ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠳᠡᠯᠭᠡᠷᠡᠭᠦᠯᠬᠦ ᠠᠶᠠᠯᠠᠯ︾ ᠤᠨ ᠠᠵᠢᠯᠯᠠᠭ᠎ᠠ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/12
     ᠣᠶᠢᠷ᠎ᠠ ᠳᠤ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠳᠡᠯᠭᠡᠷᠡᠭᠦᠯᠬᠦ ᠠᠶᠠᠯᠠᠯ︾ ᠤᠨ ᠦᠬᠠᠶ ᠥᠷᠲᠡᠭᠡ ᠶᠢᠨ ᠨᠠᠮᠤᠷ ᠤᠨ ᠤᠯᠠᠷᠢᠯ ᠤᠨ ᠠᠵᠢᠯᠯᠠᠭ᠎ᠠ ᠮᠠᠨ ᠤ ᠬᠤᠲᠠ ᠳᠤ ᠶᠠᠪᠤᠭᠳᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠣᠬᠢᠶᠠᠯᠴᠢᠳ ᠤᠨ ᠢᠯᠡᠳᠭᠡᠯ ᠤᠨ ᠪᠦᠯᠬᠦᠮ ᠤᠨ ᠲᠤᠰᠬᠠᠶ ᠮᠡᠷᠭᠡᠵᠢᠯᠲᠡᠨ ᠤ ᠪᠦᠯᠬᠦᠮ ᠪᠣᠯᠤᠨ ᠮᠠᠨ ᠤ ᠬᠤᠲᠠ ᠶᠢᠨ ᠲᠤᠰᠬᠠᠶ ᠮᠡᠷᠭᠡᠵᠢᠯᠲᠡᠨ ᠬᠠᠮᠲᠤᠷᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠬᠡᠷᠡᠭᠯᠡᠭᠡᠨ ᠤ ᠮᠡᠷᠭᠡᠵᠢᠯ ᠤᠨ ᠵᠢᠯᠣᠭᠤᠳᠣᠯᠭ᠎ᠠ ᠵᠡᠷᠭᠡ ᠣᠯᠠᠨ ᠬᠦᠷᠢᠶᠡᠨ ᠤ ᠠᠵᠢᠯᠯᠠᠭ᠎ᠠ ᠥᠷᠨᠢᠭᠦᠯᠵᠦ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠨᠢ ᠲᠣᠭᠲᠠᠭᠤᠨ ᠢᠶᠠᠷ ᠳᠡᠭᠡᠭᠰᠢᠯᠡᠭᠦᠯᠬᠦ ᠳᠤ ᠪᠠᠲᠤᠯᠠᠭ᠎ᠠ ᠬᠠᠩᠭᠠᠪᠠ᠃      ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ᠂ ︽ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ  ᠲᠣᠮᠣ ᠤᠯᠤᠰ ᠤᠨ ᠴᠢᠬᠤᠯᠠ ᠵᠡᠪᠰᠡᠭ ᠢ ᠦᠢᠯᠡᠳᠦᠶ᠎ᠡ︾ ᠭᠡᠬᠦ ᠭᠤᠤᠯ ᠰᠡᠳᠦᠪᠲᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠥᠭᠵᠢᠶᠡᠨᠲᠡᠶ ᠶᠠᠪᠤᠭᠳᠠᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠤᠨ ᠪᠠᠭᠰᠢ ᠰᠦᠨ ᠶᠢᠩ ᠴᠥᠮ᠎ᠡ ᠶᠢᠨ ᠪᠥᠮᠪᠦᠭᠡ ᠶᠢᠨ ᠨᠢᠭᠤᠴᠠ ᠪᠠᠷ ᠦᠢᠯᠡᠳᠦᠭᠰᠡᠨ ᠴᠠᠭ ᠦᠶ᠎ᠡ ᠳᠤ ᠣᠪᠣᠭ ᠨᠡᠷ᠎ᠡ ᠪᠠᠨ ᠪᠤᠷᠤᠭᠤᠯᠠᠵᠤ ᠪᠠᠶᠢᠭᠰᠠᠨ ᠰᠢᠨᠵᠢᠯᠡᠬᠦ ᠣᠬᠠᠭᠠᠨᠳᠠᠳ ᠤᠨ ᠬᠦᠮᠦᠰ ᠤᠨ ᠰᠡᠳᠭᠢᠯ ᠢ ᠣᠶᠠᠷᠠᠭᠤᠯᠤᠮ᠎ᠠ ᠦᠢᠯᠡ ᠠᠵᠢᠯᠯᠠᠭ᠎ᠠ ᠶᠢ ᠶᠠᠷᠢᠬᠤ ᠪᠠᠷ ᠳᠠᠮᠵᠢᠨ᠂ ᠦᠨᠡᠨ ᠪᠣᠳᠠᠲᠠᠢ ᠦᠯᠢᠭᠡᠷ ᠢ ᠣᠯᠠᠨ ᠳᠤ ᠳᠡᠯᠭᠡᠨ ᠦᠵᠡᠭᠦᠯᠪᠡ᠃ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠤ ᠡᠬᠡ ᠤᠯᠤᠰ ᠤᠨ ᠢᠶᠠᠨ ᠪᠦᠲᠦᠭᠡᠨ ᠪᠠᠶᠢᠭᠤᠯᠤᠯᠲᠠ ᠶᠢᠨ ᠲᠥᠯᠥᠭᠡ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠬᠦᠯᠦᠭᠰᠡᠨ ᠵᠣᠷᠢᠭ ᠰᠠᠨᠠᠭ᠎ᠠ ᠨᠢ ᠲᠤᠬᠠᠢ ᠶᠢᠨ ᠲᠠᠯᠠᠪᠠᠢ ᠳᠤ ᠪᠠᠶᠢᠭᠰᠠᠨ ᠰᠤᠷᠤᠭᠴᠢᠳ ᠤᠨ ᠰᠡᠳᠭᠢᠯ ᠢ ᠨᠢ ᠳᠣᠭᠳᠣᠯᠤᠭᠤᠯᠪᠡ᠃ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠯᠦ ᠱᠣᠤ ᠵᠧ᠄ ︽ᠪᠠᠭᠰᠢ ᠶᠢᠨ ᠶᠠᠷᠢᠭᠰᠠᠨ ᠨᠢ ᠱᠣᠭᠲᠠᠢ ᠮᠥᠷᠲᠡᠭᠡᠨ ᠠᠮᠢᠳᠤᠯᠢᠭ ᠪᠤᠯᠵᠠᠢ᠂ ᠪᠢᠳᠡ ᠡᠷᠬᠡᠪᠰᠢ ᠥᠪᠡᠷ ᠤᠨ ᠤᠯᠤᠰ ᠢᠶᠠᠨ ᠬᠠᠶᠢᠷᠠᠯᠠᠵᠤ᠂ ᠴᠢᠶᠠᠨ ᠰᠢᠤᠸᠠᠢ ᠰᠧᠨ ᠵᠡᠷᠭᠡ ᠠᠭᠤᠤ ᠶᠡᠭᠡ ᠰᠢᠨᠵᠢᠯᠡᠬᠦ ᠤᠬᠠᠭᠠᠨᠲᠠᠨ ᠲᠠᠢ ᠠᠳᠠᠯᠢ ᠪᠠᠷ ᠡᠬᠡ ᠤᠯᠤᠰ ᠤᠨ ᠢᠶᠠᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃      11 ᠰᠠᠷ᠎ᠠ ᠠᠴᠠ ᠡᠬᠢᠯᠡᠨ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠳᠡᠯᠭᠡᠷᠡᠭᠦᠯᠬᠦ ᠠᠶᠠᠯᠠᠯ︾ ᠤᠨ ᠨᠠᠮᠤᠷ ᠤᠨ ᠤᠯᠠᠷᠢᠯ ᠤᠨ ᠠᠵᠢᠯᠯᠠᠭ᠎ᠠ ᠶᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠵᠠᠯᠠᠭᠤᠴᠤᠳ ᠪᠠᠭᠠᠴᠤᠳ᠂ ᠮᠠᠯᠴᠢᠨ ᠲᠠᠷᠢᠶᠠᠴᠢᠨ᠂ ᠠᠵᠤ ᠦᠢᠯᠡᠰ ᠤᠨ ᠠᠵᠢᠯᠴᠢᠨ ᠵᠡᠷᠭᠡ ᠲᠠᠪᠤᠨ ᠶᠡᠭᠡ ᠲᠥᠷᠥᠯ ᠤᠨ ᠬᠥᠮᠦᠰ ᠢ ᠭᠤᠤᠯᠳᠠᠯᠭ᠎ᠠ ᠲᠠᠢ ᠬᠠᠮᠤᠷᠴᠤ᠂ ᠲᠤᠰᠬᠠᠶ ᠮᠡᠷᠭᠡᠵᠢᠯᠲᠡᠳ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠠᠷᠠᠳ ᠲᠤ ᠠᠰᠢᠭ ᠬᠦᠷᠲᠡᠭᠡᠬᠦ᠂ ᠠᠷᠠᠳ ᠢ ᠲᠤᠰᠠᠯᠠᠬᠤ ᠶᠢ ᠦᠨᠡᠨ ᠬᠦ ᠪᠡᠶᠡᠯᠡᠭᠦᠯᠪᠡ᠃ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠳᠡᠯᠭᠡᠷᠡᠭᠦᠯᠬᠦ ᠠᠶᠠᠯᠠᠯ︾ ᠤᠨ ᠠᠵᠢᠯᠯᠠᠭ᠎ᠠ ᠮᠠᠨ ᠤ ᠬᠤᠲᠠ ᠳᠤ ᠨᠢᠭᠡᠨᠲᠡ 7 ᠵᠢᠯ ᠶᠠᠪᠤᠭᠳᠠᠵᠤ᠂ ᠤᠷᠢᠳ ᠬᠤᠵᠢᠳ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ ᠵᠡᠷᠭᠡ ᠨᠠᠷᠠᠲᠤ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠵᠢᠴᠢ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠡᠯ᠎ᠡ ᠬᠦᠷᠢᠶᠡᠨ ᠤ ᠲᠤᠰᠬᠠᠶ ᠮᠡᠷᠭᠡᠵᠢᠯᠲᠡᠨ ᠫᠷᠤᠹᠧᠰᠰᠤᠷ 150 ᠭᠠᠷᠤᠶ ᠬᠥᠮᠦᠨ ᠢ ᠤᠷᠢᠵᠤ᠂ ᠨᠡᠶᠢᠲᠡ 10 ᠲᠦᠮᠡ ᠭᠠᠷᠤᠶ ᠬᠥᠮᠦᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号