ᠮᠠᠨ ᠤ ᠬᠤᠲᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/8
     9 ᠰᠠᠷ᠎ᠠ ᠶᠢᠨ 30 ᠤ ᠡᠳᠦᠷ ᠪᠤᠯ ᠮᠠᠨ ᠤ ᠤᠯᠤᠰ ᠤᠨ ᠠᠷᠪᠠᠨ ᠨᠢᠬᠡᠲᠦᠬᠡᠷ ᠨᠦᠭᠴᠢᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠤᠯᠤᠨ᠎ᠠ᠃ ᠲᠤᠰ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠵᠠᠯᠠᠭᠤᠴᠤᠳ ᠪᠠᠭᠠᠴᠤᠳ ᠤᠨ ᠠᠮᠢ ᠠᠬᠤᠶ ᠶᠢᠨ ᠬᠦᠷᠢᠶᠡᠯᠡᠩ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠠᠭᠤᠳᠠᠮ ᠲᠠᠯᠠᠪᠠᠶ ᠳᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠠᠵᠢᠯᠯᠠᠭ᠎ᠠ ᠳᠤ ᠣᠷᠣᠯᠴᠠᠪᠠ᠃      ᠰᠦᠷ ᠵᠢᠪᠬᠤᠯᠠᠩᠲᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠠᠭᠤᠳᠠᠮ ᠲᠠᠯᠠᠪᠠᠢ ᠳᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠰᠡᠬᠦ᠋ᠢᠨ ᠰᠦᠨᠳᠡᠷᠯᠡᠵᠦ᠂ ᠫᠧᠩᠰᠡᠲᠦ ᠤᠳᠪᠠᠯᠠ ᠴᠡᠴᠡᠭ ᠢ ᠲᠡᠷᠢ ᠲᠡᠭᠰᠢ ᠳᠡᠯᠭᠡᠵᠦ᠂ ᠬᠥᠮᠦᠰ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠵᠤᠵᠠᠭᠠᠨ ᠳᠤᠷᠠᠰᠤᠨ ᠰᠠᠨᠠᠭᠠᠯᠵᠠᠵᠤ ᠪᠠᠶᠢᠬᠤ ᠶᠢ ᠬᠠᠷᠠᠭᠤᠯᠪᠡ᠃ ᠮᠠᠨ ᠤ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠰᠣᠷᠭᠤᠭ ᠴᠡᠴᠡᠭ ᠪᠠᠷᠢᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠵᠦᠭ ᠲᠥᠪ ᠬᠢᠴᠢᠶᠡᠩᠬᠦᠢ ᠪᠠᠷ ᠵᠣᠭᠰᠣᠪᠠ᠃      9 ᠴᠠᠭ ᠤᠨ ᠦᠶ᠎ᠡ ᠪᠠᠷ᠂ ᠨᠡᠶᠢᠳᠡ ᠶᠢᠨ ᠲᠠᠬᠢᠯᠭ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ᠃      12 ᠨᠡᠷ᠎ᠡ ᠰᠦᠷ ᠵᠢᠪᠬᠤᠭ᠎ᠠ ᠲᠠᠢ ᠶᠣᠰᠣᠯᠠᠯ ᠤᠨ ᠴᠡᠷᠢᠭ ᠢᠳᠡᠷᠡᠭᠦᠨ ᠠᠯᠬᠤᠭ᠎ᠠ ᠪᠠᠷ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠫᠤᠤ ᠠᠳᠬᠤᠨ ᠵᠣᠭᠰᠣᠪᠠ᠃      ᠲᠤᠬᠠᠢ ᠶᠢᠨ ᠲᠠᠯᠠᠪᠠᠢ ᠳᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠤᠯᠤᠰ ᠤᠨ ᠰᠦᠯᠳᠡ ᠳᠠᠭᠤᠤ ᠶᠢ ᠳᠠᠭᠤᠯᠠᠵᠤ ᠪᠠᠷᠠᠭᠰᠠᠨ ᠤ ᠲᠠᠷᠠᠭ᠎ᠠ᠂ ᠲᠠᠯᠠᠪᠠᠢ ᠳᠠᠶᠠᠭᠠᠷ ᠢᠶᠠᠨ ᠲᠥᠪ ᠵᠣᠭᠰᠣᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠪᠠ ᠤᠯᠤᠰ ᠤᠨ ᠪᠠᠶᠠᠨ ᠬᠦᠴᠦᠷᠬᠡᠭ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠢᠶᠠᠨ ᠨᠠᠮᠠᠨᠴᠢᠯᠠᠨ ᠭᠠᠰᠢᠭᠤᠳᠠᠪᠠ᠃ ᠨᠠᠮᠠᠨᠴᠢᠯᠠᠨ ᠭᠠᠰᠢᠭᠤᠳᠠᠭᠰᠠᠨ ᠤ ᠳᠠᠷᠠᠭ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ ᠮᠥᠨ︾ ᠭᠡᠬᠦ ᠳᠠᠭᠤᠤ ᠶᠢ ᠳᠠᠭᠤᠯᠠᠬᠤ ᠶᠢᠨ ᠬᠠᠮᠲᠤ ᠪᠠᠭᠠᠴᠤᠳ ᠤᠨ ᠬᠤᠰᠢᠭᠤᠴᠢ ᠠᠩᠭᠢ ᠶᠢᠨ ᠶᠣᠰᠣ ᠬᠦᠢᠴᠡᠳᠭᠡᠪᠡ᠃      ᠵᠢᠭᠰᠠᠭᠠᠯ ᠤᠨ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ᠂ ᠬᠤᠳᠠ ᠳᠤ ᠰᠠᠭᠤᠭ᠎ᠠ ᠴᠡᠷᠢᠭ ᠠᠩᠬᠢ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠬᠠᠮᠠᠳ ᠴᠡᠷᠢᠭ ᠤᠨ ᠲᠥᠯᠥᠭᠡᠯᠡᠭᠴᠢ ᠪᠣᠯᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ ᠶᠢᠨ ᠬᠦᠷᠭᠡᠭᠰᠡᠨ 7 ᠰᠠᠭᠰᠤᠳᠤ ᠴᠡᠴᠡᠭ ᠢ ᠨᠢᠭᠡ ᠮᠦᠷ ᠢᠶᠠᠷ ᠵᠢᠭᠰᠠᠭᠠᠵᠤ᠂ ᠴᠡᠴᠡᠭᠲᠦ ᠰᠠᠭᠰᠤᠳᠤ ᠤᠨ ᠤᠯᠠᠭᠠᠨ ᠲᠣᠷᠭᠠᠨ ᠪᠦᠴᠡ ᠳᠡᠭᠡᠷ᠎ᠡ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠦᠨᠢᠳᠡ ᠪᠠᠯᠠᠷᠠᠰᠢ ᠦᠭᠡᠢ︾ ᠭᠡᠰᠡᠨ ᠠᠯᠳᠠᠨ ᠦᠰᠦᠭ ᠢ ᠪᠢᠴᠢᠵᠡᠢ᠃      ᠬᠦᠨ ᠰᠡᠳᠭᠢᠯᠭᠡ ᠲᠠᠢ ︽ᠴᠡᠴᠡᠭ ᠬᠦᠷᠭᠡᠬᠦ ᠠᠶᠠᠰ︾ ᠤᠨ ᠲᠤᠮᠳᠠ᠂ 14 ᠶᠣᠰᠣᠯᠠᠯ ᠤᠨ ᠴᠡᠷᠢᠭ ᠴᠡᠴᠡᠭᠲᠦ ᠰᠠᠭᠰᠤ ᠶᠢ ᠯᠠᠪᠳᠠᠭᠤᠨ ᠡᠷᠭᠦᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠵᠦᠭ ᠠᠯᠭᠤᠷᠬᠠᠨ ᠠᠯᠬᠤᠵᠦ᠂ ᠰᠠᠭᠰᠤᠳᠤ ᠴᠡᠴᠡᠭ ᠢ ᠳᠤᠷᠠᠰᠬᠠᠯ ᠤᠨ ᠬᠦᠰᠢᠶ᠎ᠡ ᠶᠢᠨ ᠳᠣᠣᠷ᠎ᠠ ᠲᠠᠯᠪᠢᠪᠠ᠃ ᠼᠦᠢ ᠵᠢᠩ ᠶᠢᠩ ᠠᠭᠠᠵᠢᠮ ᠢᠶᠠᠷ ᠤᠷᠤᠭᠰᠢᠯᠠᠵᠤ᠂ ᠴᠡᠴᠡᠭᠲᠦ ᠰᠠᠭᠰᠤ ᠶᠢᠨ ᠲᠣᠷᠭᠠᠨ ᠪᠦᠰᠡ ᠶᠢ ᠨᠠᠷᠢᠨ ᠬᠢᠨᠠᠮᠠᠭᠠᠢ ᠡᠮᠬᠢᠯᠡᠵᠦ᠂ ᠮᠡᠬᠦ᠋ᠢᠨ ᠶᠣᠰᠣᠯᠠᠵᠤ᠂ ᠳᠠᠷᠠᠭ᠎ᠠ ᠨᠢ ᠠᠯᠭᠤᠷᠬᠠᠨ ᠢᠶᠠᠷ ᠨᠢᠭᠡ ᠨᠢᠭᠡ ᠠᠯᠬᠤᠮ ᠢᠶᠠᠷ ᠲᠣᠭᠤᠷᠢᠨ ᠶᠠᠪᠤᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠪᠠᠷᠠᠯᠠᠪᠠ᠃ ᠳᠠᠷᠠᠭ᠎ᠠ ᠨᠢ᠂ ᠸᠠᠩ ᠸᠧᠨ ᠵᠢᠶᠧ ᠵᠡᠷᠭᠡ ᠬᠤᠳᠠ ᠶᠢᠨ ᠤᠳᠤᠷᠢᠳᠤᠯᠭ᠎ᠠ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢᠳ ᠲᠡᠰ ᠳᠠᠷᠠᠭᠠᠯᠠᠨ ᠡᠮᠦᠨ᠎ᠡ ᠨᠢ ᠰᠣᠷᠭᠤᠭ ᠴᠡᠴᠡᠭ ᠬᠦᠷᠭᠡᠵᠦ᠂ ᠠᠯᠭᠤᠷᠬᠠᠨ ᠢᠶᠠᠷ ᠲᠣᠭᠤᠷᠢᠨ ᠶᠠᠪᠤᠬᠤ ᠶᠢᠨ ᠬᠠᠮᠲᠤ ᠳᠤᠷᠠᠰᠬᠠᠯ ᠤᠨ ᠬᠥᠰᠢᠶ᠎ᠡ ᠶᠢ ᠪᠠᠷᠠᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃      ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠡᠰᠡᠭ ᠤᠳᠤᠷᠢᠳᠬᠤ ᠨᠥᠬᠦᠳ ᠠᠵᠢᠯᠯᠠᠭ᠎ᠠ ᠳᠤ ᠣᠷᠣᠯᠴᠠᠪᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠠᠷᠠᠳ ᠤᠨ ᠪᠦᠯᠬᠦᠮ᠂ ᠬᠤᠳᠠ ᠳᠤ ᠰᠠᠭᠤᠭ᠎ᠠ ᠨᠢᠭᠡᠴᠡ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠠᠵᠢᠯᠳᠠᠨ ᠤ ᠲᠥᠯᠥᠭᠡᠯᠡᠭᠴᠢ᠂ ᠬᠤᠳᠠ ᠳᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠵᠢᠱᠢᠶᠡᠴᠢ ᠶᠢᠨ ᠲᠥᠯᠥᠭᠡᠯᠡᠭᠴᠢ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠬᠠᠮᠠᠳ ᠴᠡᠷᠢᠭ ᠵᠢᠴᠢ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠵᠡᠷᠭᠡ 1500 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号