︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠪᠦᠬᠡᠲᠡᠮᠦᠷ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/1
     10 ᠰᠠᠷ᠎ᠠ ᠶᠢᠨ 30 ᠤ ᠡᠳᠦᠷ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠪᠦᠬᠡᠲᠡᠮᠦᠷ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ᠃ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠬᠢ ᠶᠢᠨ ᠬᠤᠰᠢᠭᠤᠴᠢ ᠭᠧᠨᠧᠷᠠᠯ ᠤᠯᠤᠰ ᠲᠦᠷᠦ ᠶᠢᠨ ᠭᠡᠰᠢᠭᠦᠨ ᠵᠠᠩ ᠵᠢᠶᠦ᠋ᠨ᠂ ᠬᠤᠳᠠ ᠶᠢᠨ ᠤᠳᠤᠷᠢᠳᠤᠯᠭ᠎ᠠ ᠶᠠᠨ ᠳ᠋ᠦᠩ᠂ ᠿᠣᠣ ᠴᠥᠩ ᠱᠤ᠋᠂ ᠵᠠᠩ ᠮᠢᠩ ᠮᠢᠩ᠂ ᠵᠠᠩ ᠸᠧᠢ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      ᠮᠡᠳᠡᠭᠦᠯᠦᠯᠲᠡ ᠶᠢᠨ ᠬᠤᠷᠠᠯ ᠤᠨ ᠠᠬᠤᠢ ᠲᠠᠯᠠᠪᠠᠢ ᠳᠤ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠬᠢ ᠶᠢᠨ ᠪᠠᠶᠠᠨᠨᠠᠭᠤᠷ ᠤᠨ ᠰᠠᠯᠪᠤᠷᠢ ᠠᠩᠬᠢ ᠶᠢᠨ * ᠬᠡᠯᠳᠡᠰ ᠤᠨ ᠶᠡᠭᠡ ᠠᠩᠬᠢ ᠶᠢᠨ ᠬᠤᠰ‍‌ᠵᠭᠤᠴᠢ ᠬᠤᠷᠠᠩᠳᠡ ᠵᠡᠷᠭᠡ ᠲᠠᠢ ᠶᠡᠭᠡ ᠠᠩᠬᠢ ᠶᠢᠨ ᠳᠠᠷᠤᠭ᠎ᠠ ᠪᠦᠭᠡᠲᠡᠮᠦᠷ ᠦᠨᠡᠨᠴᠢ ᠪᠣᠷᠣᠭᠵᠢᠭᠤᠨ ᠦᠭᠡ ᠬᠡᠯᠡ ᠪᠠᠷ ᠲᠡᠭᠦᠨ ᠤ ᠬᠥᠬᠢᠭᠦᠯᠦᠯ ᠬᠦᠷᠳᠡᠬᠦ ᠠᠴᠠ ᠡᠮᠦᠨᠡᠬᠢ ᠬᠤᠶᠢᠨᠠᠬᠢ ᠰᠡᠳᠬᠢᠯ ᠤᠨ ᠥᠩᠭᠡᠷᠡᠯᠲᠡ ᠪᠠᠨ ᠬᠤᠪᠢᠶᠠᠯᠴᠠᠪᠠ᠃ ᠪᠦᠭᠡᠲᠡᠮᠦᠷ ᠤᠨ ᠲᠠᠶᠢᠴᠢᠨ ᠬᠠᠨᠢ᠂ ᠬᠠᠮᠲᠤ ᠠᠵᠢᠯᠲᠠᠨ᠂ ᠲᠤᠰᠠᠯᠠᠮᠵᠢ ᠬᠦᠷᠭᠡᠭᠰᠡᠨ ᠰᠤᠷᠤᠭᠴᠢ᠂ ᠶᠠᠳᠠᠭᠤ ᠶᠢ ᠲᠡᠳᠭᠦᠭᠰᠡᠨ ᠲᠤᠰᠬᠤᠨ ᠤ ᠺᠠᠳ᠋ᠷ ᠵᠡᠷᠭᠡ 4 ᠬᠥᠮᠦᠨ ᠠᠳᠠᠯᠢ ᠪᠤᠰᠤ ᠬᠠᠷᠠᠭᠠᠰᠣ ᠠᠴᠠ ᠥᠪᠡᠷ ᠤᠨ ᠨᠢᠳᠦᠨ ᠳᠣᠲᠣᠷᠠᠬᠢ ᠪᠦᠬᠡᠲᠡᠮᠦᠷ ᠢ ᠭᠦᠨ ᠰᠡᠳᠭᠢᠯᠭᠡ ᠪᠠᠷ ᠶᠠᠷᠢᠪᠠ᠃ ᠴᠡᠷᠢᠭ ᠲᠤ ᠣᠷᠣᠭᠰᠠᠨ 19 ᠵᠢᠯ ᠤᠨ ᠲᠤᠷᠰᠢ᠂ ᠪᠦᠬᠡᠲᠡᠮᠦᠷ ᠡᠬᠦᠷᠬᠡ ᠬᠠᠷᠢᠭᠤᠴᠠᠯᠭ᠎ᠠ ᠪᠠᠨ ᠢᠮᠠᠬᠳᠠ ᠴᠡᠬᠡᠵᠢᠯᠡᠵᠥ᠂ ᠦᠨᠳᠤᠰᠤᠳᠡᠨ ᠤ ᠪᠦᠯᠬᠦᠮᠳᠡᠯ ᠢ ᠬᠠᠮᠠᠭᠠᠯᠠᠵᠥ᠂ ᠨᠠᠮ ᠤᠨ ᠲᠠᠭᠤᠨ ᠢ ᠤᠯᠠᠮᠵᠢᠯᠠᠬᠤ ︽ᠲᠠᠭᠠᠭᠤᠯᠤᠬᠴᠢ︾ ᠪᠤᠯᠬᠤ ᠪᠠᠷ ᠴᠢᠷᠮᠡᠶᠢᠪᠡ᠃ ᠪᠦᠬᠡᠲᠡᠮᠦᠷ ᠪᠣᠳᠠᠲᠤ ᠠᠵᠢᠯᠯᠠᠭ᠎ᠠ ᠪᠠᠷ ᠢᠶᠠᠨ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠭᠰᠠᠨ ᠲᠡᠷᠢᠭᠦᠨ ᠤ ᠦᠢᠯᠡ ᠠᠵᠢᠯᠯᠠᠭ᠎ᠠ ᠪᠠᠷ ᠢᠶᠠᠨ ᠲᠤᠬᠠᠢ ᠶᠢᠨ ᠲᠠᠯᠠᠪᠠᠢ ᠶᠢᠨ ᠰᠣᠨᠣᠰᠤᠭᠴᠢᠳ ᠢ ᠶᠡᠬᠡᠳᠡ ᠳᠣᠭᠳᠣᠯᠤᠭᠤᠯᠵᠤ᠂ ᠣᠯᠠᠨ  ᠢᠶᠠᠷ ᠢᠶᠠᠨ ᠨᠢᠵᠢᠭᠢᠨᠡᠲᠡᠯ᠎ᠡ ᠠᠯᠠᠭ᠎ᠠ ᠲᠠᠰᠢᠪᠠ᠃      ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ᠂ ᠵᠡᠪᠰᠡᠭᠲᠦ ᠴᠠᠭᠳᠠᠭ᠎ᠠ ᠶᠢᠨ ᠦᠬᠠᠶ ᠶᠢᠨ ᠰᠠᠯᠪᠤᠷᠢ ᠠᠩᠭᠢ ᠶᠢᠨ ᠳᠠᠷᠤᠭ᠎ᠠ ᠪᠠᠶᠢᠯᠳᠤᠭᠴᠢ ᠵᠡᠷᠭᠡ 200 ᠭᠠᠷᠤᠶ ᠬᠥᠮᠦᠨ ᠲᠤᠬᠠᠶ ᠶᠢᠨ ᠲᠠᠯᠠᠪᠠᠶ ᠳᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号