭ ᠬᠡᠷᠡᠭᠰᠡᠨ᠎ᠠ᠃      9 ᠰᠠᠷ᠎ᠠ ᠶᠢᠨ 20 ᠤ ᠡᠳᠦᠷ᠂ ᠪᠠᠷᠠᠭᠤᠨ ᠤᠷᠠᠨ ᠲᠦᠰᠢ ᠶᠢᠨ ᠦᠢᠯᠡᠰ ᠪᠦᠳᠦᠭᠡᠬᠦ ᠪᠡᠯᠡ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ︽ᠲᠠᠯ᠎ᠠ ᠨᠤᠳᠤᠭ︾ ᠨᠡᠷᠡᠮᠵᠢᠳᠦ ᠱᠦᠢᠨᠢ ᠨᠢ ᠤᠯᠤᠰ ᠤᠨ ᠡᠷᠭᠡᠳᠦ ᠪᠠᠶᠢᠭᠤᠯᠤᠯᠭ᠎ᠠ—  ᠲᠤᠮᠳᠠᠳᠤ ᠤᠯᠤᠰ ᠤᠨ ᠨᠡᠷᠡᠳᠦ ᠪᠠᠷᠠᠭ᠎ᠠ ᠬᠦᠭᠵᠢᠭᠦᠯᠤᠨ ᠠᠬᠢᠭᠤᠯᠬᠤ ᠵᠦᠪᠯᠡᠯ ᠠᠴᠠ ᠲᠤᠮᠳᠠᠳᠤ ᠤᠯᠤᠰ ᠤᠨ ᠠᠯᠳᠠᠷᠳᠤ ᠨᠡᠷᠡᠳᠦ ᠪᠠᠷᠠᠭ᠎ᠠ ᠪᠠᠷ ᠦᠨᠡᠯᠡᠭᠳᠡᠵᠡᠢ᠃      10 ᠰᠠᠷ᠎ᠠ ᠶᠢᠨ 18 ᠤ ᠡᠳᠦᠷ᠂ ᠦᠪᠦᠷ ᠮᠤᠩᠭᠤᠯ ᠤᠨ ᠴᠢᠮᠡᠭᠡ ᠬᠤᠯᠪᠤᠭᠠᠨ ᠤ ᠺᠤᠮᠫᠠᠨᠢ ᠶᠢᠨ ᠦᠬᠠᠢ ᠶᠢᠨ ᠬᠤᠪᠢᠶᠠᠷᠢ ᠺᠤᠮᠫᠠᠨᠢ ᠪᠠᠶᠢᠭᠤᠯᠤᠭᠳᠠᠵᠠᠢ ︵ᠤᠤᠯ ᠤᠨ ᠴᠠᠭᠢᠯᠭᠠᠨ ᠬᠤᠯᠪᠤᠭ᠎ᠠ ᠶᠢᠨ ᠨᠡᠷ᠎ᠡ ᠶᠢ ᠦᠭᠡᠷᠡᠴᠢᠯᠡᠭᠡᠳ ᠦᠬᠠᠢ  ᠶᠢᠨ ᠴᠢᠮᠡᠭᠡ ᠬᠤᠯᠪᠤᠭ᠎ᠠ ᠬᠡᠵᠡᠢ︶᠃ ᠺᠤᠮᠫᠠᠨᠢ ᠶᠢᠨ ᠲᠤᠭᠳᠠᠮᠠᠯ ᠬᠦᠷᠦᠩᠭᠡ 3 ᠳ᠋ᠦᠩᠰᠢᠭᠤᠷ ᠲᠦᠭᠦᠷᠢᠭ ᠪᠠᠶᠢᠵᠤ᠂ ᠫᠷᠣᠭ᠍ᠷᠡᠮᠲᠤ ᠮᠠᠰᠢᠨ ᠤ ᠶᠡᠷᠦᠩᠭᠡᠢ ᠪᠠᠭᠳᠠᠭᠠᠮᠵᠢ ᠨᠢ 15 ᠲᠦᠮᠡᠨ ᠡᠭᠦᠳᠡ᠂ ᠳ᠋ᠢᠶᠠᠩᠬᠤᠸᠠ ᠬᠡᠷᠡᠭᠡᠯᠡᠭᠡᠨ ᠤ ᠡᠷᠦᠭᠡ 10 ᠲᠦᠮᠡ ᠤᠷᠴᠢᠮ᠂ ᠲᠤᠭᠠᠴᠢᠯᠠᠭᠰᠠᠨ ᠤᠯᠠᠨ ᠮᠡᠳᠡᠭᠡᠯᠡᠯ ᠤᠨ ᠡᠷᠦᠭᠡ ᠲᠦᠮᠡ ᠢᠯᠡᠭᠦᠦ ᠪᠠᠶᠢᠵᠤ᠂ ᠬᠤᠳᠠ ᠶᠢᠨ ᠭᠤᠤᠯᠯᠠᠭᠴᠢ ᠴᠢᠮᠡᠭᠡ ᠨᠡᠪᠳᠡᠷᠡᠭᠦᠯᠭᠡ ᠶᠢᠨ ᠡᠵᠡᠩᠨᠡᠯᠳᠡ ᠶᠢᠨ ᠠᠵᠤ ᠠᠬᠤᠶᠢᠯᠠᠯ ᠪᠣᠯᠵᠠᠢ᠃      11 ᠰᠠᠷ᠎ᠠ ᠶᠢᠨ 1 ᠤ ᠡᠳᠦᠷ᠂ ᠤᠳᠠ ᠶᠢᠨ ᠭᠠᠮᠰᠢᠭᠳᠠᠭᠰᠠᠨ ᠠᠷᠠᠳ ᠤᠨ ᠰᠢᠨ᠎ᠡ ᠲᠤᠰᠬᠤᠨ ᠪᠠᠶᠢᠭᠤᠯᠤᠭᠳᠠᠵᠠᠢ᠂ ᠰᠠᠭᠤᠬᠤ ᠭᠡᠷ 299 ᠡᠷᠦᠭᠡ᠂ ᠡᠷᠦᠭᠡ ᠪᠦᠷᠢ 400 ᠲᠡᠭᠰᠢ ᠲᠦᠷᠪᠡᠯᠵᠢᠨ ᠮᠧᠲᠷ ᠲᠡᠯᠡᠪᠡᠢ ᠭᠠᠵᠠᠷ ᠡᠵᠡᠯᠡᠵᠦ᠂ 61.77 ᠲᠡᠭᠰᠢ ᠲᠦᠷᠪᠡᠯᠵᠢᠨ ᠮᠧᠲᠷ ᠪᠡ 87.77 ᠲᠡᠭᠰᠢ ᠲᠦᠷᠪᠡᠯᠵᠢᠨ ᠮᠧᠲᠷ ᠤᠨ ᠬᠤᠶᠠᠷ ᠡᠷᠦᠭᠡ ᠶᠢᠨ ᠬᠡᠯᠪᠡᠷᠢ ᠲᠠᠢ᠂ ᠨᠡᠶᠢᠳᠡ 1 603 ᠲᠦᠮᠡᠨ ᠲᠦᠭᠦᠷᠢᠭ ᠤᠨ ᠪᠡᠯᠡ ︵ᠰᠤᠷᠭᠠᠭᠤᠯᠢ᠂ ᠡᠮᠨᠡᠯᠭᠡ᠂ ᠵᠠᠮ ᠵᠡᠷᠭᠡ ᠰᠠᠭᠤᠷᠢ ᠲᠦᠭᠦᠭᠡᠷᠦᠮᠵᠢ ᠶᠢ ᠪᠠᠭᠳᠠᠭᠠᠨ᠎ᠠ︶ ᠤᠷᠤᠭᠤᠯᠵᠤ᠂ 257  ᠭᠠᠮᠰᠢᠭᠳᠠᠭᠰᠠᠨ ᠡᠷᠦᠭᠡ ᠤᠷᠤᠨ ᠰᠠᠭᠤᠴᠠ ᠲᠠᠢ ᠪᠤᠯᠵᠠᠢ᠃      11 ᠰᠠᠷ᠎ᠠ ᠶᠢᠨ 7 ᠤ ᠡᠳᠦᠷ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠨᠠᠮ  ᠤᠨ ᠲᠡᠦᠬᠡ ᠶᠢᠨ ᠲᠣᠮᠤ ᠭᠡᠷᠡᠭ ᠤᠨ ᠲᠡᠮᠳᠡᠭᠯᠡᠯ︾ ᠬᠡᠬᠦ ᠨᠤᠮ ᠭᠡᠪᠯᠡᠭᠳᠡᠨ ᠲᠠᠷᠬᠠᠭᠠᠭᠳᠠᠵᠠᠢ᠃      11 ᠰᠠᠷ᠎ᠠ ᠶᠢᠨ 11 ᠤ ᠡᠳᠦᠷ᠂ ᠦᠬᠠᠢ ᠬᠤᠳᠠ ᠵᠧᠩ ᠶᠤᠸᠠᠨ ᠤᠯᠠᠨ ᠤᠯᠤᠰ ᠤᠨ ᠬᠡᠷ ᠤᠨ ᠡᠳ᠋ᠯᠡᠯ ᠬᠡᠷᠡᠭᠰᠡᠯ ᠵᠠᠰᠠᠯ ᠴᠢᠮᠡᠭᠯᠡᠯ ᠤᠨ ᠦᠵᠡᠬᠦᠯᠦᠯᠭᠡ ᠶᠢᠨ ᠲᠦᠪ ᠠᠰᠢᠭᠯᠠᠯᠳᠠ ᠳᠤ ᠤᠷᠤᠵᠠᠢ᠃ ᠡᠬᠦᠨ ᠢ 2001 ᠤᠨ ᠤ 10 ᠰᠠᠷ᠎ᠠ ᠶᠢᠨ 8 ᠳᠤ ᠪᠠᠷᠢᠯᠭ᠎ᠠ ᠡᠬᠢᠯᠡᠬᠦᠯᠵᠦ᠂ 3600 ᠲᠦᠮᠡᠨ ᠲᠦᠭᠦᠷᠢᠭ ᠵᠠᠷᠤᠴᠠᠭᠤᠯᠵᠠᠢ᠂ ᠡᠵᠡᠯᠡᠬᠦ ᠲᠠᠯᠠᠪᠠᠢ  ᠨᠢ 4.3 ᠲᠦᠮᠡᠨ ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 3.6 ᠲᠦᠮᠡᠨ ᠲᠡᠭᠰᠢ ᠲᠦᠷᠪᠡᠯᠵᠢᠨ ᠮᠧᠲᠷ᠃      12 ᠰᠠᠷ᠎ᠠ ᠶᠢᠨ 10 ᠤ ᠡᠳᠦᠷ᠂ ᠦᠬᠠᠢ ᠬᠤᠳᠠ ᠶᠢᠨ ᠢᠯᠴᠢ ᠶᠢᠨ ᠬᠦᠴᠦᠨ ᠤ ᠪᠠᠷᠢᠯᠭ᠎ᠠ ᠲᠠᠭᠤᠰᠴᠦ᠂ 3 ᠵᠢᠯ ᠤᠷᠢᠳᠴᠢᠯᠠᠨ 60 ᠲᠦᠮᠡᠨ ᠲᠡᠭᠰᠢ ᠲᠦᠷᠪᠡᠯᠵᠢᠨ ᠮᠧᠲᠷ ᠢᠯᠴᠢ ᠬᠠᠩᠭᠠᠬᠤ ᠶᠢ ᠪᠡᠶᠡᠯᠡᠬᠦᠯᠵᠠᠢ᠂ ᠲᠤᠰ ᠪᠠᠷᠢᠯᠭ᠎ᠠ 2001 ᠤᠨ ᠤ 7 ᠰᠠᠷ᠎ᠠ ᠶᠢᠨ 12 ᠳᠤ ᠡᠬᠢᠯᠡᠭᠦᠯᠦᠨ᠂ ᠨᠡᠶᠢᠳᠡ 2000 ᠲᠦᠮᠡᠨ ᠲᠦᠭᠦᠷᠢᠭ ᠤᠨ ᠪᠡᠯᠡ ᠤᠷᠤᠭᠤᠯᠵᠠᠢ᠃      12 ᠰᠠᠷ᠎ᠠ ᠶᠢᠨ 17 ᠤ ᠡᠳᠦᠷ᠂ ᠦᠬᠠᠢ ᠬᠤᠳᠠ ᠶᠢᠨ ᠢᠷᠠᠭᠤ ᠠᠯᠳᠠᠷᠳᠤ ᠦᠢᠯᠡᠰ ᠢ ᠠᠬᠢᠭᠤᠯᠬᠤ ᠬᠤᠷᠠᠯ ︵ᠵᠦᠪᠯᠡᠯ︶ ᠪᠠᠶᠢᠭᠤᠯᠤᠭᠳᠠᠵᠠᠢ᠃      12 ᠰᠠᠷ᠎ᠠ ᠶᠢᠨ 18 ᠤ ᠡᠳᠦᠷ᠂ ᠦᠬᠠᠢ ᠬᠤᠳᠠ ᠶᠢᠨ ᠵᠦᠩ ᠹᠦ᠋ ᠵᠠᠰᠠᠯ ᠴᠢᠮᠡᠭᠯᠡᠯ ᠤᠨ ᠭᠠᠵᠠᠷ ᠠᠰᠢᠭᠯᠠᠯᠳᠠ ᠳᠤ ᠤᠷᠤᠵᠠᠢ᠂ 2001 ᠤᠨ ᠤ 7 ᠰᠠᠷ᠎ᠠ ᠳᠤ ᠪᠠᠷᠢᠯᠭ᠎ᠠ ᠡᠭᠢᠯᠡᠭᠦᠯᠵᠡᠢ᠃ ᠲᠠᠯᠠᠪᠠᠢ ᠨᠢ 1.2 ᠲᠦᠮᠡᠨ ᠲᠡᠭᠰᠢ ᠲᠦᠷᠪᠡᠯᠵᠢᠨ ᠮᠧᠲᠷ᠂ ᠨᠡᠶᠢᠳᠡ 2000 ᠲᠦᠮᠡᠨ ᠲᠦᠭᠦᠷᠢᠭ ᠤᠨ ᠪᠡᠯᠡ ᠣᠷᠤᠭᠤᠯᠵᠠᠢ᠃      12 ᠰᠠᠷ᠎ᠠ ᠶᠢᠨ 20 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠬᠤᠷᠢᠶᠠᠨ ᠤ ᠠᠵᠤ ᠠᠬᠤᠶᠢᠯᠠᠯ ᠤᠨ ᠠᠵᠢᠯᠯᠠᠭᠠᠨ ᠤ ᠵᠦᠪᠯᠡᠯ ᠪᠠᠶᠢᠭᠤᠯᠤᠭᠳᠠᠵᠠᠢ᠃      △  ᠦᠬᠠᠢ ᠬᠤᠳᠠ ᠶᠢᠨ ᠴᠢᠮᠡᠭᠡ ᠬᠤᠯᠪᠤᠭᠠᠨ ᠤ ᠬᠤᠪᠢᠶᠠᠷᠢ ᠺᠤᠮᠫᠠᠨᠢ ᠤᠳᠠᠰᠤᠭᠦᠢ ᠬᠤᠳᠠ ᠶᠢᠨ ᠳ᠋ᠢᠶᠠᠩᠬᠤᠸᠠ— ︽ᠵᠢᠵᠢᠭ ︵ᠰᠡᠷᠭᠦᠯᠡᠩ︶ ᠬᠠᠷᠢᠯᠴᠠᠭᠤᠷ︾ ᠤᠳᠠᠰᠤ ᠨᠡᠪᠳᠡᠷᠡᠵᠡᠢ᠂ ᠠᠩᠬᠠᠨ ᠤ ᠬᠤᠭᠤᠴᠠᠭᠠᠨ ᠤ ᠢᠨᠵᠧᠨᠧᠷᠢᠩ ᠳᠤ 1200 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠦᠢᠯᠡᠴᠢᠯᠡᠭᠡᠨ ᠤ ᠲᠠᠯᠠᠪᠠᠢ ᠨᠢ 26 ᠲᠦᠮᠡᠨ ᠲᠡᠭᠰᠢ ᠲᠦᠷᠪᠡᠯᠵᠢᠨ ᠺᠢᠯᠤᠮᠧᠲᠷ ᠲᠤ ᠬᠦᠷᠴᠡᠢ᠃      12 ᠰᠠᠷ᠎ᠠ ᠶᠢᠨ 25 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠴᠠ ︽12.14︾ ᠤᠰᠤᠨ ᠳᠤ ᠤᠨᠠᠭᠰᠠᠨ ᠬᠡᠦᠬᠡᠳ ᠢ ᠠᠪᠤᠷᠠᠭᠰᠠᠨ ᠪᠠᠭᠠᠳᠤᠷ ᠵᠢᠱᠢᠶᠡᠴᠢ ᠶᠢ ᠱᠠᠩᠨᠠᠨ ᠬᠦᠬᠢᠬᠦᠯᠭᠦ ᠬᠤᠷᠠᠯ ᠬᠢᠵᠦ ᠯᠢᠦ ᠶᠧ ᠨᠦᠬᠦᠷ ᠲᠤ ︽ᠦᠪᠡᠷ ᠢ ᠦᠷᠡᠭᠳᠡᠭᠦᠯᠵᠦ ᠪᠤᠰᠤᠳ ᠢ ᠠᠪᠤᠷᠠᠭᠰᠠᠨ ᠪᠠᠭᠠᠳᠤᠷ︾ ᠠᠯᠳᠠᠷ ᠢ ᠨᠦᠭᠦᠨ ᠡᠷᠭᠦᠮᠵᠢᠯᠡᠵᠡᠢ᠃ ᠮᠦᠨ ᠰᠠᠷ᠎ᠠ ᠶᠢᠨ 14 ᠤ ᠡᠳᠦᠷ᠂ ᠦᠪᠦᠷ ᠮᠤᠩᠭᠤᠯ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠭᠢᠷᠭᠠᠨ ᠤ ᠬᠠᠮᠢᠶᠠᠷᠤᠯᠳᠠ ᠶᠢᠨ ᠰᠤᠷᠭᠠᠭᠤᠯᠢ ᠳᠤ ᠰᠠᠭᠤᠵᠤ ᠪᠠᠶᠢᠭ᠎ᠠ ᠦᠬᠠᠢ ᠬᠤᠳᠠ ᠶᠢᠨ ᠰᠤᠷᠤᠭᠴᠢ ᠯᠢᠦ ᠶᠧ ᠬᠦᠬᠡᠬᠤᠳᠠ ᠶᠢᠨ ᠴᠢᠩ ᠴᠧᠩ ᠴᠡᠴᠡᠷᠯᠢᠭ ᠲᠤ ᠤᠰᠤᠨ ᠳᠤ ᠤᠨᠠᠭᠰᠠᠨ ᠬᠡᠦᠭᠡᠳ ᠢ ᠠᠪᠤᠷᠠᠵᠤ ᠨᠠᠰᠤ ᠪᠠᠷᠠᠭᠰᠠᠨ ᠶᠠᠪᠤᠳᠠᠯ ᠢ ᠳᠤᠷᠠᠰᠬᠠᠨ ᠲᠠᠮᠳᠡᠭᠯᠡᠵᠡᠢ᠃ ᠲᠠᠷᠠᠭ᠎ᠠ ᠵᠢᠯ ᠤᠨ ᠬᠢᠨᠢ 5 ᠰᠠᠷ᠎ᠠ ᠶᠢᠨ 27 ᠤ ᠡᠳᠦᠷ  ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠯᠢᠦ ᠶᠧ ᠶᠢ ᠬᠤᠪᠢᠰᠬᠠᠯ ᠤᠨ ᠨᠦᠭᠴᠢᠭᠰᠡᠨ ᠪᠠᠭᠠᠳᠤᠷ ᠢᠶᠠᠷ ᠨᠡᠭᠡᠨ ᠡᠷᠭᠦᠮᠵᠢᠯᠡᠭᠰᠡᠨ ᠪᠠᠶᠢᠨ᠎ᠠ᠃      12 ᠰᠠᠷ᠎ᠠ ᠶᠢᠨ 31 ᠤ ᠡᠳᠦᠷ᠂ ᠪᠦᠬᠦ ᠤᠯᠤᠰ ᠤᠨ ᠬᠤᠯᠪᠤᠭᠠᠳᠤ ᠡᠵᠡᠩᠨᠡᠯᠳᠦ ᠬᠡᠳᠦ ᠲᠡᠯᠭᠡᠭᠦᠷ— ᠬᠤᠸᠠ ᠯᠢᠶᠠᠨ ᠬᠡᠳᠦ ᠲᠡᠯᠭᠡᠭᠦᠷ ᠦᠬᠠᠢ ᠬᠤᠳᠠ ᠳᠤ ᠡᠷᠦᠭᠡ ᠨᠡᠭᠡᠭᠡᠵᠡᠢ᠃      2002 ᠤᠨ ᠳᠤ᠂ ᠦᠬᠠᠢ ᠬᠤᠳᠠ ᠶᠢᠨ ᠡᠳ᠋ ᠤᠨ ᠵᠠᠰᠠᠭ ᠤᠨ ᠤᠷᠤᠯᠭ᠎ᠠ 51983 ᠲᠦᠮᠡᠨ ᠲᠦᠭᠦᠷᠢᠭ᠂ ᠣᠯᠣᠰ ᠤᠨ ᠭᠠᠶᠢᠯᠢ ᠶᠢᠨ ᠤᠷᠤᠯᠭ᠎ᠠ 29 379 ᠲᠦᠮᠡᠨ ᠲᠦᠭᠦᠷᠢᠭ᠂ ᠭᠠᠵᠠᠷ ᠤᠷᠤᠨ ᠤ ᠭᠠᠶᠢᠯᠢ ᠶᠢᠨ ᠤᠷᠤᠯᠭ᠎ᠠ 28 389 ᠲᠦᠮᠡᠨ ᠲᠦᠭᠦᠷᠢᠭ ᠲᠤ ᠬᠦᠷᠴᠡᠢ᠂ ᠪᠦᠬᠦ ᠬᠤᠳᠠ ᠶᠢᠨ ᠲᠤᠤᠷ᠎ᠠ ᠪᠠᠳᠤᠯᠭᠠᠳᠤ ᠡᠳᠡᠭᠡᠳ 32 966 ᠬᠦᠮᠦᠨ ᠪᠠᠶᠢᠵᠤ᠂ ᠪᠦᠬᠦ ᠵᠢᠯ ᠳᠤ ᠲᠠᠷᠬᠠᠭᠠᠭᠰᠠᠨ ᠲᠤᠤᠷ᠎ᠠ ᠪᠠᠳᠤᠯᠠᠭ᠎ᠠ ᠶᠢᠨ ᠮᠦᠩᠭᠦ 781.7 ᠲᠦᠮᠡᠨ ᠲᠦᠭᠦᠷᠢᠭ  ᠲᠤ ᠭᠦᠷᠴᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号