ᠲᠡᠦᠭᠡᠨ ᠣᠯᠠᠷᠢᠯ ︵ᠠᠷᠪᠠᠨ ᠨᠠᠢᠮᠠ︶
ᠨᠡᠶᠢᠲᠡᠯᠡᠭᠰᠡᠨ ᠴᠠᠭ᠄
2024/10/9
ᠲᠡᠦᠭᠡᠨ ᠣᠯᠠᠷᠢᠯ ︵ᠠᠷᠪᠠᠨ ᠨᠠᠢᠮᠠ︶      2001 ᠤᠨ      1 ᠰᠠᠷ᠎ᠠ ᠶᠢᠨ 13 ᠤ ᠡᠳᠦᠷ᠂ ᠤᠯᠤᠰ ᠤᠨ ᠬᠦᠳᠡᠯᠮᠦᠷᠢ ᠪᠠ ᠨᠡᠶᠢᠭᠡᠮ ᠤᠨ ᠲᠠᠭᠠᠳᠬᠠᠯ ᠤᠨ ᠶᠠᠮᠤᠨ ᠤ ᠲᠡᠳ᠋ ᠲᠠᠷᠤᠭ᠎ᠠ ᠯᠢᠨ ᠶᠦᠩ ᠰᠠᠨ ᠦᠬᠠᠢ ᠳᠤ ᠢᠷᠡᠵᠦ᠂ ᠨᠡᠶᠢᠬᠡᠮ ᠤᠨ ᠪᠠᠳᠤᠯᠠᠭ᠎ᠠ ᠶᠢᠨ ᠠᠵᠢᠯ ᠢ ᠪᠠᠶᠢᠴᠠᠭᠠᠵᠤ᠂ ᠲᠤᠤᠷ᠎ᠠ ᠪᠠᠳᠤᠯᠠᠭᠠᠳᠤ ᠡᠷᠦᠭᠡ ᠶᠢ ᠲᠤᠬᠤᠨᠢᠭᠤᠯᠤᠨ ᠦᠵᠡᠭᠡᠳ᠂ ᠦᠬᠠᠢ ᠬᠤᠳᠠ ᠭᠠᠵᠠᠷ ᠤᠷᠤᠨ ᠤ ᠤᠨᠴᠠᠯᠢᠭ ᠲᠠᠢ᠂ ᠵᠠᠬ᠎ᠠ ᠲᠡᠯᠭᠡᠭᠦᠷ ᠤᠨ ᠠᠵᠤ ᠠᠬᠤᠢ ᠲᠠᠢ ᠲᠤᠬᠢᠷᠠᠯᠴᠠᠭᠰᠠᠨ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠳᠡᠢ ᠮᠦᠷᠳᠡᠭᠡᠨ ᠬᠤᠶᠠᠷ ᠢ ᠡᠷᠭᠡᠪᠡᠰᠢ ᠪᠠᠳᠤᠯᠠᠬᠤ ᠠᠵᠢᠯ ᠢ ᠰᠠᠶᠢᠳᠤᠷ ᠬᠢᠬᠦ ᠬᠡᠷᠡᠭᠳᠡᠢ ᠬᠡᠵᠦ ᠱᠠᠭᠠᠷᠳᠠᠵᠠᠢ᠃      1 ᠰᠠᠷ᠎ᠠ ᠶᠢᠨ 16 ᠤ ᠡᠳᠦᠷ᠂ ᠦᠬᠠᠢ ᠬᠤᠳᠠ ᠶᠢᠨ ᠬᠢᠳᠠᠳ ᠮᠤᠩᠭᠤᠯ ᠡᠮᠨᠡᠯᠭᠡ ᠶᠢᠨ ᠠᠵᠤ ᠦᠢᠯᠡᠰᠵᠢᠭᠦᠯᠦᠯᠳᠡ ᠶᠢ ᠠᠬᠢᠭᠤᠯᠬᠤ ᠲᠦᠷᠦᠯ ᠵᠦᠢᠯ ᠬᠢᠭᠡᠳ ᠵᠠᠭᠤᠨ ᠮᠤ᠋ ᠰᠢᠷᠤᠶᠢᠭᠦᠢ ᠪᠠᠷ ᠲᠠᠷᠢᠵᠦ ᠪᠤᠶᠢᠵᠢᠭᠤᠯᠬᠤ ᠦᠨᠳᠦᠷ ᠠᠰᠢᠭᠳᠤ ᠲᠡᠷᠢᠶᠡᠯᠡᠩ ᠤᠨ ᠲᠠᠷᠢᠵᠦ ᠤᠷᠭᠤᠭᠤᠯᠬᠤ ᠰᠠᠭᠤᠷᠢᠨ ᠭᠠᠵᠠᠷ ᠵᠡᠷᠭᠡ ᠰᠢᠷᠢᠰ ᠲᠦᠷᠦᠯ ᠵᠦᠢᠯ  ᠤᠳ ᠤᠯᠤᠰ ᠤᠨ ᠲᠦᠯᠦᠪᠵᠢᠭᠦᠯᠭᠡ ᠶᠢᠨ ᠵᠦᠪᠯᠡᠯ ᠠᠴᠠ 2000 ᠤᠨ ᠤ ᠲᠡᠭᠡᠳᠦ ᠰᠢᠨᠵᠢᠯᠡᠭᠡ ᠮᠡᠷᠭᠡᠵᠢᠯ ᠤᠨ ᠠᠵᠤ ᠦᠢᠯᠡᠰᠵᠢᠭᠦᠯᠦᠯᠳᠡ ᠶᠢ ᠲᠦᠯᠭᠢᠨ ᠠᠬᠢᠭᠤᠯᠬᠤ ᠲᠦᠷᠦᠯ ᠵᠦᠢᠯ ᠢᠶᠠᠷ ᠲᠤᠭᠳᠠᠭᠠᠭᠳᠠᠵᠠᠢ᠃ ᠬᠤᠶᠠᠷ ᠲᠦᠷᠦᠯ  ᠳᠤ ᠲᠤᠰ ᠲᠤᠰ 2455 ᠲᠦᠮᠡᠨ ᠲᠦᠭᠦᠷᠢᠭ 1021 ᠲᠦᠮᠡᠨ ᠲᠦᠭᠦᠷᠢᠭ ᠤᠨ ᠪᠡᠯᠡ ᠤᠷᠤᠭᠤᠯᠤᠨ᠎ᠠ᠃      2 ᠰᠠᠷ᠎ᠠ ᠶᠢᠨ 9 ᠤ ᠡᠳᠦᠷ᠂ ᠦᠬᠠᠢ ᠬᠤᠳᠠ ᠶᠢᠨ ᠠᠷᠠᠳ ᠤᠨ ᠡᠮᠨᠡᠯᠭᠡ ᠬᠤᠷᠢᠶ᠎ᠠ ᠬᠤᠶᠠᠷ ᠡᠮᠴᠢ ᠪᠠᠨ ᠭᠠᠳᠠᠭᠠᠳᠤ ᠳᠤ ᠲᠤᠰᠠᠯᠠᠬᠤ ᠠᠩᠭᠢ ᠳᠤ ᠠᠩᠬ᠎ᠠ ᠲᠤᠮᠢᠯᠠᠵᠠᠢ᠂ ᠡᠨᠡ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠦᠬᠦᠳᠡ ᠨᠠᠶᠢᠷᠠᠮᠳᠠᠬᠤ ᠿᠤᠸᠠᠨᠳᠠ ᠤᠯᠤᠰ ᠤᠨ ᠬᠢᠪᠧᠩᠭᠧ ᠮᠤᠵᠢ ᠶᠢᠨ ᠡᠮᠨᠡᠯᠭᠡ ᠳᠤ ᠲᠤᠮᠢᠯᠠᠭᠰᠠᠨ ᠶᠢᠰᠦᠳᠦᠭᠡᠷ ᠪᠦᠯᠦᠭ ᠤᠨ ᠡᠮᠨᠡᠯᠭᠡ ᠶᠢᠨ ᠠᠩᠭᠢ ᠪᠤᠯᠤᠨ᠎ᠠ᠂ 2003 ᠤᠨ ᠳᠤ ᠤᠯᠤᠰ ᠲᠠᠭᠠᠨ ᠪᠤᠴᠠᠵᠤ ᠢᠷᠡᠨ᠎ᠡ᠃      3 ᠰᠠᠷ᠎ᠠ ᠶᠢᠨ 5 ~ 9 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠬᠡᠰᠢᠭᠦᠳ ᠤᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠷᠠᠯ ᠢᠶᠠᠷ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠵᠦᠪᠯᠡᠯ ᠤᠨ ᠠᠵᠢᠯ ᠤᠨ ᠮᠡᠳᠡᠭᠦᠯᠦᠯᠳᠡ ᠪᠠ ᠲᠤᠷᠠᠳᠤᠯᠭ᠎ᠠ ᠶᠢᠨ ᠬᠢᠨᠠᠨ ᠪᠠᠶᠢᠴᠠᠭᠠᠯᠳᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠪᠠᠳᠤᠯᠠᠵᠠᠢ᠃      3 ᠰᠠᠷ᠎ᠠ ᠶᠢᠨ6 ~ 10 ᠤ ᠡᠳᠦᠷ᠂ ᠦᠬᠠᠢ ᠬᠤᠳᠠ‌‍ᠶᠢᠨ ᠲᠠᠪᠤᠳᠤᠭᠠᠷ ᠬᠤᠭᠤᠴᠠᠭᠠᠨ‌‍ᠤ ᠠᠷᠠᠳ‌‍ᠤᠨ ᠲᠦᠯᠦᠭᠡᠯᠡᠭᠴᠢᠳ ᠤᠨ ᠶᠡᠭᠡ ᠬᠤᠷᠠᠯ‌‍ᠤᠨ ᠭᠤᠷᠪᠠᠳᠤᠭᠠᠷ ᠤᠳᠠᠭᠠᠨ‌‍ᠤ ᠲᠦᠯᠦᠭᠡᠯᠡᠭᠴᠢᠳ‌‍ᠤᠨ ᠶᠡᠭᠡ ᠬᠤᠷᠠᠯ ᠢ ᠬᠤᠷᠠᠯᠳᠤᠭᠤᠯᠵᠤ᠂ᠬᠤᠷᠠᠯ ᠠᠴᠠ ᠵᠠᠷᠢᠮ ᠰᠢᠢᠳᠪᠦᠷᠢ ᠨᠦᠭᠦᠳ ᠢ ᠪᠠᠳᠤᠯᠠᠵᠠᠢ᠃ ᠯᠢᠦ ᠳ᠋ᠦᠩ ᠮᠸᠢ ᠶᠢ ᠠᠷᠠᠳ ᠤᠨ ᠲᠦᠯᠦᠭᠡᠯᠡᠭᠴᠢᠳ‌‍ᠤᠨ ᠶᠡᠭᠡ ᠬᠤᠷᠠᠯ‌‍ᠤᠨ ᠪᠠᠶᠢᠩᠭᠤ‌‍ᠶᠢᠨ ᠵᠦᠪᠯᠡᠯ‌‍ᠤᠨ ᠲᠡᠳ᠋ ᠡᠷᠭᠢᠯᠡᠭᠴᠢ ᠪᠠᠷ ᠨᠦᠬᠦᠨ ᠰᠤᠩᠭᠤᠵᠠᠢ᠃      3 ᠰᠠᠷ᠎ᠠ ᠶᠢᠨ 14 ᠤ ᠡᠳᠦᠷ᠂ ᠦᠬᠠᠢ ᠬᠤᠳᠠ 2001 ᠤᠨ ᠠᠴᠠ ᠡᠬᠢᠯᠡᠨ ᠲᠤᠰᠬᠠᠢ ᠮᠡᠷᠭᠡᠵᠢᠯᠳᠡᠨ ᠤ ᠠᠵᠢᠯ ᠤᠨ ᠮᠡᠷᠭᠡᠵᠢᠯ ᠤᠨ ᠴᠤᠯᠠ ᠶᠢᠨ ᠲᠤᠭᠳᠠᠭᠠᠬᠤ ᠪᠠ ᠤᠷᠢᠬᠤ ᠶᠢ ᠰᠠᠯᠭᠠᠬᠤ ᠲᠦᠷᠢᠮ ᠢ ᠬᠡᠷᠡᠭᠵᠢᠭᠦᠯᠵᠡᠢ᠃      3 ᠰᠠᠷ᠎ᠠ ᠶᠢᠨ 28 ᠤ ᠡᠳᠦᠷ᠂ 25 ᠲᠦᠮᠡᠨ ᠲᠦᠭᠦᠷᠢᠭ ᠤᠨ ᠪᠡᠯᠡ ᠤᠷᠤᠭᠤᠯᠵᠦ ᠦᠬᠠᠢ ᠶᠢᠨ ᠢᠳᠡᠮᠡᠬᠡᠢ ᠱᠦᠯᠳᠦ ᠶᠢᠨ ᠢᠨᠵᠧᠨᠧᠷᠢᠩ᠂ ᠮᠧᠩ ᠬᠤᠸᠠ ᠦᠬᠠᠢ ᠶᠢᠨ ᠢᠯᠴᠢ ᠴᠠᠭᠢᠯᠭᠠᠨ ᠬᠠᠮᠳᠤᠷᠠᠨ ᠬᠠᠩᠭᠠᠬᠤ᠂ ᠲᠠᠯ᠎ᠠ ᠨᠤᠳᠤᠭ ᠱᠦᠢᠨᠢ ᠶᠢᠨ ᠲᠦᠷᠪᠡᠳᠦᠭᠡᠷ ᠵᠤᠤᠬ᠎ᠠ᠂ ᠴᠡᠭᠡᠯ ᠠᠭᠤᠯᠠ ᠶᠢᠨ ᠪᠤᠯᠤᠳ ᠲᠡᠮᠦᠷ ᠤᠨ ᠦᠢᠯᠡᠳᠪᠦᠷᠢ ᠶᠢᠨ ᠦᠯᠡᠬᠦᠦ ᠢᠯᠴᠢ ᠪᠠᠷ ᠴᠠᠬᠢᠯᠭᠠᠨ ᠬᠠᠩᠭᠠᠬᠤ ᠪᠠ ᠱᠦᠢᠨᠢ ᠶᠢᠨ ᠮᠡᠷᠭᠡᠵᠢᠯ ᠤᠨ ᠦᠭᠡᠷᠡᠴᠢᠯᠡᠯᠳᠡ ᠶᠢᠨ ᠲᠦᠷᠦᠯ ᠵᠦᠢᠯ᠂ ᠬᠠᠢ ᠵᠢᠩ ᠰᠢᠯ ᠤᠨ ᠦᠢᠯᠡᠳᠪᠦᠷᠢ ᠶᠢᠨ ᠬᠦᠪᠦᠮᠡᠯ ᠰᠢᠯ ᠤᠨ ᠬᠤᠶᠠᠳᠤᠭᠠᠷ ᠱᠤᠭᠤᠮ ᠵᠡᠷᠭᠡ 5 ᠭᠤᠤᠯᠳᠠᠯᠭᠠᠳᠤ ᠠᠵᠦ ᠦᠢᠯᠡᠳᠪᠦᠷᠢ ᠶᠢᠨ ᠲᠦᠷᠦᠯ ᠵᠦᠢᠯ ᠬᠠᠮᠳᠤᠪᠠᠷ ᠪᠠᠷᠢᠯᠭ᠎ᠠ ᠡᠬᠢᠯᠡᠬᠦᠯᠦᠨ ᠪᠠᠷᠢᠵᠦ ᠡᠬᠢᠯᠡᠪᠡ᠃      4 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨᠠᠬᠢ 14 ᠴᠠᠭ ᠠᠴᠠ ᠲᠠᠷᠠᠭ᠎ᠠ ᠡᠳᠦᠷ ᠤᠨ ᠬᠢᠨᠢ ᠦᠳᠡ ᠪᠤᠯᠳᠠᠯ᠎ᠠ᠂ ᠲᠤᠰ ᠤᠨ ᠤ ᠬᠠᠮᠤᠭ ᠰᠢᠷᠦᠭᠦᠨ ᠡᠯᠡᠰᠦᠨ ᠰᠢᠭᠤᠷᠭ᠎ᠠ ᠪᠤᠰᠴᠤ᠂ ᠰᠧᠺᠦ᠋ᠨ᠋ᠲ ᠪᠦᠷᠢ ᠶᠢᠨ ᠰᠠᠯᠬᠢᠨ  ᠤᠨ ᠬᠤᠷᠳᠤᠴᠠ 8 ᠮᠧᠲᠷ ᠲᠤ ᠬᠦᠷᠴᠦ᠂ ᠬᠠᠮᠤᠭ ᠣᠶᠢᠷ᠎ᠠ ᠬᠠᠷᠠᠭᠳᠠᠬᠤ ᠵᠠᠢ ᠨᠢ 500 ᠮᠧᠲᠷ ᠴᠦ ᠬᠦᠷᠬᠦ ᠦᠭᠡᠢ ᠪᠤᠯᠤᠭᠰᠠᠨ ᠪᠤᠯᠪᠠᠴᠤ᠂ ᠬᠤᠬᠢᠷᠠᠯ ᠲᠡᠮᠡᠢ ᠭᠠᠷᠤᠭᠰᠠᠨ ᠦᠭᠡᠢ᠃      △  ︽ᠦᠪᠦᠷ ᠮᠤᠩᠭᠤᠯ ᠤᠨ ᠦᠩᠭᠡ ᠬᠢᠯᠪᠠᠭ᠎ᠠ︾ ᠠᠰᠠᠷᠠᠮᠵᠢ ᠶᠢᠨ ᠯᠤᠲᠲ᠋ᠧᠷᠢ ᠰᠤᠭᠤᠯᠤᠭ᠎ᠠ ᠶᠢ ᠺᠤᠮᠫᠢᠦᠲ᠋ᠧᠷ ᠢᠶᠠᠷ ᠬᠤᠳᠠᠯᠳᠤᠬᠤ 25 ᠭᠠᠵᠠᠷ ᠰᠦᠯᠵᠢᠶ᠎ᠡ ᠬᠤᠯᠪᠤᠭᠠᠯᠠᠨ ᠲᠠᠷᠬᠠᠭᠠᠵᠤ ᠡᠭᠢᠯᠡᠵᠡᠢ᠃      4 ᠰᠠᠷ᠎ᠠ ᠶᠢᠨ 25 ᠤ ᠡᠳᠦᠷ᠂ ᠦᠬᠠᠢ ᠬᠤᠳᠠ ᠬᠤᠳᠠ ᠶᠢᠨ ᠤᠮᠡᠷᠡᠳᠦ ᠤᠷᠤᠨ ᠤ ᠠᠷᠠᠳ ᠤᠨ ᠬᠡᠷᠡᠭᠯᠡᠬᠡᠨ  ᠤ ᠲᠡᠯᠪᠡᠴᠢᠬᠦ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠬᠢᠭᠡᠳ ᠬᠤᠳᠠ ᠶᠢᠨ ᠴᠠᠭ ᠠᠭᠤᠷ ᠤᠨ ᠲᠤᠪᠴᠢᠶ᠎ᠠ ᠬᠠᠮᠳᠤᠷᠠᠨ ᠪᠦᠳᠦᠭᠡᠭᠰᠡᠨ RY-1-6300 ᠬᠡᠯᠪᠡᠷᠢ ᠶᠢᠨ ᠪᠤᠷᠤᠭᠠᠨ ᠨᠡᠮᠡᠭᠳᠡᠭᠦᠯᠭᠦ ᠲᠡᠶᠢᠷᠦᠯᠳᠦ ᠰᠤᠮᠤ ᠶᠢ ᠠᠩᠬ᠎ᠠ ᠭᠡᠷᠡᠭᠯᠡᠵᠦ ᠦᠨᠳᠦᠷ ᠤᠭᠳᠠᠷᠭᠤᠢ ᠳᠤ ᠪᠤᠷᠤᠭᠠᠨ ᠨᠡᠮᠡᠭᠳᠡᠭᠦᠯᠭᠦ ᠠᠵᠢᠯ ᠢ ᠬᠢᠭᠡᠳ ᠮᠠᠰᠢ ᠦᠨᠳᠦᠷ ᠪᠦᠳᠦᠮᠵᠢᠳᠡᠢ ᠪᠤᠯᠵᠠᠢ᠃ RY-1-6300 ᠬᠡᠯᠪᠡᠷᠢ ᠶᠢᠨ ᠪᠤᠷᠤᠭᠠᠨ ᠨᠡᠮᠡᠭᠳᠡᠭᠦᠯᠭᠦ ᠲᠡᠶᠢᠷᠦᠯᠳᠦ ᠰᠤᠮᠤ ᠪᠠ ᠬᠠᠷᠠᠭᠠᠯᠵᠠᠭᠤᠯᠤᠨ ᠬᠠᠷᠪᠤᠬᠤ ᠰᠢᠰᠲ᠋ᠧᠮ ᠨᠢ ᠲᠠᠷᠠᠭ᠎ᠠ ᠵᠢᠯ ᠤᠨ ᠬᠢᠨᠢ 3 ᠰᠠᠷ᠎ᠠ ᠳᠤ ᠤᠯᠤᠰ ᠤᠨ ᠲᠡᠰ ᠤᠨ ᠬᠢᠨᠠᠨ ᠲᠤᠭᠳᠠᠭᠠᠯᠳᠠ ᠶᠢ ᠦᠩᠭᠡᠷᠡᠭᠡᠵᠡᠢ᠃      5 ᠰᠠᠷ᠎ᠠ ᠶᠢᠨ 23 ᠤ ᠡᠳᠦᠷ᠂ ᠦᠬᠠᠢ ᠬᠤᠳᠠ ᠶᠢᠨ ᠨᠡᠭᠦᠷᠡᠰᠦ ᠬᠡᠦᠷᠡᠰᠦᠨ ᠤ ᠬᠠᠮᠳᠤᠷᠠᠭᠰᠠᠨ ᠠᠵᠢᠯ ᠤᠨ ᠬᠤᠳᠠᠯᠳᠤᠭᠠᠨ ᠤ ᠨᠡᠶᠢᠭᠡᠮᠯᠢᠭ ᠪᠠᠶᠢᠭᠤᠯᠤᠭᠳᠠᠵᠠᠢ᠃      5 ᠰᠠᠷ᠎ᠠ ᠶᠢᠨ 24 ᠤ ᠡᠳᠦᠷ᠂ ᠦᠪᠦᠷ ᠮᠤᠩᠭᠤᠯ ᠤᠨ ᠲᠡᠮᠦᠷ ᠵᠠᠮ ᠤᠨ ᠬᠤᠯᠪᠤᠭᠠᠨ ᠤ ᠺᠤᠮᠫᠠᠨᠢ ᠶᠢᠨ ᠦᠬᠠᠢ ᠶᠢᠨ ᠬᠤᠪᠢᠶᠠᠷᠢ ᠺᠤᠮᠫᠠᠨᠢ ᠪᠠᠶᠢᠭᠤᠯᠤᠭᠳᠠᠪᠠ᠃      6 ᠰᠠᠷ᠎ᠠ ᠶᠢᠨ 27 ᠤ ᠡᠳᠦᠷ᠂ ᠦᠬᠠᠢ ᠬᠤᠳᠠ ᠶᠢᠨ ᠵᠠᠰᠠᠭ ᠵᠠᠭᠢᠷᠭᠠᠨ ᠤ ᠺᠠᠳ᠋ᠷ ᠤᠨ ᠰᠤᠷᠭᠠᠭᠤᠯᠢ ᠶᠢ ᠦᠬᠠᠢ ᠬᠤᠳᠠ ᠶᠢᠨ ᠵᠠᠰᠠᠭ ᠵᠠᠭᠢᠷᠭᠠᠨ ᠤ ᠲᠡᠭᠡᠳᠦ ᠰᠤᠷᠭᠠᠭᠤᠯᠢ ᠭᠡᠵᠦ ᠦᠭᠡᠷᠡᠴᠢᠯᠡᠪᠡ᠃      6 ᠰᠠᠷ᠎ᠠ ᠶᠢᠨ 28 ᠤ ᠡᠳᠦᠷ᠂ ︽ᠦᠬᠠᠢ ᠬᠤᠳᠠ ᠶᠢᠨ ᠦᠭᠡᠷᠡᠴᠢᠯᠡᠯᠳᠡ ᠬᠢᠭᠡᠳ ᠨᠡᠭᠡᠭᠡᠯᠳᠡ︾ ᠨᠤᠮ ᠬᠡᠪᠯᠡᠭᠳᠡᠪᠡ᠃      7 ᠰᠠᠷ᠎ᠠ ᠶᠢᠨ ᠰᠡᠭᠦᠯᠴᠢ ᠪᠠᠷ᠂ ᠪᠦᠬᠦ ᠬᠤᠳᠠ ᠶᠢᠨ ᠰᠢᠶᠠᠩ ᠢ ᠴᠥᠭᠡᠰᠬᠡᠵᠦ ᠪᠠᠯᠭᠠᠰᠤ ᠶᠢ ᠨᠡᠶᠢᠯᠡᠭᠦᠯᠭᠦ ᠠᠵᠢᠯ ᠲᠠᠭᠤᠰᠴᠠᠢ᠃ ᠲᠤᠭᠢᠷᠠᠭᠤᠯᠤᠯᠳᠠ ᠶᠢᠨ ᠲᠠᠷᠠᠭ᠎ᠠ ᠪᠦᠬᠦ ᠬᠤᠳᠠ ᠳᠤ 3 ᠲᠤᠭᠤᠷᠢᠭ᠂ 5 ᠰᠢᠶᠠᠩ᠂ 5 ᠪᠠᠯᠭᠠᠰᠤ᠂ 15 ᠵᠠᠭᠡᠯᠢ ᠭᠤᠳᠤᠮᠵᠢ ᠶᠢᠨ ᠬᠡᠷᠡᠭ ᠡᠷᠭᠢᠯᠡᠬᠦ ᠭᠠᠵᠠᠷ᠂ 140 ᠨᠡᠶᠢᠭᠡᠮ ᠲᠤᠭᠤᠷᠢᠭ ᠤᠨ ᠰᠠᠭᠤᠭᠤᠯᠢ ᠠᠷᠠᠳ ᠤᠨ ᠵᠦᠪᠯᠡᠯ᠂ 51 ᠭᠠᠴᠠᠭ᠎ᠠ ᠲᠤᠰᠬᠤᠨ ᠤ ᠵᠦᠪᠯᠡᠯ ᠲᠠᠢ ᠪᠤᠯᠵᠠᠢ᠃      8 ᠰᠠᠷ᠎ᠠ ᠶᠢᠨ 17 ᠤ ᠡᠳᠦᠷ᠂ ᠦᠪᠦᠷ ᠮᠤᠩᠭᠤᠯ ᠤᠨ ᠮᠧᠩ ᠬᠤᠸᠠ ᠬᠠᠶᠢᠷᠤᠪ ᠤᠨ ᠲᠤᠬᠤᠢ ᠶᠢᠨ ᠴᠠᠭᠢᠯᠭᠠᠨ ᠭᠠᠷᠭᠠᠬᠤ ᠬᠠᠷᠢᠭᠤᠴᠠᠯᠭᠠᠳᠤ ᠬᠢᠵᠠᠭᠠᠷᠳᠤ ᠺᠤᠮᠫᠠᠨᠢ ᠪᠠᠶᠢᠭᠤᠯᠤᠭᠳᠠᠪᠠ᠂ ᠡᠬᠦᠨ ᠤ ᠬᠠᠮᠳᠤ ᠮᠧᠩ ᠬᠤᠸᠠ ᠬᠠᠶᠢᠷᠤᠪ ᠤᠨ ᠲᠤᠬᠤᠢ ᠶᠢᠨ ᠴᠠᠭᠢᠯᠭᠠᠨ ᠭᠠᠷᠭᠠᠬᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 2×20 ᠲᠦᠮᠡᠨ ᠺᠢᠯᠤᠸᠠᠲ ᠶᠢᠨ ᠮᠠᠰᠢᠨ ᠴᠣᠭᠴᠠᠯᠠᠪᠤᠷᠢ ᠶᠢᠨ ᠢᠨᠵᠧᠨᠧᠷᠢᠩ ᠤᠨ ᠠᠵᠢᠯ ᠰᠡᠷᠭᠦᠭᠡᠭᠦ ᠶᠤᠰᠤᠯᠠᠯ ᠶᠠᠪᠤᠭᠳᠠᠭᠤᠯᠪᠠ᠃      8 ᠰᠠᠷ᠎ᠠ ᠶᠢᠨ 24 ᠤ ᠡᠳᠦᠷ᠂ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠷᠦᠩᠭᠡᠢ ᠲᠤᠪᠴᠢᠶᠠᠨ ᠠᠴᠠ ᠦᠬᠠᠢ ᠶᠢᠨ ᠨᠢᠰᠭᠡᠯ ᠤᠨ ᠦᠷᠳᠡᠭᠡ ᠶᠢᠨ ᠪᠤᠯᠤᠮᠵᠢ ᠶᠢᠨ ᠰᠤᠳᠤᠯᠭᠠᠨ ᠤ ᠮᠡᠳᠡᠭᠦᠯᠦᠯᠳᠡ ᠶᠢᠨ ᠪᠢᠴᠢᠭ ᠢ ᠤᠯᠤᠰ ᠤᠨ ᠲᠥᠯᠥᠪᠵᠢᠭᠦᠯᠥᠯᠭᠡ ᠶᠢᠨ ᠶᠠᠮᠤᠨ ᠳᠤ ᠡᠷᠭᠦᠵᠦ᠂ ᠦᠬᠠᠢ ᠶᠢᠨ ᠨᠢᠰᠭᠡᠯ ᠤᠨ ᠲᠠᠯᠠᠪᠤᠷ ᠪᠠᠶᠢᠭᠤᠯᠬᠤ ᠶᠠᠪᠤᠳᠠᠯ ᠢ ᠵᠦᠪᠰᠢᠶᠡᠷᠡᠭᠦᠯᠪᠡ᠃      9 ᠰᠠᠷ᠎ᠠ ᠶᠢᠨ 21 ᠤ ᠡᠳᠦᠷ᠂ ᠦᠬᠠᠢ ᠬᠤᠳᠠ ᠶᠢᠨ ᠮᠡᠷᠭᠡᠵᠢᠯ ᠤᠨ ᠠᠵᠢᠯᠳᠠᠨ ᠤ ᠲᠤᠮᠳᠠ ᠵᠡᠷᠭᠡ ᠶᠢᠨ ᠰᠤᠷᠭᠠᠭᠤᠯᠢ᠂ ᠠᠵᠤ ᠦᠢᠯᠡᠳᠪᠦᠷᠢ ᠶᠢᠨ ᠰᠤᠷᠭᠠᠭᠤᠯᠢ ᠶᠢ ᠨᠡᠶᠢᠯᠡᠭᠦᠯᠵᠦ᠂ ᠬᠠᠮᠳᠤᠷᠠᠨ ᠰᠤᠷᠭᠠᠭᠤᠯᠢ ᠡᠷᠭᠢᠯᠡᠬᠦ ᠫᠠᠶᠢᠰᠠ ᠡᠯᠬᠦᠬᠦ ᠶᠤᠰᠤᠯᠠᠯ ᠶᠠᠪᠤᠭᠳᠠᠭᠤᠯᠵᠤ᠂ ᠦᠬᠠᠢ ᠬᠤᠳᠠ ᠶᠢᠨ ᠮᠡᠷᠭᠡᠵᠢᠯ ᠤᠨ ᠠᠵᠢᠯᠳᠠᠨ ᠤ ᠲᠤᠮᠳᠠ ᠵᠡᠷᠭᠡ ᠶᠢᠨ ᠠᠵᠤ ᠦᠢᠯᠡᠳᠪᠦᠷᠢ ᠶᠢᠨ ᠰᠤᠷᠭᠠᠭᠤᠯᠢ ᠬᠡᠵᠦ ᠨᠡᠷᠡᠶᠢᠳᠴᠠᠢ᠃      9 ᠰᠠᠷ᠎ᠠ ᠶᠢᠨ 27 ~ 29 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ  ᠶᠢᠨ ᠬᠤᠷᠢᠶᠠᠨ ᠤ ᠲᠦᠷᠪᠡᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠬᠤᠷᠢᠶᠠᠨ ᠤ ᠲᠤᠷᠪᠡᠳᠦᠭᠡᠷ ᠬᠤᠭᠤᠴᠠᠭᠠᠨ ᠤ ᠵᠦᠪᠯᠡᠯ ᠬᠢᠭᠡᠳ ᠰᠠᠭᠢᠯᠭ᠎ᠠ ᠪᠠᠳᠤ ᠪᠠᠶᠢᠴᠠᠭᠠᠬᠤ ᠵᠦᠪᠯᠡᠯ ᠰᠤᠩᠭᠤᠭᠤᠯᠢ ᠪᠠᠷ ᠲᠤᠳᠤᠷᠠᠵᠤ᠂ ᠬᠠᠰᠪᠠᠭᠠᠨ᠎ᠠ ᠬᠤᠳᠠ  ᠶᠢᠨ ᠨᠠᠮ ᠤᠨ ᠬᠤᠷᠢᠶᠠᠨ ᠤ ᠱᠦᠵᠢ᠂ ᠦ᠋ ᠵᠢᠶᠠᠨ ᠵᠦᠩ ᠬᠤᠳᠠ ᠶᠢᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠲᠠᠷᠤᠭ᠎ᠠ ᠪᠠᠷ ᠲᠤᠮᠢᠯᠠᠭᠳᠠᠪᠠ᠃      10 ᠰᠠᠷ᠎ᠠ ᠶᠢᠨ 12 ᠤ ᠡᠳᠦᠷ᠂ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠠᠷᠪᠠᠨ ᠵᠢᠷᠭᠤᠳᠤᠭᠠᠷ ᠬᠤᠷᠠᠯ ᠢ ᠬᠤᠷᠠᠯᠳᠤᠭᠤᠯᠵᠤ ᠯᠢ ᡁᠢ ᠮᠢᠨ ᠢ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠡᠳ᠋ ᠲᠠᠷᠤᠭ᠎ᠠ ᠪᠠᠷ ᠲᠤᠮᠢᠯᠠᠬᠤ ᠪᠠᠷ ᠰᠢᠢᠳᠴᠠᠢ᠃      10 ᠰᠠᠷ᠎ᠠ ᠶᠢᠨ 16 ~ 17 ᠤ ᠡᠳᠦᠷ᠂ ᠤᠯᠤᠰ ᠤᠨ ᠤᠷᠴᠢᠨ ᠲᠤᠭᠤᠷᠢᠨ ᠬᠢᠨᠠᠨ ᠬᠡᠮᠵᠢᠯᠳᠡ ᠶᠢᠨ ᠶᠡᠷᠦᠩᠭᠡᠢ ᠦᠷᠳᠡᠭᠡᠨ ᠤ ᠲᠠᠷᠤᠭ᠎ᠠ ᠸᠠᠨ ᠪᠧᠨ ᠲᠠᠢ ᠨᠠᠷ ᠦᠬᠠᠢ ᠬᠤᠳᠠ ᠳᠤ ᠢᠷᠡᠵᠦ ᠬᠠᠳᠤᠨ ᠭᠤᠤᠯ ᠤᠨ ᠨᠢᠩᠰᠢᠶᠠ ᠦᠪᠦᠷ ᠮᠤᠩᠭᠤᠯ ᠤᠨ ᠮᠤᠵᠢ ᠶᠢᠨ ᠵᠠᠭᠠᠭ ᠲᠤ ᠤᠯᠤᠰ ᠤᠨ ᠬᠠᠮᠢᠶᠠᠷᠤᠯᠳᠠ ᠶᠢᠨ ᠬᠢᠨᠠᠨ ᠬᠡᠮᠵᠢᠯᠳᠡ ᠶᠢᠨ ᠤᠭᠳᠤᠯᠤᠭᠠᠰᠤ ᠬᠡᠰᠡᠭ ᠢ ᠲᠤᠭᠤᠷᠢᠨ ᠪᠠᠶᠢᠴᠠᠭᠠᠵᠤ᠂ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠳ᠋ᠦᠩ ᠹᠧᠩ ᠰᠢᠶᠠᠩ ᠤᠨ ᠵᠢᠷᠭᠤᠳᠤᠭᠠᠷ ᠪᠠᠭ ᠤᠨ ᠤᠷᠴᠢᠮ ᠳᠠᠬᠢ ᠤᠭᠳᠤᠯᠤᠭᠠᠰᠤ ᠬᠡᠰᠡᠭ ᠲᠤ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶᠠᠨ ᠤ ᠦᠬᠠᠢ ᠶᠢᠨ ᠬᠠᠳᠤᠨ ᠭᠤᠤᠯ ᠤᠨ ᠤᠰᠤᠨ ᠤ ᠴᠢᠨᠠᠷ ᠢ ᠠᠶᠠᠨᠳᠠᠭᠠᠨ ᠬᠡᠮᠵᠢᠬᠦ ᠦᠷᠳᠡᠭᠡ ᠪᠠᠶᠢᠭᠤᠯᠬᠤ ᠪᠠᠷ ᠲᠤᠭᠳᠠᠵᠠᠢ᠂ ᠡᠨᠡ ᠪᠤᠯ ᠦᠪᠦᠷ ᠮᠤᠩᠭᠤᠯ ᠤᠨ ᠴᠤᠷᠢ ᠶᠢᠨ ᠭᠠᠭᠴᠠ ᠬᠢᠨᠠᠨ ᠬᠡᠮᠵᠢᠬᠦ ᠦᠷᠳᠡᠭᠡ ᠪᠤᠯᠤᠨ᠎ᠠ᠃      10 ᠰᠠᠷ᠎ᠠ ᠶᠢᠨ 18 ᠤ ᠡᠳᠦᠷ᠂ ᠦᠬᠠᠢ ᠬᠤᠳᠠ ᠶᠢᠨ ᠯᠢᠦᠢ ᠬᠠᠢ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠢ ᠨᠡᠭᠡᠭᠡᠨ ᠬᠦᠭᠵᠢᠭᠦᠯᠭᠦ ᠺᠤᠮᠫᠠᠨᠢ ᠪᠠᠶᠢᠭᠤᠯᠤᠭᠳᠠᠪᠠ᠂ ᠰᠢᠷᠤᠶᠢᠭᠦᠢ ᠪᠠᠷ ᠪᠤᠶᠢᠵᠢᠭᠤᠯᠵᠤ ᠤᠷᠭᠤᠭᠤᠯᠬᠤ ᠵᠢᠱᠢᠶ᠎ᠡ ᠦᠵᠡᠭᠦᠯᠭᠦ ᠰᠠᠭᠤᠷᠢᠨ ᠭᠠᠵᠠᠷ ᠪᠠᠶᠢᠭᠤᠯᠤᠭᠳᠠᠭᠰᠠᠨ ᠶᠤᠰᠤᠯᠠᠯ ᠬᠢᠪᠡ᠃      10 ᠰᠠᠷ᠎ᠠ ᠶᠢᠨ 22 ᠤ ᠡᠳᠦᠷ᠂ ᠦᠬᠠᠢ ᠬᠤᠳᠠ ᠶᠢᠨ ᠨᠠᠮ ᠵᠠᠰᠠᠭ ᠤᠨ ᠠᠯᠪᠠᠨ ᠠᠰᠠᠷ ᠠᠰᠢᠭᠯᠠᠯᠳᠠ ᠳᠤ ᠤᠷᠤᠪᠠ᠂ ᠭᠤᠤᠯ ᠠᠰᠠᠷ ᠪᠠ ᠭᠠᠵᠠᠷ ᠲᠤᠤᠷᠠᠬᠢ ᠬᠡᠷ ᠦᠷᠦᠭᠡ ᠶᠢᠨ ᠲᠠᠯᠠᠪᠠᠢ ᠨᠢ 1.8 ᠲᠦᠮᠡᠨ ᠲᠡᠭᠰᠢ ᠲᠦᠷᠪᠡᠯᠵᠢᠨ ᠮᠧᠲᠷ ᠪᠠᠶᠢᠳᠠᠭ᠃      10 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠬᠠᠮᠤᠭ ᠠᠩᠬᠠᠨ ᠤ ᠭᠠᠵᠠᠷ ᠤᠷᠤᠨ ᠤ ᠰᠢᠨᠵᠢ ᠲᠠᠢ᠂ ᠬᠤᠪᠢ ᠤᠷᠤᠭᠤᠯᠤᠯᠳᠠ ᠶᠢᠨ  ᠲᠦᠷᠢᠮᠳᠦ ᠮᠦᠩᠭᠦᠨ ᠬᠦᠢᠯᠭᠡᠭᠡᠨ ᠤ ᠪᠠᠶᠢᠭᠤᠯᠤᠮᠵᠢ— ᠦᠬᠠᠢ ᠬᠤᠳᠠ ᠶᠢᠨ ᠬᠤᠳᠠ  ᠶᠢᠨ ᠢᠳᠡᠭᠡᠮᠵᠢ ᠶᠢᠨ ᠬᠤᠷᠰᠢᠶ᠎ᠠ ᠫᠠᠶᠢᠰᠠ ᠡᠯᠬᠦᠨ ᠪᠠᠶᠢᠭᠤᠯᠤᠭᠳᠠᠪᠠ᠃ ᠡᠨᠡ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠨ ᠤ ᠲᠠᠩ ᠴᠤᠯᠭᠤᠢ ︵单一︶ ᠬᠠᠦᠯᠢ ᠶᠢᠨ ᠡᠷᠭᠡᠳᠡᠨ ᠤ ᠬᠤᠳᠠ ᠶᠢᠨ ᠢᠳᠡᠭᠡᠮᠵᠢ  ᠶᠢᠨ ᠬᠤᠷᠰᠢᠶ᠎ᠠ ᠪᠤᠯᠤᠨ᠎ᠠ᠃      11 ᠰᠠᠷ᠎ᠠ ᠶᠢᠨ 26 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠠᠴᠠ ᠨᠠᠮ ᠵᠠᠰᠠᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠠᠶᠢᠴᠢᠯᠠᠯᠳᠠ ᠶᠢᠨ ᠶᠡᠭᠡ ᠬᠤᠷᠠᠯ ᠬᠢᠵᠦ᠂ ᠬᠤᠳᠠ ᠶᠢᠨ ᠨᠠᠮ ᠤᠨ ᠬᠤᠷᠢᠶᠠᠨ ᠤ 9 ᠠᠵᠢᠯ ᠤᠨ ᠪᠠᠶᠢᠭᠤᠯᠤᠮᠵᠢ᠂ 2 ᠰᠠᠯᠠᠭ᠎ᠠ ᠮᠦᠴᠢᠷ ᠤᠨ ᠪᠠᠶᠢᠭᠤᠯᠤᠮᠵᠢ ᠭᠠᠷᠭᠠᠵᠠᠢ᠃ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ 27 ᠠᠵᠢᠯ ᠤᠨ ᠰᠠᠯᠠᠭ᠎ᠠ ᠮᠦᠴᠢᠷ᠂ ᠬᠡᠷᠡᠭ ᠶᠠᠪᠤᠳᠠᠯ ᠢ ᠶᠠᠷᠢᠯᠴᠠᠵᠤ ᠲᠤᠬᠢᠷᠠᠯᠴᠠᠭᠤᠯᠬᠤ ᠪᠠᠶᠢᠭᠤᠯᠤᠮᠵᠢ ᠳᠤ ᠨᠡᠶᠢᠳᠡᠮ ᠭᠠᠷᠭᠠᠭᠰᠠᠨ ᠬᠡᠷᠡᠭ ᠡᠷᠭᠢᠯᠡᠬᠦ ᠪᠠᠶᠢᠭᠤᠯᠤᠮᠵᠢ ᠨᠢᠭᠡ᠂ ᠰᠠᠯᠠᠭ᠎ᠠ ᠮᠦᠴᠢᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠭᠤᠷᠪᠠ ᠭᠠᠷᠭᠠᠵᠠᠢ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠵᠦᠪᠯᠡᠯ᠂ ᠤᠯᠤᠰ ᠲᠦᠷᠦ ᠶᠢᠨ ᠵᠦᠪᠯᠡᠯᠭᠡᠨ ᠬᠢᠭᠡᠳ ᠤᠯᠠᠨ ᠲᠦᠮᠡᠨᠴᠢ ᠪᠦᠯᠭᠦᠮ ᠤᠨ ᠪᠠᠶᠢᠭᠤᠯᠤᠯᠭ᠎ᠠ ᠶᠢᠨ ᠦᠭᠡᠷᠡᠴᠢᠯᠡᠯᠳᠡ ᠴᠦ ᠦᠪᠡᠷᠳᠡᠭᠡᠨ ᠵᠠᠰᠠᠬᠤ ᠤᠷᠤᠨ ᠤ ᠲᠤᠬᠢᠷᠠᠯᠴᠠᠭᠰᠠᠨ ᠦᠭᠡᠷᠡᠴᠢᠯᠡᠯᠳᠡ ᠶᠢᠨ ᠲᠤᠭᠳᠠᠭᠠᠯ ᠢᠶᠠᠷ ᠶᠠᠪᠤᠭᠳᠠᠪᠠ᠃ ᠰᠢᠨ᠎ᠡ ᠪᠠᠷ ᠬᠢᠨᠠᠨ ᠲᠤᠭᠳᠠᠭᠠᠭᠰᠠᠨ ᠬᠤᠳᠠ ᠶᠢᠨ ᠰᠢᠭᠤᠳ ᠬᠠᠷᠢᠶᠠᠨ ᠤ ᠨᠠᠮ ᠵᠠᠰᠠᠭ ᠤᠨ ᠪᠦᠯᠭᠦᠮ ᠤᠨ ᠪᠠᠶᠢᠭᠤᠯᠤᠯᠭ᠎ᠠ ᠶᠢᠨ ᠵᠠᠰᠠᠭ ᠤᠨ ᠤᠷᠤᠨ ᠲᠤᠭ᠎ᠠ 700 ᠳᠤ ᠬᠦᠷᠴᠡᠢ᠃      12 ᠰᠠᠷ᠎ᠠ ᠶᠢᠨ 17 ᠤ ᠡᠳᠦᠷ᠂ ᠦᠳᠡ ᠶᠢᠨ ᠡᠮᠦᠨ᠎ᠡ ᠶᠢᠨ 9 ᠴᠠᠭ 25 ᠮᠢᠨᠦ᠋ᠲ ᠳᠤ᠂ ᠬᠠᠳᠤᠨ ᠭᠤᠤᠯ  ᠤᠨ ᠦᠬᠠᠢ ᠬᠤᠳᠠ ᠶᠢᠨ ᠤᠳᠠ ᠲᠤᠭᠤᠷᠢᠭ ᠤᠨ ᠬᠦᠭᠦᠷᠭᠡ ᠶᠢᠨ ᠪᠠᠷᠠᠭᠤᠨᠳᠠᠬᠢ ᠪᠠᠯᠭᠠᠰᠤᠨ ᠤ ᠤᠯᠠᠭᠠᠨ ᠮᠤᠳᠤ  ᠶᠢᠨ ᠬᠡᠰᠡᠭ ᠰᠡᠳᠡᠷᠡᠵᠦ᠂ ᠤᠳᠠ ᠲᠤᠭᠤᠷᠢᠭ ᠤᠨ ᠬᠦᠭᠦᠷᠭᠡ ᠶᠢᠨ ᠪᠠᠷᠠᠭᠤᠨᠳᠠᠬᠢ ᠪᠠᠯᠭᠠᠰᠤ ᠪᠤᠯᠤᠨ ᠤᠯᠠᠭᠠᠨ ᠪᠠᠯᠭᠠᠰᠤᠨ ᠤ 5 ᠲᠤᠰᠬᠤᠨ ᠤᠰᠤᠨ ᠳᠤ ᠠᠪᠳᠠᠵᠤ᠂ 4000 ᠢᠯᠡᠭᠦᠦ ᠲᠤᠰᠬᠤᠨ ᠤ ᠠᠷᠠᠳ ᠭᠠᠮᠰᠢᠭ ᠲᠤ ᠤᠴᠠᠷᠠᠵᠤ᠂ ᠭᠠᠮᠰᠢᠭᠳᠠᠭᠰᠠᠨ ᠲᠠᠯᠠᠪᠠᠢ ᠨᠢ 50 ᠲᠡᠭᠰᠢ ᠲᠦᠷᠪᠡᠯᠵᠢᠨ ᠺᠢᠯᠦᠮᠧᠲᠷ ᠲᠤ ᠬᠦᠷᠴᠦ᠂ 1.3 ᠳ᠋ᠦᠩᠰᠢᠭᠤᠷ ᠲᠦᠭᠦᠷᠢᠭ ᠤᠨ ᠠᠵᠤ ᠠᠬᠤᠢ ᠶᠢᠨ ᠰᠦᠢᠳᠦᠯ ᠳᠤ ᠤᠴᠠᠷᠠᠵᠠᠢ᠃ 6 ᠡᠳᠦᠷ ᠤᠨ ᠪᠠᠴᠢᠮ ᠠᠪᠤᠷᠠᠯᠳᠠ  ᠶᠢ ᠦᠩᠭᠡᠷᠡᠭᠡᠭᠡᠳ᠂ 23 ᠤ ᠡᠳᠦᠷ ᠰᠡᠳᠡᠷᠡᠭᠰᠡᠨ ᠲᠠᠯᠠᠩ ᠢ ᠪᠦᠭᠯᠡᠵᠦ᠂ 4 000 ᠭᠠᠮᠰᠢᠭᠳᠠᠭᠰᠠᠨ ᠠᠷᠠᠳ ᠤᠨ ᠠᠮᠢᠳᠤᠷᠠᠯ ᠢ ᠲᠤᠭᠢᠳᠠᠢ ᠪᠠᠶᠢᠷᠢᠯᠠᠭᠤᠯᠵᠠᠢ᠃      12 ᠰᠠᠷ᠎ᠠ ᠶᠢᠨ 26 ᠤ ᠡᠳᠦᠷ᠂ ᠬᠠᠢ ᠵᠢᠩ ᠰᠢᠯ ᠤᠨ ᠪᠦᠯᠦᠭᠯᠡᠯᠳᠦ ᠺᠤᠮᠫᠠᠨᠢ ᠶᠢᠨ ᠬᠦᠪᠦᠮᠡᠯ ᠰᠢᠯ ᠦᠢᠯᠡᠳᠪᠦᠷᠢᠯᠡᠬᠦ ᠬᠤᠶᠠᠳᠤᠭᠠᠷ ᠱᠤᠭᠤᠮ ᠠᠰᠢᠭᠯᠠᠯᠳᠠ ᠳᠤ ᠤᠷᠤᠪᠠ᠃ ᠡᠨᠡᠬᠦ ᠲᠦᠷᠦᠯ ᠵᠦᠢᠯ ᠪᠤᠯ ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ᠂ ᠦᠬᠠᠢ ᠬᠤᠳᠠ ᠶᠢᠨ ︽ᠠᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠭᠤᠤᠯᠳᠠᠯᠭᠠᠳᠤ ᠲᠦᠷᠦᠯ ᠵᠦᠢᠯ ᠪᠤᠯᠤᠨ᠎ᠠ᠂ ᠲᠤᠰ ᠢᠨᠵᠧᠨᠧᠷᠢᠩ ᠤᠨ ᠪᠦᠬᠦ ᠪᠡᠯᠡ ᠤᠷᠤᠭᠤᠯᠤᠯᠳᠠ ᠨᠢ 1.479 ᠳ᠋ᠦᠩᠰᠢᠭᠤᠷ ᠲᠦᠭᠦᠷᠢᠭ ᠪᠠᠶᠢᠵᠦ᠂ ᠵᠢᠯ ᠳᠤ 200 ᠲᠦᠮᠡᠨ ᠬᠦᠨᠳᠦ ᠬᠠᠶᠢᠷᠴᠠᠭ ᠬᠦᠪᠦᠮᠡᠯ ᠰᠢᠯ ᠦᠢᠯᠡᠳᠪᠦᠷᠢᠯᠡᠨ᠎ᠡ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号