ᠰᠤᠷᠭᠠᠨ ᠬᠥᠮᠦᠵᠢᠯ ᠤᠨ ᠶᠠᠮᠤᠨ᠄ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠴᠡᠴᠡᠷᠯᠢᠭ ᠲᠤ ᠣᠷᠣᠬᠤ ᠳᠤ ᠶᠠᠮᠠᠷᠪᠠ ᠬᠡᠯᠪᠡᠷᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ ᠬᠢᠵᠦ ᠪᠣᠯᠬᠤ ᠥᠬᠡᠶ
ᠨᠡᠶᠢᠲᠡᠯᠡᠭᠰᠡᠨ ᠴᠠᠭ᠄
2024/11/13
     ᠰᠤᠷᠭᠠᠨ ᠬᠥᠮᠦᠵᠢᠯ ᠤᠨ ᠬᠠᠤᠯᠢ ᠶᠢᠨ ᠲᠤᠬᠠᠶ ᠲᠠᠶᠢᠯᠤᠮᠵᠢ ᠬᠢᠪᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠤᠨ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠤᠯᠤᠰ ᠠᠴᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠬᠤᠲᠠ ᠬᠥᠳᠡᠭᠡ ᠶᠢ ᠬᠠᠮᠤᠷᠤᠭᠰᠠᠨ᠂ ᠪᠠᠶᠢᠷᠢᠰᠢᠯ ᠨᠢ ᠵᠦᠶ ᠵᠣᠬᠢᠰᠲᠠᠶ᠂ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠲᠠᠢ᠂ ᠠᠮᠤᠷ ᠲᠦᠪᠰᠢᠨ ᠴᠢᠨᠠᠷ ᠰᠠᠶᠢᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ ᠭᠡᠵᠦ ᠲᠣᠭᠲᠠᠭᠠᠪᠠ᠃ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠤᠨ ᠬᠡᠯᠡᠬᠦ ᠳᠡᠭᠡᠨ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢᠨ ᠠᠵᠢᠯᠯᠠᠵᠤ ᠪᠠᠶᠢᠭ᠎ᠠ ᠪᠤᠶᠤ ᠰᠠᠭᠤᠵᠤ ᠪᠠᠶᠢᠭ᠎ᠠ ᠭᠠᠵᠠᠷ ᠣᠷᠣᠨ ᠤ ᠣᠶᠢᠷ᠎ᠠ ᠬᠠᠪᠢ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠭᠥᠷᠳᠡᠬᠦ ᠳᠤ ᠲᠥᠬᠦᠮ ᠦᠵᠡᠭᠦᠯᠬᠦ ᠶᠢ ᠠᠬᠢᠭᠤᠯᠬᠤ ᠬᠡᠷᠡᠭᠲᠡᠶ︔ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠴᠡᠴᠡᠷᠯᠢᠭ ᠲᠤ ᠣᠷᠣᠬᠤ ᠳᠤ ᠶᠠᠮᠠᠷᠪᠠ ᠬᠡᠯᠪᠡᠷᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ ᠬᠢᠵᠦ ᠪᠣᠯᠬᠤ ᠥᠬᠡᠶ᠃ ᠠᠰᠠᠷᠠᠨ ᠬᠥᠮᠦᠵᠢᠭᠦᠯᠬᠦ ᠪᠠ ᠰᠤᠷᠭᠠᠨ ᠬᠦᠮᠦᠵᠢᠬᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠠᠰᠠᠷᠠᠨ ᠬᠥᠮᠦᠵᠢᠭᠦᠯᠬᠦ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠦ᠂ ᠠᠰᠠᠷᠠᠨ ᠬᠥᠮᠦᠵᠢᠭᠦᠯᠬᠦ ᠪᠠ ᠰᠤᠷᠭᠠᠨ ᠬᠥᠮᠦᠵᠢᠭᠦᠯᠬᠦ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠶᠢ ᠴᠢᠬᠤᠯᠠᠴᠢᠯᠠᠵᠤ᠂ ᠪᠠᠭ᠎ᠠ ᠰᠤᠷᠭᠠᠭᠤᠯᠢ ᠶᠢᠨ ᠱᠠᠳᠤᠨ ᠤ ᠬᠢᠴᠢᠶᠡᠯ ᠤᠨ ᠠᠭᠤᠯᠭ᠎ᠠ ᠶᠢ ᠵᠢᠭᠠᠨ ᠰᠤᠷᠭᠠᠵᠤ ᠪᠣᠯᠬᠤ ᠦᠭᠡᠶ ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号